ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠦᠶᠡᠷ ᠤᠨ ᠬᠤᠭᠤᠴᠠᠭᠠᠨ ᠤ ᠦᠶᠡᠷ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠪᠠ
ᠨᠡᠶᠢᠲᠡᠯᠡᠭᠰᠡᠨ ᠴᠠᠭ᠄
2021/7/30
       2021 ᠣᠨ ᠳᠤ ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠮᠠᠯᠴᠢᠨ ᠲᠠᠷᠢᠶᠠᠴᠢᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠦᠶᠡᠷ ᠢ ᠰᠡᠷᠭᠡᠶᠢᠯᠡᠵᠦ ᠦᠶᠡᠷ ᠢ ᠥᠩᠭᠡᠷᠡᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠡᠯ᠎ᠡ ᠵᠦᠶᠯ ᠤᠨ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠦᠨᠡᠨ ᠬᠦ ᠰᠠᠶᠢᠲᠤᠷ ᠬᠢᠪᠠ  ᠃      ᠨᠢᠭᠡ ᠳᠤ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠵᠢᠵᠢᠭᠦᠷ ᠤᠨ ᠲᠣᠬᠢᠷᠠᠭᠤᠯᠤᠯᠲᠠ ᠶᠢ ᠴᠢᠩᠭᠠᠷᠠᠭᠤᠯᠤᠨ᠎ᠠ  ᠃ ᠦᠶᠡᠷ ᠢ ᠰᠡᠷᠭᠡᠶᠢᠯᠡᠬᠦ ᠠᠵᠢᠯ ᠤᠨ ᠲᠤᠰᠬᠠᠶ ᠰᠡᠳᠦᠪᠲᠦ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠦᠶᠡᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠷ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠤᠳᠤᠷᠢᠳᠤᠯᠭ᠎ᠠ ᠵᠢᠵᠢᠭᠦᠷ ᠳᠠᠭᠠᠭᠤᠯᠬᠤ᠂ ᠮᠡᠷᠭᠡᠵᠢᠯ ᠤᠨ ᠠᠵᠢᠯᠲᠠᠨ ᠵᠢᠵᠢᠭᠦᠷᠯᠡᠬᠦ ᠪᠠ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠪᠠᠶᠢᠳᠠᠯ ᠲᠤᠯᠭᠠᠷᠠᠪᠠᠯ ᠴᠠᠭ ᠲᠤᠬᠠᠶ ᠳᠤᠨᠢ ᠰᠢᠶᠳᠪᠦᠷᠢᠯᠡᠬᠦ ᠶᠢ ᠦᠨᠡᠨ ᠬᠦ ᠪᠠᠲᠤᠯᠠᠨ᠎ᠠ᠃ ᠬᠦᠨᠳᠦ ᠶᠡᠭᠡ ᠭᠠᠮᠰᠢᠭ ᠭᠠᠷᠪᠠᠯ ᠲᠡᠷᠡ ᠳᠠᠷᠤᠶ ᠳᠤᠨᠢ ᠳᠡᠭᠡᠭᠰᠢ ᠮᠡᠳᠡᠭᠦᠯᠬᠦ ᠶᠢ ᠦᠨᠡᠨᠬᠦ ᠪᠠᠲᠤᠯᠠᠵᠤ᠂ ᠬᠦᠨᠳᠦ ᠶᠡᠭᠡ ᠭᠠᠮᠰᠢᠭ ᠭᠠᠷᠤᠭᠰᠠᠨ ᠭᠠᠵᠠᠷ ᠣᠷᠣᠨ ᠳᠤ 24 ᠴᠠᠭ ᠢᠶᠠᠷ ᠮᠡᠳᠡᠭᠦᠯᠬᠦ ᠳᠦᠷᠢᠮ ᠢ ᠠᠪᠴᠤ᠂ ᠬᠠᠮᠢᠶ᠎ᠠ ᠪᠦᠬᠦᠢ ᠪᠠᠶᠢᠳᠠᠯ ᠢ ᠡᠳᠦᠷ ᠪᠦᠷᠢ ᠲᠣᠭᠲᠠᠭᠰᠠᠨ ᠴᠠᠭ ᠲᠤ ᠳᠡᠭᠡᠭᠰᠢ ᠮᠡᠳᠡᠭᠦᠯᠵᠦ᠂ ᠪᠠᠴᠢᠮ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠬᠦᠯᠦᠨ᠎ᠡ  ᠃       ᠬᠤᠶᠠᠷ ᠲᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ  ᠃ ᠲᠤᠬᠠᠶ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠠᠮᠢᠳᠤᠷᠠᠯ ᠤᠨ ᠳᠠᠳᠬᠠᠯ ᠢ ᠦᠨᠳᠦᠰᠦᠯᠡᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠮᠡᠷᠭᠡᠵᠢᠯ ᠤᠨ ᠰᠠᠯᠠᠭ᠎ᠠ ᠮᠥᠴᠢᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠮᠠᠯᠴᠢᠨ ᠲᠠᠷᠢᠶᠠᠴᠢᠨ ᠢ ᠵᠢᠯᠣᠭᠤᠳᠤᠨ ᠭᠠᠮᠰᠢᠭ ᠤᠨ ᠳᠤᠮᠳᠠ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠭᠠᠮᠰᠢᠭ ᠤᠨ ᠬᠤᠬᠢᠷᠠᠯ ᠢ ᠪᠠᠭᠠᠰᠬᠠᠨ᠎ᠠ︔ ᠵᠢᠭᠠᠰᠤᠨ ᠣᠩᠭᠤᠴᠠ᠂ ᠲᠡᠵᠢᠭᠡᠨ ᠦᠷᠡᠵᠢᠭᠦᠯᠬᠦ ᠲᠥᠬᠦᠭᠡᠷᠦᠮᠵᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠠᠵᠢᠯᠲᠠᠨ ᠤ ᠠᠮᠤᠷ ᠲᠦᠪᠰᠢᠨ ᠢ ᠪᠠᠲᠤᠯᠠᠨ᠎ᠠ︔ ᠮᠡᠷᠭᠡᠵᠢᠯ ᠎ ᠤᠨ ᠠᠵᠢᠯᠲᠠᠨ ᠢ ᠵᠣᠬᠢᠶᠠᠨ ᠪᠠᠶᠢᠭᠤᠯᠤᠨ ᠲᠠᠷᠢᠶᠠᠴᠢᠨ ᠮᠠᠯᠴᠢᠳ ᠢ ᠵᠢᠯᠣᠭᠤᠳᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭ᠎ᠠ ᠠᠳᠬᠠᠵᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠂ ᠭᠠᠮᠰᠢᠭ ᠭᠠᠷᠬᠤ ᠶᠢ ᠰᠡᠷᠭᠡᠶᠢᠯᠡᠬᠦ ᠬᠡᠷᠡᠭᠲᠡᠶ︔ ᠮᠠᠯᠴᠢᠨ ᠲᠠᠷᠢᠶᠠᠴᠢᠳ ᠲᠤ ᠭᠠᠮᠰᠢᠭ ᠤᠨ ᠳᠠᠷᠠᠭ᠎ᠠ ᠳᠠᠭᠠᠳᠬᠠᠯ ᠤᠨ ᠺᠣᠮᠫᠠᠨᠢ ᠳᠤ ᠴᠠᠭ ᠲᠤᠬᠠᠶ ᠳᠤᠨᠢ ᠭᠠᠮᠰᠢᠭ ᠮᠡᠳᠡᠭᠦᠯᠬᠦ ᠶᠢ ᠰᠠᠨᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠤᠨ᠂ ᠲᠠᠷᠢᠶᠠᠯᠠᠩ ᠤᠨ ᠳᠠᠭᠠᠳᠬᠠᠯ ᠤᠨ ᠺᠣᠮᠫᠠᠨᠢ ᠶᠢ ᠰᠢᠮᠳᠠᠭᠤᠯᠤᠨ ᠬᠠᠪᠰᠤᠷᠴᠤ ᠪᠠᠶᠢᠭᠠᠳ ᠭᠠᠮᠰᠢᠭ ᠤᠨ ᠳᠠᠷᠠᠭᠠᠬᠢ ᠬᠠᠶᠢᠨ ᠪᠠᠶᠢᠴᠠᠭᠠᠵᠤ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠮᠠᠯᠴᠢᠨ ᠲᠠᠷᠢᠶᠠᠴᠢᠳ ᠢ ᠬᠠᠪᠰᠤᠷᠤᠨ ᠦᠶᠯᠡᠳᠪᠦᠷᠢᠯᠡᠯ ᠢ ᠨᠢ ᠰᠡᠷᠭᠦᠭᠡᠨ᠂ ᠭᠠᠮᠰᠢᠭ ᠠᠴᠠ ᠪᠣᠯᠤᠭᠰᠠᠨ ᠬᠤᠬᠢᠷᠠᠯ ᠢ ᠪᠠᠭᠠᠰᠬᠠᠨ᠎ᠠ᠃      ᠭᠤᠷᠪᠠ ᠳᠤ ᠦᠶᠡᠷ ᠤᠨ ᠬᠤᠭᠤᠴᠠᠭᠠᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠶᠠᠭᠠᠷᠠᠪᠠᠴᠤ ᠰᠠᠮᠠᠭᠤᠷᠠᠬᠤ ᠥᠬᠡᠶ ᠪᠠᠶᠢᠬᠤ ᠶᠢ ᠪᠡᠶᠡᠯᠡᠭᠦᠯᠪᠡ  ᠃ ᠤᠳᠠᠭ᠎ᠠ ᠪᠦᠷᠢ ᠶᠢᠨ ᠰᠢᠷᠦᠭᠦᠨ ᠪᠣᠷᠣᠭᠠᠨ ᠢᠶᠠᠷ ᠦᠶᠡᠯᠡᠯ ᠪᠣᠯᠭᠠᠵᠤ᠂ ᠪᠣᠷᠣᠭᠠᠨ ᠤ ᠡᠮᠦᠨ᠎ᠡ᠂ ᠪᠣᠷᠣᠭᠠᠨ ᠤ ᠳᠤᠮᠳᠠ᠂ ᠪᠣᠷᠣᠭᠠᠨ ᠤ ᠳᠠᠷᠠᠭᠠᠬᠢ ᠴᠠᠭᠳᠠᠨ ᠪᠠᠶᠢᠴᠠᠭᠠᠬᠤ ᠠᠵᠢᠯ ᠎ ᠢ ᠰᠠᠶᠢᠲᠤᠷ ᠠᠳᠬᠤᠨ᠎ᠠ  ᠃ ᠠᠵᠢᠯᠲᠠᠨ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠭᠤᠤᠯᠳᠠᠯᠭ᠎ᠠ ᠲᠠᠢ ᠲᠠᠷᠢᠶᠠᠯᠠᠩ ᠳᠤ ᠬᠤᠯᠪᠣᠭᠳᠠᠬᠤ ᠬᠦᠷᠢᠶ᠎ᠡ᠂ ᠬᠦᠨᠳᠦ ᠶᠡᠭᠡ ᠳᠠᠯᠳᠠ ᠭᠡᠮ ᠤᠨ ᠴᠢᠭ᠂ ᠭᠤᠤᠯᠳᠠᠯᠭ᠎ᠠ ᠲᠠᠢ ᠲᠠᠷᠢᠶᠠᠨ ᠭᠠᠵᠠᠷ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠰᠠᠭᠤᠷᠢᠨ ᠭᠠᠵᠠᠷ᠂ ᠭᠤᠤᠯᠳᠠᠯᠭ᠎ᠠ ᠲᠠᠢ ᠭᠡᠮ ᠰᠣᠭᠤᠭ ᠠᠶᠤᠯᠲᠠᠶ ᠤᠰᠤᠨ ᠴᠥᠭᠦᠷᠥᠮ᠂ ᠵᠢᠭᠠᠰᠤᠨ ᠴᠥᠭᠦᠷᠥᠮ᠂ ᠬᠠᠰᠢᠯᠭ᠎ᠠ ᠪᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠬᠤᠲᠣᠭᠤᠷ ᠣᠷᠣᠨ᠂ ᠭᠤᠯᠳᠤᠩ ᠬᠥᠨᠳᠡᠶ ᠶᠢ ᠲᠣᠭᠤᠷᠢᠨ ᠪᠠᠶᠢᠴᠠᠭᠠᠨ᠎ᠠ︔ ᠲᠣᠰᠬᠤᠨ᠂ ᠬᠤᠷᠰᠢᠶ᠎ᠠ ᠶᠢᠨ ᠬᠥᠮᠦᠰ ᠤᠨ ᠣᠷᠣᠰᠢᠨ ᠰᠠᠭᠤᠵᠤ ᠪᠠᠶᠢᠭ᠎ᠠ ᠰᠢᠪᠠᠷ ᠪᠠᠶᠢᠰᠢᠩ᠂ ᠨᠤᠷᠠᠬᠤ ᠠᠶᠤᠯᠲᠠᠶ ᠭᠡᠷ ᠪᠠᠶᠢᠰᠢᠩ ᠢ ᠲᠣᠭᠤᠷᠢᠨ ᠪᠠᠶᠢᠴᠠᠭᠠᠬᠤ ᠶᠢ ᠴᠢᠩᠭᠠᠳᠬᠠᠨ᠎ᠠ︔ ᠲᠡᠵᠢᠭᠡᠨ ᠦᠷᠡᠵᠢᠭᠦᠯᠬᠦ ᠦᠶᠯᠡᠳᠪᠦᠷᠢ ᠶᠢᠨ ᠬᠡᠷ ᠪᠠᠶᠢᠰᠢᠩ᠂ ᠲᠦᠬᠦᠭᠡᠷᠤᠮᠵᠢᠳᠤ ᠲᠠᠷᠢᠶᠠᠯᠠᠩ ᠤᠨ ᠰᠠᠭᠤᠷᠢᠨ ᠭᠠᠵᠠᠷ ᠢ ᠴᠠᠭᠳᠠᠨ ᠪᠠᠶᠢᠴᠠᠭᠠᠬᠤ ᠶᠢᠨ ᠬᠠᠮᠲᠤ᠂ ᠣᠯᠠᠨ ᠲᠦᠮᠡᠨ ᠢ ᠢᠳᠡᠪᠬᠢᠲᠡᠶ ᠳᠠᠶᠢᠴᠢᠯᠠᠵᠤ᠂ ᠪᠣᠷᠣᠭᠠᠨ ᠤ ᠡᠮᠦᠨ᠎ᠡ᠂ ᠪᠣᠷᠣᠭᠠᠨ ᠤ ᠳᠤᠮᠳᠠ᠂ ᠪᠣᠷᠣᠭᠠᠨ ᠤ ᠳᠠᠷᠠᠭ᠎ᠠ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠵᠦ᠂ ᠣᠯᠠᠨ ᠲᠦᠮᠡᠨ ᠎ ᠳᠤ ᠥᠪᠡᠷ ᠤᠨ ᠬᠡᠷ ᠤᠨ ᠢᠶᠠᠨ ᠡᠮᠦᠨ᠎ᠡ ᠬᠤᠶᠢᠨ᠎ᠠ᠂ ᠬᠠᠯᠬᠠᠪᠴᠢ ᠬᠡᠷᠡᠮ ᠨᠢ ᠪᠠᠯ ᠶᠡᠭᠦᠷᠡᠭᠰᠡᠨ ᠡᠰᠡᠬᠦ᠂ ᠨᠤᠷᠠᠬᠤ ᠠᠶᠤᠯᠲᠠᠶ ᠪᠠᠶᠢᠳᠠᠯ ᠣᠷᠣᠰᠢᠵᠤ ᠪᠠᠶᠢᠬᠤ ᠡᠰᠡᠬᠦ ᠶᠢ ᠴᠠᠭ ᠲᠤᠬᠠᠶ ᠳᠤᠨᠢ ᠰᠠᠨᠠᠭᠤᠯᠵᠤ᠂ ᠬᠥᠮᠦᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠨ᠎ᠠ  ᠃      ᠳᠥᠷᠪᠡ ᠳᠤ ᠭᠠᠮᠰᠢᠭ ᠤᠨ ᠴᠢᠨᠠᠷᠲᠠᠶ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠤᠬᠠᠭᠤᠯᠭ᠎ᠠ ᠶᠢ ᠴᠢᠩᠭᠠᠳᠬᠠᠵᠤ᠂ ᠣᠯᠠᠨ ᠲᠦᠮᠡᠨ ᠤ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠷᠠᠳᠢᠣ᠋ ᠨᠡᠪᠲᠡᠷᠡᠭᠦᠯᠭᠡ᠂ ᠸᠢᠴᠠᠲ ᠤᠨ ᠴᠤᠭᠯᠠᠷᠠᠯ᠂ ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠭᠦᠶᠴᠡᠳ ᠠᠰᠢᠭᠯᠠᠨ᠂ ᠦᠶᠡᠷ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠤ ᠦᠶᠡᠷ ᠢ ᠰᠡᠷᠭᠡᠶᠢᠯᠡᠵᠦ ᠰᠠᠨᠠᠭᠠᠰᠢᠷᠠᠨ ᠵᠣᠪᠠᠨᠢᠬᠤ ᠤᠬᠠᠮᠰᠠᠷ᠂ ᠬᠠᠷᠢᠭᠤᠴᠠᠯᠭᠠᠲᠤ ᠤᠬᠠᠮᠰᠠᠷ ᠢ ᠳᠡᠭᠡᠭᠰᠢᠯᠡᠭᠦᠯᠦᠨ᠎ᠡ︔ ᠴᠠᠭ ᠲᠤᠬᠠᠶ ᠳᠤᠨᠢ ᠰᠡᠷᠡᠮᠵᠢᠯᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠬᠤ᠂ ᠢᠯᠠᠩᠭᠤᠶ᠎ᠠ ᠮᠥᠨᠳᠥᠷ ᠤᠨ ᠭᠠᠮᠰᠢᠭ ᠪᠣᠯᠤᠨ ᠰᠢᠷᠦᠭᠦᠨ ᠪᠣᠷᠣᠭᠠᠨ ᠢ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠤ ᠦᠢᠯᠡᠳᠪᠦᠷᠢᠯᠡᠯ ᠤᠨ ᠠᠶᠤᠯ ᠦᠭᠡᠶ ᠶᠢ ᠪᠠᠳᠤᠯᠠᠨ᠎ᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号