2021 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2021/7/30
                                 2021 ᠣᠨ ᠤ 3 ᠰᠠᠷ᠎ᠠ ᠶᠢᠨ 24᠎ ᠤ ᠡᠳᠦᠷ ᠡᠵᠡᠨ ᠬᠤᠷᠤᠭ᠎ᠠ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ     ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ   ᠰᠤ᠋ ᠰᠢᠨ ᠶᠠᠲᠦᠯᠦᠬᠡᠯᠡᠭᠴᠢᠳ ᠡ᠄    ᠣᠲᠣ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠲᠡᠪᠰᠢᠬᠦᠯᠬᠦ ᠪᠣᠯᠪᠠᠤ᠃     ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠬᠡ ᠶᠢᠨ ᠬᠤᠭᠤᠴᠠᠭᠠᠨ ᠤ ᠠᠵᠢᠯ ᠤᠨ ᠡᠷᠭᠢᠴᠡᠭᠦᠯᠦᠯ   2020 ᠣᠨ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠎ ᠤ ᠡᠯ᠎ᠡ ᠲᠦᠷᠦᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠵᠤ᠂ ᠪᠦᠬᠦ ᠬᠦᠴᠦ ᠪᠠᠷ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠣᠰ ᠢᠯᠠᠯᠲᠠ ᠶᠢ ᠣᠯᠵᠤ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠦᠷᠬᠦᠯᠵᠢᠯᠡᠨ ᠲᠡᠬᠡᠭᠰᠢᠯᠡᠪᠡ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠎ ᠤᠨ ᠶᠡᠷᠦᠩᠬᠡᠢ ᠥᠷᠲᠡᠭ ᠢ 710.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠬᠤᠲᠠ ᠶᠢᠨ 2 ᠳ᠋ᠤᠭᠠᠷ ᠲᠤ ᠣᠷᠣᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 5%᠎ ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 75.7 ᠳ᠋ᠦᠩᠰᠢᠭᠤᠷ ᠲᠥᠭᠦᠷᠢᠭ᠂ 0.7%᠎ ᠪᠠᠷ ᠨᠡᠮᠡᠭᠳᠡᠪᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 52132 ᠲᠥᠭᠦᠷᠢᠭ ᠪᠠ 21605 ᠲᠥᠭᠦᠷᠢᠭ ᠲᠤ ᠬᠦᠷᠴᠦ᠂ ᠲᠤᠰ ᠪᠦᠷᠢ 1.5% ᠪᠠ 7.7%᠎ ᠪᠠᠷ ᠨᠡᠮᠡᠭᠳᠡᠪᠡ᠃ ᠭᠠᠵᠠᠷ ᠣᠷᠣᠨ ᠤ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠭᠤᠷᠪᠠᠨ ᠵᠢᠯ ᠳᠠᠷᠠᠭᠠᠯᠠᠨ ᠪᠥᠬᠦ ᠣᠷᠣᠨ ᠤ ᠲᠡᠷᠢᠭᠦᠨ ᠳᠤ ᠣᠷᠣᠵᠤ᠂ ︽ᠦᠨᠡᠨ︾ ᠰᠡᠳᠬᠦᠯ ᠤᠨ ᠰᠢᠭᠤᠳ ᠬᠠᠷᠢᠶᠠᠨ ᠎ ᠤ ︽ᠴᠢᠨᠡᠭᠡᠯᠢᠭ︾ ᠰᠡᠳᠬᠦᠯ ᠤᠨ ᠬᠤᠷᠢᠶ᠎ᠠ ᠶᠢᠨ ︽2020 ᠣᠨ ᠤ ᠳᠤᠮᠳᠠᠳᠤ ᠤᠯᠤᠰ ᠤᠨ ᠪᠥᠬᠦ ᠲᠠᠯ᠎ᠠ ᠪᠠᠷ ᠴᠢᠨᠡᠭᠡᠯᠢᠭᠵᠢᠭᠰᠡᠨ ᠠᠷᠪᠠᠨ ᠶᠡᠭᠡ ᠵᠢᠱᠢᠶ᠎ᠡ ᠦᠵᠡᠭᠦᠯᠬᠦ ᠰᠢᠶᠠᠨ︾᠎ ᠢᠶᠠᠷ ᠦᠨᠡᠯᠡᠭᠳᠡᠪᠡ᠃     ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠳᠡᠪᠬᠢᠲᠡᠢ ᠦᠷ᠎ᠡ ᠪᠦᠲᠦᠮᠵᠢ ᠤᠯᠪᠠ᠃ ᠪᠥᠬᠦ ᠬᠦᠴᠦᠨ ᠢᠶᠠᠷ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ 6600 ᠢᠯᠡᠬᠦᠦ ᠨᠠᠮ ᠤᠨ ᠬᠡᠰᠢᠬᠦᠨ ᠺᠠᠳ᠋ᠷ ᠤᠯᠠᠨ ᠲᠦᠮᠡᠨ ᠨᠢᠭᠡᠳᠦᠭᠡᠷ ᠹᠷᠣᠨᠲ ᠲᠤ ᠢᠳᠡᠪᠬᠢᠲᠡᠶ ᠣᠷᠣᠯᠴᠠᠵᠤ᠂ ᠨᠡᠶᠢᠬᠡᠮ ᠤᠨ ᠡᠯ᠎ᠡ ᠡᠳᠡᠬᠡᠳ ᠤᠨ ᠬᠦᠴᠦᠳᠠᠢ ᠲᠡᠮᠵᠢᠯᠬᠡ ᠢ ᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠬᠠᠮᠳᠤ ᠪᠠᠷ ᠰᠡᠷᠭᠡᠶᠢᠯᠡᠵᠦ ᠬᠠᠮᠳᠤ ᠪᠠᠷ ᠡᠵᠡᠮᠳᠡᠬᠦ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ︽ᠭᠠᠳᠠᠨ᠎ᠠ ᠠᠴᠠ ᠣᠷᠣᠵᠤ ᠢᠷᠡᠬᠦᠯᠬᠦ ᠥᠬᠡᠶ᠂ ᠬᠠᠯᠳᠠᠪᠤᠷᠢᠯᠠᠭᠤᠯᠬᠤ ᠥᠬᠡᠶ᠂ ᠤᠨᠤᠰᠢᠯᠠᠭᠳᠠᠬᠤ ᠥᠬᠡᠶ︾ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠪᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠎ ᠶᠢ ᠰᠡᠷᠭᠡᠶᠢᠯᠡᠬᠦ᠂ ᠬᠦᠮᠦᠨ ᠪᠤᠳᠠᠰ ᠢ ᠵᠡᠷᠭᠡ ᠪᠠᠷ ᠰᠡᠷᠭᠡᠶᠢᠯᠡᠬᠦ︾᠎ ᠶᠢ ᠪᠠᠷᠢᠮᠲᠠᠯᠠᠵᠤ᠂ ᠡᠯ᠎ᠡ ᠲᠦᠷᠦᠯ ᠤᠨ ᠪᠡᠯᠡ ᠮᠦᠩᠭᠦ ᠶᠢ 6000 ᠢᠯᠡᠬᠦᠦ ᠲᠦᠮᠡᠨ ᠲᠦᠬᠦᠷᠢᠭ ᠤᠷᠤᠭᠤᠯᠵᠤ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠶᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠬᠠᠷᠢᠶᠠᠳᠤ ᠤᠷᠤᠨ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ᠂ ᠬᠤᠪᠢ ᠬᠥᠮᠦᠨ ᠤ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠭᠤᠤᠯᠳᠠᠯᠭᠠᠳᠤ ᠭᠠᠵᠠᠷ ᠣᠷᠣᠨ ᠤ ᠬᠥᠮᠦᠰ ᠲᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠴᠢᠰᠤᠨ ᠴᠠᠶᠢᠪᠠᠩ ᠤᠨ ᠠᠨᠲ᠋ᠢᠪᠤᠳᠢ ᠶᠢ ᠰᠢᠯᠭᠠᠨ ᠪᠠᠶᠢᠴᠠᠭᠠᠬᠤ ᠪᠠ ᠪᠥᠭᠡᠮ ᠬᠦᠴᠢᠯ ᠢ ᠰᠢᠯᠭᠠᠨ ᠪᠠᠶᠢᠴᠠᠭᠠᠬᠤ 3 ᠲᠤᠷᠰᠢᠯᠲᠠ ᠶᠢᠨ ᠲᠠᠰᠤᠭ ᠢ ᠰᠢᠨ᠎ᠡ ᠪᠠᠷ ᠪᠠᠶᠢᠭᠤᠯᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠦᠷᠨᠢᠬᠦᠯᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠠᠯᠬᠠᠪᠴᠢ ᠶᠢ ᠰᠠᠶᠢᠳᠤᠷ ᠬᠢᠵᠦ᠂ ᠡᠯ᠎ᠡ ᠦᠨᠳᠦᠰᠦᠲᠡᠨ ᠤ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠦᠴᠦᠲᠡᠶ ᠬᠠᠮᠠᠭᠠᠯᠠᠪᠠ᠃   ︵ᠬᠤᠶᠠᠷ︶ ᠪᠦᠬᠦᠯᠢ ᠴᠣᠭᠴᠠ ᠶᠢᠨ ᠠᠵᠤ ᠠᠬᠤᠢ ᠶᠢᠨ ᠡᠷᠬᠢᠯᠳᠡ ᠲᠤᠭᠳᠠᠭᠤᠨ ᠢᠶᠠᠷ ᠳᠡᠭᠡᠭᠰᠢᠯᠡᠪᠡ᠃ ᠪᠦᠲᠦᠮᠵᠢᠲᠡᠢ ᠪᠡᠯᠡ ᠣᠷᠣᠭᠤᠯᠤᠯᠲᠠ ᠶᠢ ᠪᠦᠬᠦ ᠬᠦᠴᠦ ᠎ ᠪᠠᠷ ᠦᠷᠬᠡᠳᠬᠡᠵᠦ᠂ ᠭᠤᠤᠯᠳᠠᠯᠭᠠᠳᠤ ᠲᠥᠷᠥᠯ ᠵᠦᠢᠯ ᠢ ᠨᠢᠭᠡᠳᠦᠯᠲᠡᠢ ᠲᠦᠯᠦᠪᠵᠢᠬᠦᠯᠦᠨ ᠠᠬᠢᠭᠤᠯᠬᠤ ᠬᠤᠯᠪᠣᠭᠠᠯᠠᠨ ᠬᠥᠳᠡᠯᠦᠯᠴᠡᠬᠦ ᠲᠤᠭᠳᠠᠯᠴᠠᠭ᠎ᠠ ᠶᠢ ᠪᠠᠶᠢᠭᠤᠯᠵᠤ ᠂ 500 ᠲᠦᠮᠡᠨ ᠲᠥᠭᠦᠷᠢᠭ ᠠᠴᠠ ᠳᠡᠭᠡᠭᠰᠢᠬᠢ 252 ᠭᠤᠤᠯᠳᠠᠯᠭᠠᠳᠤ ᠲᠥᠷᠥᠯ ᠵᠦᠢᠯ ᠢ ᠬᠡᠷᠡᠭᠵᠢᠭᠦᠯᠵᠦ᠂ 115 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠬᠤᠲᠠ ᠶᠢᠨ ᠱᠠᠲᠤᠨ ᠠᠴᠠ ᠲᠤᠬᠢᠷᠠᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 30 ᠭᠤᠤᠯᠳᠠᠯᠭᠠᠳᠤ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠵᠦ᠂ 56.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠵᠢᠯ ᠡᠬᠢᠯᠡᠬᠦᠯᠦᠨ ᠰᠡᠷᠭᠦᠭᠡᠭᠰᠡᠨ ᠨᠣᠷᠮ᠎ᠠ ᠪᠦᠬᠦ ᠬᠤᠲᠠ ᠶᠢᠨ ᠨᠢᠭᠡᠳᠦᠭᠡᠷ ᠲᠤ ᠣᠷᠣᠵᠤ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠪᠦᠬᠦ ᠬᠤᠲᠠ ᠶᠢᠨ ᠬᠤᠶᠠᠳᠤᠭᠠᠷ ᠲᠤ ᠣᠷᠣᠪᠠ᠃ ᠬᠤᠳᠠᠯᠳᠤᠭᠠᠴᠢᠨ ᠤᠷᠢᠵᠤ ᠪᠠᠯᠠ ᠤᠷᠤᠭᠤᠯᠤᠨ ᠬᠡᠷ᠎ᠡ ᠲᠤᠭᠳᠠᠭᠰᠠᠨ ᠲᠦᠷᠦᠯ ᠵᠦᠢᠯ 42 ᠲᠥᠷᠥᠯ᠂ 33.2 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠪᠠ᠃ 14.3 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠭᠤᠤᠯᠳᠠᠯᠭᠠᠳᠤ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠬᠤ ᠳᠤ ᠬᠡᠷᠡᠭᠯᠡᠵᠦ᠂ ᠪᠡᠯᠡ ᠮᠥᠩᠭᠦ ᠶᠢ ᠤᠯᠤᠭᠰᠠᠨ ᠲᠤᠭ᠎ᠠ ᠪᠦᠬᠦ ᠬᠤᠲᠠ ᠶᠢᠨ ᠨᠢᠭᠡᠳᠦᠭᠡᠷ ᠲᠤ ᠤᠷᠤᠪᠠ᠃ ᠪᠦᠬᠦ ᠬᠦᠴᠦ ᠪᠠᠷ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠲᠦᠷᠢᠮᠵᠢᠭᠰᠡᠨ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ 2.1 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠨ ᠪᠣᠷᠣᠯᠠᠭᠤᠯᠵᠤ᠂ ᠴᠠᠬᠢᠯᠭᠠᠨ ᠭᠠᠷᠭᠠᠭᠰᠠᠨ ᠬᠡᠮᠵᠢᠶ᠎ᠡ 117.3 ᠳ᠋ᠦᠩᠰᠢᠭᠤᠷ ᠺᠢᠯᠦᠸᠠᠲ ᠴᠠᠭ᠂ 4.5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠨᠡᠭᠦᠷᠡᠰᠦ ᠪᠠᠷ ᠪᠠᠶᠢᠭᠠᠯᠢ ᠶᠢᠨ ᠰᠢᠲᠠᠮᠠᠬᠠᠶ ᠬᠡᠶ ᠦᠢᠯᠡᠳᠪᠦᠷᠢᠯᠡᠵᠦ᠂ ᠲᠣᠰ ᠪᠦᠷᠢ 8.8% ᠪᠠ 3.9%᠎ ᠪᠠᠷ ᠨᠡᠮᠡᠭᠳᠡᠪᠡ᠃ ᠪᠦᠬᠦ ᠬᠦᠴᠦ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠡᠯ᠎ᠡ ᠲᠥᠷᠥᠯ ᠤᠨ ᠠᠵᠤ ᠠᠬᠤᠶᠢᠯᠠᠯ ᠳᠤ 9.5 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠠᠰᠤᠨ ᠬᠡᠯᠲᠦᠷᠢᠭᠦᠯᠵᠦ᠂ 880.3 ᠲᠦᠮᠡᠨ ᠲᠥᠭᠦᠷᠢᠭ ᠤᠨ ᠨᠥᠬᠦᠪᠥᠷᠢ ᠲᠠᠷᠬᠠᠭᠠᠵᠤ᠂ ᠮᠥᠩᠭᠦᠨ ᠬᠦᠢᠯᠬᠡᠬᠡᠨ ᠢᠶᠠᠷ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 11.2% ᠪᠠ 19.6%᠎ ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠦᠢᠯᠡᠳᠬᠦᠨ ᠤ ᠥᠷᠲᠡᠭ᠂ ᠡᠵᠡᠩᠨᠡᠯᠲᠡ ᠶᠢᠨ ᠣᠷᠣᠯᠭ᠎ᠠ ᠪᠠ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠲᠣᠰ ᠲᠣᠰ 687.5 ᠳ᠋ᠦᠩᠰᠢᠭᠤᠷ ᠲᠥᠭᠦᠷᠢᠭ᠂ 791.2 ᠳ᠋ᠦᠩᠰᠢᠭᠤᠷ ᠲᠥᠭᠦᠷᠢᠭ ᠪᠠ 240.6 ᠳ᠋ᠦᠩᠰᠢᠭᠤᠷ ᠲᠥᠭᠦᠷᠢᠭ ᠲᠤ ᠬᠥᠷᠪᠡ᠃ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠬᠦ ᠬᠤᠲᠠ ᠳᠤ ᠡᠩ ᠲᠡᠷᠢᠬᠦᠨ ᠎ ᠳᠤ 1000 ᠲᠦᠮᠡᠨ ᠲᠥᠭᠦᠷᠢᠭ ᠤᠨ ︽ᠠᠷᠠᠳ ᠲᠤ ᠠᠰᠢᠭ ᠬᠦᠷᠲᠡᠭᠡᠬᠦ ᠡᠯᠧᠺᠲᠷᠤᠨ ᠬᠡᠷᠡᠭᠯᠡᠭᠡᠨ ᠤ ᠲᠡᠮᠳᠡᠭᠲᠦ︾ ᠪᠠ 1.4 ᠳ᠋ᠦᠩᠰᠢᠭᠤᠷ ᠲᠥᠭᠦᠷᠢᠭ ᠤᠨ ᠬᠤᠷᠢᠶᠠᠪᠠᠰᠤ ᠵᠣᠬᠢᠬᠤ ᠲᠠᠩᠰᠠᠨ ᠤ ᠵᠣᠭᠤᠰ ᠤᠨ ᠠᠪᠴᠠᠭᠠᠨ ᠤ ᠡᠷᠬᠡ ᠶᠢ ᠰᠢᠯᠵᠢᠭᠦᠯᠦᠭᠰᠡᠨ ᠭᠡᠷᠡᠴᠢ ᠪᠠᠷᠢᠮᠲᠠ ᠶᠢ ᠲᠠᠷᠬᠠᠭᠠᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠡ᠃    ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠦᠷᠭᠦᠯᠵᠢᠯᠡᠨ ᠲᠦᠷᠭᠡᠳᠬᠡᠪᠡ᠃ ᠰᠢᠨ᠎ᠡ ᠡᠨᠧᠷᠭᠢ ᠶᠢᠨ ᠠᠵᠤ ᠦᠢᠯᠡᠰ ᠪᠣᠭᠤᠮᠲᠠ ᠰᠢᠪᠲᠤᠯᠤᠨ ᠡᠬᠢᠯᠡᠵᠦ᠂ ᠲᠦᠯᠡᠰᠢᠨ ᠤ ᠳ᠋ᠢᠶᠠᠨ ᡂᠢ ᠶᠢᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠤᠳᠠ ᠪᠠᠷ ᠲᠦᠷᠦᠭᠦᠯᠡᠨ ᠭᠤᠶᠤᠴᠢᠯᠠᠨ ᠮᠡᠳᠡᠭᠦᠯᠵᠦ ᠂ ᠶᠡᠷᠦᠩᠬᠡᠢ ᠪᠡᠯᠡ ᠣᠷᠣᠭᠤᠯᠤᠯᠲᠠ 100 ᠳ᠋ᠦᠩᠰᠢᠭᠤᠷ ᠲᠥᠭᠦᠷᠢᠭ ᠤᠨ ᠶᠤᠸᠠᠨ ᠵᠢᠩ ᠤᠳᠤ ᠦᠶ᠎ᠡ ᠶᠢᠨ ᠡᠨᠧᠷᠭᠢ ᠶᠢᠨ ᠲᠤᠨᠤᠭ ᠲᠦᠬᠦᠬᠡᠷᠦᠮᠵᠢ ᠶᠢᠨ ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠵᠤ᠂ ᠲᠢᠶᠠᠨ ᠵᠢᠶᠤᠤ ᠪᠣᠬᠢᠷᠲᠤᠯ ᠦᠭᠡᠢ ᠡᠨᠧᠷᠭᠢ ᠶᠢᠨ 50 ᠲᠦᠮᠡᠨ ᠺᠢᠯᠦᠸᠠᠲ ᠤᠨ ᠭᠡᠷᠡᠯ ᠴᠠᠬᠢᠯᠭᠠᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠶᠡᠷᠦᠩᠬᠡᠢ ᠢᠨᠵᠧᠨᠧᠷᠢᠩ ᠤᠨ 75%᠎ ᠶᠢ ᠪᠡᠶᠡᠯᠡᠭᠦᠯᠪᠡ᠃ ᠬᠤᠢ ᠨᠧᠩ 14.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠬᠤᠶᠠᠳᠤᠭᠠᠷ ᠬᠤᠭᠤᠴᠠᠭ᠎ᠠ᠂ ᠰᠢᠨ ᠨᠦᠸᠧ ᠵᠧᠩ ᠨᠧᠩ 30 ᠲᠦᠮᠡᠨ ᠲᠣᠨ ᠤ ᠠᠵᠤ ᠦᠢᠯᠡᠰ ᠤᠨ ᠬᠡᠯᠬᠢᠶ᠎ᠡ ᠶᠢ  ᠦᠷᠬᠡᠳᠬᠡᠬᠦ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠪᠠ᠃ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠤᠨ ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠢ ᠰᠢᠷᠬᠤᠰᠤ᠂ ᠬᠤᠨᠢᠴᠢᠨᠭᠤᠤᠯ ᠵᠡᠷᠭᠡ ᠨᠡᠭᠦᠷᠡᠰᠦᠨ ᠠᠭᠤᠷᠬᠠᠶ ᠳᠤ ᠤᠯᠠᠷᠢᠭᠤᠯᠤᠨ ᠬᠡᠷᠡᠭᠯᠡᠵᠦ᠂ 49 ᠨᠡᠭᠦᠷᠡᠰᠦᠨ ᠠᠭᠤᠷᠬᠠᠶ ᠶᠢ ᠴᠥᠮ ᠤᠶᠤᠨᠴᠢᠯᠠᠭᠰᠠᠨ ᠡᠨᠧᠷᠭᠢ ᠶᠢᠨ ᠦᠢᠯᠡᠴᠢᠯᠡᠬᠡᠨ ᠤ ᠲᠠᠪᠴᠠᠩ ᠤᠨ ᠰᠦᠯᠵᠢᠶᠡᠨ ᠳᠡᠭᠡᠷ᠎ᠡ ᠰᠤᠯᠢᠯᠴᠠᠵᠤ᠂ ᠰᠤᠯᠢᠯᠴᠠᠭᠠᠨ ᠤ ᠲᠤᠭ᠎ᠠ ᠨᠢ 57 ᠳ᠋ᠦᠩᠰᠢᠭᠤᠷ ᠲᠥᠭᠦᠷᠢᠭ ᠲᠤ ᠬᠦᠷᠴᠦ᠂ ᠭᠠᠶᠢᠯᠢ ᠶᠢᠨ ᠣᠷᠣᠯᠭ᠎ᠠ ᠶᠢ 6734 ᠲᠦᠮᠡᠨ ᠲᠥᠭᠦᠷᠢᠭ ᠨᠡᠮᠡᠭᠳᠡᠭᠦᠯᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠱᠤᠸᠠᠩ ᠮᠠᠨ ᠹᠦ᠋ ᠶᠤᠸᠠᠨ᠂ ᠵᠢᠩ ᠬᠤᠩ ᠲᠢᠶᠠᠨ ᠴᠢᠩ ᠵᠡᠷᠭᠡ ᠪᠠᠭᠤᠳᠠᠯ ᠡᠵᠡᠩᠨᠡᠯᠲᠡ ᠪᠠᠨ ᠡᠬᠢᠯᠡᠭᠦᠯᠵᠦ᠂ ᠺᠧᠨ ᠳ᠋ᠧ ᠵᠢᠢ᠂ ᠪᠢ ᠱᠧᠩ ᠺᠧ᠂ ᠵᠢᠦᠢ ᠿᠠᠨ ᡁᠢ ᠵᠢᠶᠠ ᠵᠡᠷᠭᠡ ᠨᠡᠷᠡᠲᠦ ᠲᠡᠮᠳᠡᠭᠲᠦ ᠣᠷᠣᠵᠤ ᠰᠠᠭᠤᠨ᠂ ᠬᠤᠳᠠᠯᠳᠤᠭᠠᠨ ᠤ ᠦᠢᠯᠡᠰ ᠤᠨ ᠬᠠᠨᠳᠤᠰᠢ ᠤᠯᠠᠮ ᠲᠡᠭᠦᠯᠳᠡᠷᠵᠢᠪᠡ᠃ ᠠᠭᠠᠷ ᠠᠶᠠᠯᠠᠯ ᠤᠨ ᠭᠠᠷᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠵᠠᠰᠠᠭ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ︽2020 ᠤᠨ ᠤ ᠪᠦᠬᠦ ᠤᠯᠤᠰ ᠤᠨ ᠰᠢᠯᠢᠳᠡᠭ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ︾᠎ ᠢᠶᠠᠷ ᠦᠨᠡᠯᠡᠭᠳᠡᠪᠡ᠃    ︵ᠲᠦᠷᠪᠡ︶ ᠭᠤᠷᠪᠠᠨ ᠶᠡᠭᠡ ᠪᠤᠭᠤᠮᠳᠠ ᠰᠢᠪᠳᠤᠯᠤᠯᠳᠠ ᠶᠢᠨ ᠠᠵᠢᠯ ᠰᠢᠢᠳᠪᠦᠷᠢᠯᠡᠭᠴᠢ ᠴᠢᠨᠠᠷᠲᠠᠢ ᠦᠷ᠎ᠡ ᠪᠦᠲᠦᠭᠡᠯ ᠤᠯᠪᠠ᠃ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠠᠵᠢᠯ ᠲᠡᠭᠦᠰ ᠠᠮᠵᠢᠯᠲᠠ ᠲᠠᠢ ᠥᠨᠳᠥᠷᠯᠡᠪᠡ᠃ ︽ᠳᠥᠷᠪᠡ ᠶᠢ ᠬᠤᠯᠪᠤᠭᠠᠯᠠᠵᠤ ᠨᠢᠭᠡ ᠶᠢ ᠨᠡᠮᠡᠭᠳᠡᠭᠦᠯᠬᠦ︾ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠪᠠ ᠠᠵᠤ ᠠᠬᠤᠶᠢᠯᠠᠯ ᠣᠷᠣᠨ ᠨᠤᠲᠤᠭ ᠬᠦᠴᠦ ᠪᠠᠨ ᠬᠠᠮᠲᠤᠳᠬᠠᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠥᠷᠨᠢᠭᠦᠯᠦᠨ᠂ 4974 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠶᠦᠨ ᠳ᠋ᠦᠩ ᠠᠯᠠᠰᠢᠨ ᠬᠤᠨᠢ᠂ ᠮᠡᠩᠬᠡ ᠲᠣᠰᠬᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠡᠷᠭᠡ ᠠᠵᠤ ᠦᠶᠯᠡᠰ ᠢᠶᠠᠷ ᠶᠠᠳᠠᠭᠤ ᠶᠢ ᠲᠡᠳᠬᠦᠬᠦ 15 ᠲᠥᠷᠥᠯ ᠵᠦᠶᠯ ᠢ ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠲᠤᠰᠬᠠᠶ ᠲᠣᠭᠤᠷᠢᠭ 9᠂ ᠶᠠᠳᠠᠭᠤ ᠶᠢ ᠲᠡᠳᠬᠦᠬᠦ ᠦᠶᠯᠡᠳᠪᠦᠷᠢ ᠶᠢᠨ ᠲᠠᠰᠤᠭ 2᠎ ᠢ ᠪᠠᠶᠢᠭᠤᠯᠵᠤ᠂ ᠲᠤᠯᠤᠭᠠᠶᠢᠯᠠᠭᠴᠢ ᠠᠵᠤ ᠠᠬᠤᠶᠢᠯᠠᠯ ᠬᠢᠭᠡᠳ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢᠨ ᠬᠤᠯᠪᠣᠭᠠᠯᠠᠯ ᠤᠨ ᠪᠦᠬᠦᠨ ᠢ  ᠪᠦᠷᠬᠦᠬᠦᠯᠬᠦ ᠶᠢ ᠪᠡᠶᠡᠯᠡᠬᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠵᠢᠯ ᠤᠨ ᠳᠤᠮᠳᠠᠴᠢ ᠣᠷᠣᠯᠭ᠎ᠠ ᠶᠢ 5000 ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠪᠥᠬᠦ ᠲᠠᠯ᠎ᠠ ᠪᠠᠷ ︽ᠲᠠᠪᠤ ᠶᠢ ᠲᠠᠪᠠᠭᠤᠯᠵᠤ ᠲᠡᠭ ᠪᠤᠯᠭᠠᠬᠤ︾᠎ ᠶᠢ ᠪᠡᠶᠡᠯᠡᠭᠦᠯᠪᠡ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠮᠬᠢ ᠵᠢᠷᠤᠮ ᠲᠠᠢ ᠪᠠᠷ ᠰᠢᠢᠳᠪᠦᠷᠢᠯᠡᠪᠡ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠤᠨ ᠳᠠᠷᠤᠯᠲᠠ ᠶᠢ ᠲᠠᠭᠠᠭᠠᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 21.1 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ 9040 ᠲᠦᠮᠡᠨ ᠲᠥᠭᠦᠷᠢᠭ ᠤᠨ ᠳᠡᠭᠡᠳᠦ ᠱᠠᠲᠤᠨ ᠤ ᠥᠷᠢ ᠥᠭᠴᠡᠭᠡ ᠠᠷᠢᠯᠭᠠᠬᠤ ᠱᠠᠩᠨᠠᠯ ᠤᠨ ᠪᠠᠯᠠ ᠮᠥᠩᠭᠦ ᠤᠯᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠤᠨ 8.9 ᠳ᠋ᠦᠩᠰᠢᠭᠤᠷ ᠲᠥᠭᠦᠷᠢᠭ ᠎ ᠤᠨ ᠮᠠᠷᠭᠤᠭᠠᠨ ᠥᠬᠡᠶ ᠲᠠᠩᠰᠠᠨ ᠤ ᠵᠣᠭᠤᠰ ᠢ ᠪᠦᠬᠦᠨ ᠢ ᠳᠥᠯᠥᠵᠦ ᠳᠠᠭᠤᠰᠬᠠᠨ᠂ ︽ᠪᠦᠬᠦ ᠤᠷᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠤᠮᠳᠠ ᠵᠢᠵᠢᠭ ᠠᠵᠤ ᠠᠬᠤᠶᠢᠯᠠᠯ ᠳᠤ ᠦᠷᠢᠳᠦᠭᠰᠡᠨ ᠲᠠᠩᠰᠠᠨ ᠤ ᠵᠤᠭᠤᠰ ᠢ ᠠᠷᠢᠯᠭᠠᠭᠰᠠᠨ ᠠᠵᠢᠯ ᠤᠨ ᠲᠡᠷᠢᠬᠦᠨ ᠤ ᠬᠠᠮᠳᠤ ᠨᠡᠶᠢᠳᠡ︾᠎ ᠪᠠᠷ ᠦᠨᠡᠯᠡᠭᠳᠡᠪᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠠᠪᠰᠤᠷᠤᠨ ᠡᠷᠡᠭᠦᠯ ᠪᠤᠰᠤ ᠵᠢᠭᠡᠯᠡᠯᠭᠡ ᠶᠢ 18.9 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠡᠷᠡᠭᠦᠯ ᠪᠤᠰᠤ ᠨᠣᠷᠮ᠎ᠠ ᠶᠢ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 3 ᠵᠠᠭᠤᠨ ᠤ ᠬᠤᠪᠢ ᠳᠣᠣᠷ᠎ᠠ ᠪᠣᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠬᠤᠲᠠ ᠶᠢᠨ ᠱᠠᠲᠤᠨ ᠠᠴᠠ ᠪᠣᠬᠢᠷᠲᠤᠯ ᠢ ᠰᠡᠷᠭᠡᠶᠢᠯᠡᠨ ᠵᠠᠰᠠᠬᠤ  ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ 18 ᠲᠦᠮᠡᠨ ᠮᠥ ᠬᠡᠷᠡᠭᠵᠢᠭᠦᠯᠵᠦ᠂ ᠤᠯᠠᠭᠠᠨᠮᠦ᠋ᠷᠡᠨ ᠲᠣᠰᠬᠤᠨ ᠵᠡᠷᠭᠡ 3 ᠲᠣᠰᠬᠤᠨ ᠢ ︽ᠤᠯᠤᠰ ᠤᠨ ᠣᠶ ᠰᠢᠭᠤᠶ ᠬᠥᠳᠡᠭᠡ ᠲᠣᠰᠬᠤᠨ︾᠎ ᠢᠶᠠᠷ ᠮᠠᠭᠠᠳᠯᠠᠨ ᠲᠣᠭᠲᠠᠭᠠᠪᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ 17 ᠪᠠᠶᠢᠭᠤᠯᠪᠠ᠃ ᠮᠠᠨ ᠤ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠭ᠎ᠠ ᠎ ᠨᠢ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠦᠶᠯᠡᠳᠦᠯᠭᠡ ᠶᠢᠨ ᠵᠢᠱᠢᠶ᠎ᠡ︾᠎ ᠪᠠᠷ ᠰᠣᠩᠭᠤᠭᠳᠠᠵᠤ᠂ ︽ᠡᠵᠡᠨ ᠬᠤᠷᠤᠭ᠎ᠠ ᠶᠢᠨ ᠲᠠᠴᠢᠷᠰᠢᠯ ᠢ ᠵᠠᠰᠠᠬᠤ ᠵᠠᠭᠪᠤᠷ︾᠎ ᠨᠢ ᠪᠥᠬᠦ ᠤᠯᠤᠰ ᠲᠤ ᠠᠮᠵᠢᠯᠲᠠᠲᠠᠶ ᠥᠯᠢᠭᠡᠷ ᠬᠡᠪ ᠢ ᠬᠠᠩᠭᠠᠪᠠ᠃    ︵ᠲᠠᠪᠤ︶ ᠬᠤᠲᠠ ᠬᠥᠳᠡᠭᠡ ᠶᠢᠨ ᠬᠥᠭᠵᠢᠯᠲᠡ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠴᠢᠨᠠᠷᠯᠢᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 25 ᠬᠠᠭᠤᠴᠢᠨ ᠰᠠᠭᠤᠭᠠᠯᠢ ᠲᠣᠭᠤᠷᠢᠭ ᠢ ᠰᠡᠯᠪᠢᠨ ᠵᠠᠰᠠᠵᠤ ᠥᠭᠡᠷᠡᠴᠢᠯᠡᠬᠦ ᠪᠠ ᠫᠢᠩ ᠠᠨ ᠰᠠᠭᠤᠭᠠᠯᠢ ᠲᠣᠭᠤᠷᠢᠭ ᠤᠨ ᠬᠤᠶᠢᠲᠤ ᠬᠡᠰᠡᠭ ᠲᠣᠭᠤᠷᠢᠭ᠂ ᠮᠠᠰᠢᠨ ᠲᠡᠷᠭᠡᠨ ᠤ ᠬᠤᠲᠠ ᠶᠢᠨ ᠶᠡᠷᠦᠩᠬᠡᠶᠢᠯᠡᠭᠰᠡᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ᠂ ᠶᠠᠪᠠᠭᠠᠨ ᠱᠠᠲᠤᠲᠤ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠢᠨᠵᠧᠨᠧᠷᠢᠩ ᠢ ᠯᠠᠪᠳᠠᠭᠤᠨ ᠢᠶᠠᠷ ᠬᠡᠷᠡᠭᠵᠢᠭᠦᠯᠵᠦ᠂ ᠰᠠᠭᠤᠭᠠᠯᠢ ᠠᠷᠠᠳ ᠎ ᠤᠨ ᠠᠮᠢᠳᠤᠷᠠᠯ ᠢ ᠨᠠᠩ ᠲᠠᠭᠠᠯᠠᠮᠵᠢᠲᠠᠢ᠂ ᠨᠠᠩ ᠳᠥᠭᠦᠮ ᠳᠥᠲᠡ  ᠪᠤᠯᠭᠠᠠᠪᠠ᠃ ᠤᠯᠠᠭᠠᠨᠮᠦ᠋ᠷᠡᠨ ᠭᠤᠤᠯ ᠤᠨ ᠭᠤᠷᠪᠠᠳᠤᠭᠠᠷ ᠬᠥᠭᠦᠷᠭᠡ ᠶᠢᠨ ᠭᠤᠤᠯ ᠴᠣᠭᠴᠠ ᠶᠢᠨ ᠪᠠᠷᠢᠯᠭ᠎ᠠ ᠳᠠᠭᠤᠰᠪᠠ᠃ ᠥᠨᠳᠥᠷ ᠪᠠᠷᠢᠮᠵᠢᠶ᠎ᠠ ᠪᠠᠷ ᠱᠦᠢ ᠠᠨ ᠰᠢᠨ᠎ᠡ ᠬᠤᠲᠠ ᠶᠢᠨ ᠲᠥᠪ ᠴᠡᠴᠡᠷᠯᠢᠭ ᠢ ᠪᠦᠲᠦᠭᠡᠨ ᠪᠠᠶᠢᠭᠤᠯᠵᠤ᠂ ᠡᠵᠢ ᠴᠡᠴᠡᠷᠯᠢᠭ᠂ ᠤᠯᠠᠭᠠᠨᠮᠦ᠋ᠷᠡᠨ ᠨᠠᠭᠤᠷ ᠵᠡᠷᠭᠡ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠦᠵᠡᠮᠵᠢ ᠶᠢ ᠨᠠᠷᠢᠨ ᠨᠢᠮᠪᠠᠶ ᠴᠣᠭᠴᠠᠯᠠᠵᠤ᠂ ᠰᠢᠨ᠎ᠡ ᠪᠠᠷ ᠨᠡᠮᠡᠭᠳᠡᠬᠦᠯᠦᠨ ᠦᠬᠡᠷᠡᠴᠢᠯᠡᠭᠰᠡᠨ ᠨᠣᠭᠤᠭᠠᠷᠠᠭᠤᠯᠤᠯᠲᠠ ᠶᠢᠨ ᠲᠠᠯᠠᠪᠠᠢ 66 ᠲᠦᠮᠡᠨ ᠲᠡᠭᠰᠢ ᠳᠥᠷᠪᠡᠯᠵᠢᠨ ᠮᠧᠲᠷ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠎ ᠶᠢᠨ ᠲᠠᠯᠠᠪᠠᠢ 84.8 ᠲᠡᠭᠰᠢ ᠳᠥᠷᠪᠡᠯᠵᠢᠨ ᠮᠧᠲᠷ ᠲᠤ ᠬᠦᠷᠪᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠬᠡᠪᠴᠢᠶᠡᠨ ᠤ ︽ᠣᠷᠣᠵᠤ ᠰᠠᠭᠤᠬᠤ ᠳᠤ ᠬᠦᠴᠢᠷᠲᠡᠶ︾ ︽ᠪᠤᠴᠠᠭᠠᠨ ᠨᠡᠬᠦᠯᠬᠡᠬᠦ ᠳᠤ ᠬᠦᠴᠢᠷᠲᠡᠶ︾ ︽ᠦᠨᠡᠮᠯᠡᠯ ᠠᠪᠬᠤ ᠳᠤ ᠬᠦᠴᠢᠷᠲᠡᠶ︾ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠲᠡᠦᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠭᠰᠡᠨ ᠨᠤᠷᠮ᠎ᠠ 99.5%᠎ ᠳᠤ ᠬᠦᠷᠴᠦ᠂ ᠪᠦᠬᠦ ᠬᠤᠳᠠ ᠶᠢᠨ ᠲᠡᠷᠢᠬᠦᠨ ᠤ ᠡᠩᠨᠡᠬᠡᠨ ᠳᠤ ᠤᠷᠤᠪᠠ᠃ ᠳ᠋ᠦᠩᠱᠧᠩ ᠤᠨ ᠵᠡᠬᠦᠨ ᠠᠴᠠ ᠲᠤᠶᠢᠭ ᠬᠦᠷᠬᠦ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠬᠦᠯᠵᠦ᠂ ᠴᠠᠭᠠᠨᠨᠠᠭᠤᠷ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠵᠢᠴᠢ ᠲᠡᠮᠦᠷ ᠵᠠᠮ ᠤᠨ ᠲᠤᠰᠬᠠᠢ ᠱᠤᠭᠤᠮ᠂ ᠠᠯᠳᠠᠨᠰᠢᠷᠡᠭᠡ ᠪᠠᠯᠭᠠᠰᠤ ᠠᠴᠠ ᠱᠧᠩ ᠶᠤᠸᠠᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠬᠦᠷᠬᠦ ᠲᠦᠷᠭᠡᠨ ᠵᠠᠮ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠪᠡ᠃ 5G ᠰᠠᠭᠤᠷᠢ ᠥᠷᠲᠡᠭᠡ ᠶᠢ 100 ᠪᠠᠶᠢᠭᠤᠯᠪᠠ᠃ ᠰᠢᠨ᠎ᠡ ᠪᠠᠷ ᠪᠠᠶᠢᠭᠤᠯᠤᠨ ᠦᠬᠡᠷᠡᠴᠢᠯᠡᠭᠰᠡᠨ ᠴᠠᠬᠢᠯᠭᠠᠨ ᠬᠠᠩᠭᠠᠬᠤ ᠤᠳᠠᠰᠤ 342 ᠺᠢᠯᠤᠮᠧᠲᠷ᠂ 15 ᠲᠣᠰᠬᠤᠨ ᠤ 45 ᠬᠤᠷᠰᠢᠶ᠎ᠠ ᠶᠢᠨ ᠳᠤᠮᠳᠠ ᠳᠣᠣᠷ᠎ᠠ ᠬᠦᠴᠦᠳᠡᠯᠲᠦ ᠴᠠᠬᠢᠯᠭᠠᠨ ᠲᠦᠭᠡᠭᠡᠬᠦ ᠱᠤᠭᠤᠮ ᠤᠨ ᠥᠭᠡᠷᠡᠴᠢᠯᠡᠯᠲᠡ ᠶᠢ ᠪᠡᠶᠡᠯᠡᠭᠦᠯᠪᠡ᠃ ︽ᠵᠡᠭᠦᠨᠳᠡᠬᠢ ᠤᠰᠤ ᠶᠢ ᠪᠠᠷᠠᠭᠤᠨᠰᠢ ᠲᠠᠲᠠᠬᠤ︾ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠵᠢᠯ ᠤᠨ ᠤᠰᠤ ᠬᠠᠩᠭᠠᠬᠤ ᠴᠢᠳᠠᠪᠤᠷᠢ 5500 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠪᠡ    ︵ᠵᠢᠷᠭᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠭᠤᠷᠪᠠᠨ ᠤᠷᠤᠨ ᠲᠠᠪᠤᠨ ᠦᠢᠯᠡᠰ︾᠎ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠭᠤᠷᠢᠨ ᠳᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠣᠰᠬᠤᠨ 5᠂ ᠣᠨᠴᠠᠯᠢᠭᠲᠤ ᠲᠣᠰᠬᠤᠨ 4᠂ ᠪᠠᠷᠢᠮᠵᠢᠶ᠎ᠠ ᠳᠤ ᠬᠦᠷᠦᠭᠰᠡᠨ ᠲᠣᠰᠬᠤᠨ 3᠎ ᠶᠢ ᠪᠠᠶᠢᠭᠤᠯᠵᠤ᠂ ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 2 ︽ᠲᠠᠪᠤᠨ ᠣᠲᠣ︾᠎ ᠶᠢᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠡᠭᠦᠳᠦᠨ ᠪᠠᠶᠢᠭᠤᠯᠪᠠ᠃ ᠯᠧ ᠰᠢᠶᠠᠩ ᠲᠠᠷᠢᠶᠠᠯᠠᠩ ᠮᠠᠯ ᠠᠵᠤ ᠠᠬᠤᠢ ᠶᠢᠨ ᠨᠢᠭᠡᠳᠦᠭᠡᠷ ᠬᠤᠭᠤᠴᠠᠭᠠᠨ ᠤ 15 ᠲᠦᠮᠡᠨ ᠭᠠᠭ᠋ᠠᠢ ᠲᠡᠵᠢᠭᠡᠨ ᠦᠷᠡᠵᠢᠭᠦᠯᠬᠦ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠤᠨ ᠲᠠᠭᠤᠰᠬᠠᠵᠤ᠂ ᠮᠡᠩᠬᠡ ᠶᠢᠨ ᠢᠮᠠᠭᠠᠨ ᠨᠤᠤᠯᠤᠷ ᠪᠤᠯᠪᠠᠰᠤᠷᠠᠭᠤᠯᠬᠤ ᠦᠶᠯᠡᠳᠪᠦᠷᠢ᠂ ᠬᠤᠨᠢᠴᠢᠠᠭᠤᠤᠯ ᠤᠨ ᠨᠤᠳᠤᠭ ᠤᠨ ᠭᠠᠷᠤᠯᠲᠠ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠵᠡᠷᠭᠡ ᠨᠢᠭᠡ ᠪᠦᠯᠦᠭ ᠳᠠᠶᠢᠴᠢᠯᠠᠬᠤ ᠴᠢᠨᠠᠷ ᠢᠶᠠᠷ ᠴᠢᠩᠭ᠎ᠠ᠂ ᠠᠰᠢᠭ ᠲᠤᠰᠠ ᠶᠢᠨ ᠬᠤᠯᠪᠣᠭ᠎ᠠ ᠨᠢᠭᠲᠠ ᠨᠢᠭᠡ ᠪᠦᠯᠦᠭ ᠠᠵᠤ ᠦᠶᠯᠡᠰ ᠤᠨ ᠲᠥᠷᠥᠯ ᠵᠦᠶᠯ ᠤᠨ ᠡᠵᠡᠩᠨᠡᠯᠲᠡ ᠳᠤ ᠣᠷᠣᠬᠤ ᠶᠢ ᠲᠡᠳᠬᠦᠵᠦ᠂ ᠡᠵᠡᠨ ᠬᠤᠷᠤᠭ᠎ᠠ ᠶᠢᠨ ᠠᠯᠠᠰᠢᠨ ᠦᠬᠡᠷ ᠪᠠ ᠬᠤᠨᠢᠴᠢᠠᠭᠤᠤᠯ ᠤᠨ ᠪᠤᠯᠠᠭ ᠲᠠᠭᠲᠠᠭ᠎ᠠ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ︾᠎ ᠳᠤ ᠰᠣᠩᠭᠤᠭᠳᠠᠨ ᠣᠷᠣᠵᠤ ᠂ ᠬᠠᠳᠠᠲᠤ ᠨᠠᠭᠤᠷ ᠲᠣᠰᠬᠤᠨ ᠪᠥᠬᠦ ᠤᠯᠤᠰ ᠤᠨ ︽ᠨᠢᠭᠡ ᠲᠣᠰᠬᠤᠨ ᠨᠢᠭᠡ ᠦᠶᠯᠡᠳᠬᠦᠨ︾᠎ ᠤ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠳᠠᠭᠤᠰᠴᠤ᠂ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠶᠳᠪᠦᠷᠢᠯᠡᠬᠦ ᠨᠣᠷᠮ᠎ᠠ 85%᠎ ᠳᠤ ᠬᠦᠷᠴᠦ᠂ ᠬᠤᠤᠷ ᠥᠬᠡᠶᠢᠳᠡᠭᠦᠯᠦᠭᠰᠡᠨ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠭᠰᠡᠨ ᠨᠣᠷᠮ᠎ᠠ ᠪᠥᠬᠦ ᠣᠷᠣᠨ ᠤ ᠭᠤᠷᠪᠠᠳᠤᠭᠠᠷ ᠲᠤ ᠣᠷᠣᠵᠤ᠂ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠨ ᠲᠡᠭᠡᠭᠡᠪᠦᠷᠢᠯᠡᠵᠦ ᠰᠢᠶᠳᠪᠦᠷᠢᠯᠡᠬᠦ ᠶᠢ ᠪᠦᠷᠬᠦᠭᠦᠯᠵᠤ᠂ ᠭᠠᠴᠠᠭ᠎ᠠ ᠲᠣᠰᠬᠤᠨ ᠤ ︽ᠭᠤᠷᠪᠠ ᠶᠢ ᠴᠡᠪᠡᠷᠡᠯᠡᠵᠦ ᠨᠢᠭᠡ ᠶᠢ ᠬᠤᠪᠢᠷᠠᠭᠤᠯᠬᠤ︾ ᠡᠭᠦᠷᠭᠡ ᠶᠢ ᠪᠦᠬᠦᠨ ᠢ ᠪᠡᠶᠡᠯᠡᠬᠦᠯᠪᠡ᠃ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 95%᠎ ᠳᠤ ᠬᠦᠷᠬᠡᠵᠦ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85%᠎ ᠳᠤ  ᠬᠦᠷᠬᠡᠪᠡ᠃ ᠬᠠᠰᠢᠶᠠᠲᠤ ᠲᠣᠰᠬᠤᠨ ︽ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ︾᠎ ᠢᠶᠠᠷ ᠦᠨᠡᠯᠡᠭᠳᠡᠪᠡ᠃ ᠮᠠᠨ ᠤ ᠬᠤᠰᠢᠭᠤᠨ ᠤ ᠲᠣᠰᠬᠤᠨ ᠤ ᠱᠠᠲᠤᠨ ᠤ ᠠᠷᠠᠳᠴᠢᠯᠠᠭᠰᠠᠨ ᠬᠠᠮᠢᠶᠠᠷᠤᠯᠲᠠ ᠶᠢᠨ ᠵᠠᠭᠪᠤᠷ ᠨᠢ ᠪᠥᠬᠦ ᠣᠷᠣᠨ ᠤ ᠴᠣᠷ ᠎ ᠤᠨ ᠭᠠᠭᠴᠠ ︽ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ︾᠎ ᠳᠤ ᠰᠣᠩᠭᠤᠭᠳᠠᠭᠰᠠᠨ ᠰᠢᠶᠠᠨ ᠤ ᠱᠠᠲᠤᠨ ᠤ ᠬᠡᠷᠡᠭ ᠤᠨ ᠵᠢᠱᠢᠶ᠎ᠡ ᠪᠣᠯᠵᠣ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠪᠠᠶᠢᠭᠤᠯᠤᠯᠲᠠ ᠶᠢᠨ ᠲᠤᠷᠰᠢᠯᠭ᠎ᠠ ᠨᠢ ︽ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮ ᠤᠨ ᠠᠷᠪᠠᠨ ᠶᠡᠭᠡ ᠨᠡᠶᠢᠲᠡᠯᠢᠭ ᠬᠡᠷᠡᠭ ᠤᠨ ᠵᠢᠱᠢᠶ᠎ᠡ︾᠎ ᠳᠤ ᠰᠣᠩᠭᠤᠭᠳᠠᠪᠠ᠃    ︵ᠳᠣᠯᠤᠭ᠎ᠠ︶ ᠥᠭᠡᠷᠡᠴᠢᠯᠡᠯᠲᠡ ᠰᠢᠨᠡᠴᠢᠯᠡᠯᠳᠡ ᠶᠢᠨ ᠴᠢᠳᠠᠪᠤᠷᠢ ᠦᠷᠭᠦᠯᠵᠢᠯᠡᠨ ᠴᠢᠩᠭᠠᠷᠠᠪᠠ᠃ ᠬᠤᠳᠠᠯᠳᠤᠭ᠎ᠠ ᠡᠵᠡᠩᠨᠡᠯᠳᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠪᠥᠬᠦ ᠲᠠᠯ᠎ᠠ ᠪᠠᠷ ᠬᠡᠷᠡᠭᠵᠢᠭᠦᠯᠦᠨ᠂ ᠤᠶᠤᠨᠴᠢᠯᠠᠭᠰᠠᠨ ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ ᠶᠢᠨ ᠲᠠᠪᠴᠠᠩ ᠢ ᠡᠬᠢᠯᠡᠨ ᠬᠡᠷᠡᠭᠯᠡᠵᠦ᠂ ︽ᠬᠤᠰᠢᠭᠤ ᠳᠠᠷᠤᠭ᠎ᠠ ᠶᠢᠨ ᠬᠠᠯᠠᠭᠤᠨ ᠤᠲᠠᠰᠤ︾᠎ ᠶᠢ ᠨᠡᠪᠲᠡᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠵᠦ ᠲᠡᠶᠢᠯᠬᠦ ᠵᠦᠢᠯᠡᠰ ᠢ 93%᠎ ᠳᠤ ᠬᠦᠷᠭᠡᠵᠦ᠂ ᠠᠵᠤ ᠠᠬᠤᠶᠢᠯᠠᠯ ᠤᠨ ᠡᠷᠬᠢᠯᠡᠬᠦ ᠴᠠᠭ ᠢ 2.5 ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠨ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠳᠠᠩᠰᠠᠯᠠᠭᠤᠯᠤᠭᠰᠠᠨ ᠬᠥᠷᠥᠩᠭᠡ ᠪᠠ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠲᠣᠰᠪᠣᠷᠢ 10%᠂ 48% ᠪᠠ 29%᠎ ᠪᠠᠷ ᠨᠡᠮᠡᠭᠳᠡᠭᠦᠯᠪᠠ᠃ ︽ᠪᠠᠷᠢᠮᠵᠢᠶᠠᠲᠤ ᠭᠠᠵᠠᠷ + ᠠᠮᠠᠯᠠᠯᠲᠠ ᠶᠢᠨ ᠲᠦᠷᠢᠮ︾᠎ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 2711 ᠮᠥ ︽ᠪᠠᠷᠢᠮᠵᠢᠶᠠᠲᠤ ᠭᠠᠵᠠᠷ︾᠎ ᠢ ᠪᠠᠶᠢᠭᠤᠯᠵᠤ᠂ ᠴᠢᠨᠠᠷ ᠰᠠᠶᠢᠲᠠᠶ ᠲᠥᠷᠥᠯ ᠵᠦᠶᠯ ᠤᠨ ︽ᠭᠠᠵᠠᠷ ᠬᠤᠳᠠᠯᠳᠤᠨ ᠠᠪᠤᠪᠠᠯ ᠳᠠᠷᠤᠶ ᠠᠵᠢᠯ ᠡᠬᠢᠯᠡᠬᠦᠯᠬᠦ︾᠎ ᠶᠢ ᠪᠡᠶᠡᠯᠡᠭᠦᠯᠬᠦ ᠶᠢ ᠪᠠᠲᠤᠯᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠬᠤ᠂ ᠴᠠᠯᠢᠩ ᠬᠥᠯᠥᠰᠥ ᠶᠢᠨ ᠲᠦᠷᠢᠮ ᠪᠠ ᠴᠠᠯᠢᠩ ᠤᠨ ᠶᠡᠷᠦᠩᠬᠡᠶ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠨᠡᠶᠢᠲᠡᠯᠡᠵᠦ᠂ ᠬᠤᠲᠠ ᠶᠢᠨ ᠪᠠᠯᠠ ᠣᠷᠣᠭᠤᠯᠤᠯᠲᠠ᠂ ᠰᠣᠶᠣᠯ ᠵᠢᠭᠤᠯᠴᠢᠯᠠᠯ ᠵᠡᠷᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠷ᠎ᠡ ᠪᠦᠲᠦᠮᠵᠢ ᠪᠠᠷ ᠳᠣᠤᠷ᠎ᠠ ᠦᠷ᠎ᠡ ᠠᠰᠢᠭ ᠥᠬᠡᠶ ᠡᠳ᠋ ᠬᠥᠷᠥᠩᠭᠡ ᠶᠢ ᠰᠠᠯᠭᠠᠨ ᠰᠢᠶᠳᠪᠦᠷᠢᠯᠡᠬᠦ ᠶᠢ ᠠᠬᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠦᠬᠦᠯᠢ ᠴᠤᠭᠴᠠ ᠶᠢᠨ ᠡᠵᠡᠩᠨᠡᠯᠳᠡ ᠢᠯᠡᠳᠲᠡ ᠳᠡᠭᠡᠭᠰᠢᠯᠡᠵᠤ᠂ ᠳᠡᠭᠡᠷ᠎ᠡ ᠵᠢᠯ ᠤᠨ ᠬᠢ ᠠᠴᠠ 50%᠎ ᠠᠴᠠ ᠳᠡᠭᠡᠭᠰᠢ ᠬᠠᠰᠤᠭᠳᠠᠪᠠ᠃ ᠡᠷᠳᠡᠨᠢ ᠶᠢᠨ ᠲᠣᠪᠴᠢ ᠰᠣᠶᠣᠯ ᠤᠨ ᠠᠵᠤ ᠦᠶᠯᠡᠰ ᠤᠨ ᠬᠦᠷᠢᠶᠡᠯᠡᠩ ︽2020 ᠣᠨ ᠤ ᠳᠤᠮᠳᠠᠳᠤ ᠤᠯᠤᠰ ᠤᠨ ᠬᠡᠪᠯᠡᠯ ᠤᠨ ᠡᠷᠬᠡ ᠶᠢᠨ ᠬᠠᠮᠤᠭ ᠰᠤᠳᠤᠨ ᠬᠡᠪᠯᠡᠯ ᠤᠨ ᠡᠷᠬᠡ ᠶᠢᠨ ᠦᠶᠯᠡᠳᠦᠯᠭᠡ ᠎ ᠶᠢᠨ ᠱᠠᠩᠨᠠᠯ︾᠎ ᠢ ᠭᠥᠷᠳᠡᠪᠡ᠃ ᠲᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠱᠧᠨ᠋ᠵᠧᠨ ᠤ ᠲᠡᠷᠢᠬᠦᠨ ᠤ ᠮᠡᠷᠬᠡᠵᠢᠯ ᠤᠨ ᠰᠤᠳᠤᠯᠭᠠᠨ ᠤ ᠬᠦᠷᠢᠶᠡᠯᠡᠩ ᠢ ᠤᠷᠤᠭᠤᠯᠤᠨ᠂ ᠲᠡᠭᠷᠢᠯᠢᠭ ᠣᠯᠠᠨ ᠲᠠᠶᠠᠭᠠᠷ ᠢᠶᠠᠨ ᠦᠢᠯᠡᠰ ᠪᠦᠳᠦᠬᠡᠬᠦ ᠬᠦᠷᠢᠶᠡᠯᠡᠩ ᠤᠨ ᠰᠢᠨ᠎ᠡ ᠪᠠᠷ ᠪᠤᠶᠢᠵᠢᠭᠤᠯᠤᠭᠰᠠᠨ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ 46 ᠪᠠᠶᠢᠵᠤ᠂ 2 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠠᠮᠵᠢᠯᠳᠠ ᠲᠠᠢ ᠭᠤᠶᠤᠴᠢᠯᠠᠵᠤ᠂ ᠠᠵᠤ ᠠᠬᠤᠶᠢᠯᠠᠯ ᠤᠨ ᠭᠤᠶᠤᠴᠢᠯᠠᠭᠰᠠᠨ ᠲᠤᠰᠬᠠᠶ ᠠᠰᠢᠭ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ 35 ᠵᠦᠶᠯ ᠪᠠᠶᠢᠵᠤ᠂ ᠥᠪᠥᠷ ᠮᠣᠩᠭᠤᠯ ᠎ ᠤᠨ ᠶᠡᠭᠡ ᠰᠤᠷᠭᠠᠭᠤᠯᠢ ᠶᠢᠨ ᠬᠢᠮᠢ ᠶᠢᠨ ᠠᠵᠤ ᠦᠶᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠳᠡᠭᠡᠳᠦ ᠴᠢᠳᠠᠪᠬᠢᠲᠤ ᠬᠤᠪᠣᠷ ᠰᠢᠷᠣᠶ ᠶᠢᠨ ᠨᠠᠨᠤᠮᠧᠲᠷ ᠮᠠᠲ᠋ᠧᠷᠢᠶᠠᠯ ᠪᠠ ᠤᠰᠤ ᠨᠡᠭᠦᠷᠡᠰᠦᠨ ᠤ ᠡᠭᠡᠳᠡᠩ ᠤᠨ ᠨᠡᠮᠡᠯᠲᠡ ᠡᠳ᠋ ᠤᠨ ᠲᠥᠷᠥᠯ ᠵᠦᠶᠯ ᠢ ᠲᠤᠷᠰᠢᠨ ᠪᠡᠶᠡᠯᠡᠭᠦᠯᠵᠦ᠂ ᠱᠧᠨ ᠳ᠋ᠦᠩ 8.8 ᠮᠧᠲᠷ ᠤᠨ ᠬᠡᠲᠦ ᠶᠡᠭᠡ ᠤᠶᠤᠯᠢᠭ ᠶᠡᠷᠦᠩᠬᠡᠶᠢᠯᠡᠨ ᠮᠠᠯᠲᠠᠬᠤ ᠠᠵᠢᠯ ᠤᠨ ᠢᠵᠢ ᠪᠦᠷᠢᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ ᠲᠥᠷᠥᠯ ᠵᠦᠶᠯ ᠪᠥᠬᠦ ᠤᠯᠤᠰ ᠤᠨ ᠠᠵᠤ ᠦᠶᠯᠡᠳᠪᠦᠷᠢ ᠶᠢᠨ ᠬᠦᠷᠢᠶᠡᠨ ᠤ ᠬᠠᠮᠤᠭ ᠤᠨ ᠳᠡᠭᠡᠳᠦ ᠱᠠᠩᠨᠠᠯ ᠢ ᠭᠥᠷᠳᠡᠪᠡ᠃    ︵ᠨᠠᠶᠮᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠬᠤᠰᠢᠭᠤ ᠪᠠᠯᠭᠠᠰᠤ ᠬᠤᠶᠠᠷ ᠱᠠᠲᠤᠨ ᠎ ᠠᠴᠠ 3.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ᠂ ᠵᠠᠮ ᠬᠠᠷᠢᠯᠴᠠᠭᠠᠨ ᠎ ᠤ ᠠᠳᠡᠯ ᠢ ᠤᠷᠢᠳᠴᠢᠯᠠᠨ ᠰᠡᠷᠭᠡᠶᠢᠯᠡᠬᠦ ᠵᠡᠷᠭᠡ 48 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠵᠦ᠂ ᠨᠢᠭᠡ ᠪᠦᠯᠦᠭ ᠠᠷᠠᠳ ᠣᠯᠠᠨ ᠤ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠰᠢᠢᠳᠪᠦᠷᠢᠯᠡᠪᠡ᠃ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠎ ᠶᠢᠨ ᠬᠤᠪᠢᠶᠠᠷᠢ ᠰᠤᠷᠭᠠᠭᠤᠯᠢ᠂ ᠨᠠᠶᠮᠠᠳᠤᠭᠠᠷ ᠪᠠᠭ᠎ᠠ ᠰᠤᠷᠭᠠᠭᠤᠯᠢ ᠵᠡᠷᠭᠡ 4 ᠰᠤᠷᠭᠠᠭᠤᠯᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠤᠮᠳᠠᠳᠤ ᠰᠤᠷᠭᠠᠭᠤᠯᠢ ᠲᠡᠬᠦᠰᠬᠦ ᠨᠢᠬᠡᠳᠦᠯᠳᠠᠢ ᠰᠢᠯᠭᠠᠯᠳᠠ ᠶᠢᠨ ᠬᠤᠳᠠ ᠶᠢᠨ ᠨᠢᠬᠡᠳᠦᠬᠡᠷ ᠲᠤᠮᠳᠠᠳᠤ ᠰᠤᠷᠭᠠᠭᠤᠯᠢ ᠶᠢᠨ ᠨᠢᠬᠡᠳᠦᠯᠳᠠᠢ ᠰᠣᠷᠣᠭᠴᠢ ᠡᠯᠰᠡᠬᠦ ᠪᠠᠷᠢᠮᠵᠢᠶ᠎ᠠ ᠳᠤ ᠬᠥᠷᠬᠦ ᠨᠣᠷᠮ᠎ᠠ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠤᠯᠤᠰ ᠤᠨ ᠰᠢᠯᠭᠠᠯᠲᠠ ᠶᠢᠨ ᠵᠢᠩᠬᠢᠨᠢ ᠠᠩᠭᠢ ᠳᠤ ᠡᠯᠰᠡᠬᠦ ᠨᠣᠷᠮ᠎ᠠ 75.1%᠎ ᠠᠴᠠ ᠪᠠᠨ 88.6% ᠪᠣᠯᠲᠠᠯ᠎ᠠ ᠳᠡᠭᠡᠭᠰᠢᠯᠡᠵᠦ᠂ ᠲᠡᠦᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠵᠡᠷᠭᠡ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠤᠷᠰᠢᠯᠭ᠎ᠠ ᠨᠢ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠲᠡᠬᠡᠳᠦ ᠰᠤᠷᠭᠠᠭᠤᠯᠢ ᠶᠢᠨ ᠬᠢᠴᠢᠶᠡᠯ ᠤᠨ ᠲᠢᠩᠭᠢᠮ ᠳᠤ ᠭᠠᠷᠴᠤ᠂ ᠪᠦᠬᠦ ᠬᠤᠲᠠ ᠶᠢᠨ ︽ᠰᠤᠷᠭᠠᠨ ᠬᠥᠮᠦᠵᠢᠯ ᠤᠨ ᠶᠡᠷᠦᠩᠬᠡᠢᠯᠡᠭᠰᠡᠨ ᠥᠭᠡᠷᠡᠴᠢᠯᠡᠯᠲᠡ ᠨᠡᠬᠡᠬᠡᠯᠳᠡ ᠶᠢᠨ ᠱᠠᠩᠨᠠᠯ︾᠎ ᠢ ᠬᠦᠷᠲᠡᠪᠡ᠃ ᠬᠤᠰᠢᠭᠤ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ᠂ ᠶᠡᠷᠦᠩᠬᠡᠶᠢᠯᠡᠭᠰᠡᠨ ᠮᠣᠩᠭᠤᠯ ᠡᠮᠨᠡᠯᠭᠡ ᠶᠢᠨ ᠬᠤᠷᠢᠶᠠᠨ ᠤ ᠬᠠᠷᠢᠶᠠᠲᠤ ᠢᠨᠵᠧᠨᠧᠷᠢᠩ ᠢ ᠪᠥᠬᠦ ᠲᠠᠯ᠎ᠠ ᠪᠠᠷ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠥᠷᠪᠡᠳᠦᠭᠡᠷ ᠡᠭᠡᠯᠵᠢ ᠶᠢᠨ ᠳᠠᠬᠢᠨ ᠬᠢᠨᠠᠯᠲᠠ ᠳᠤ ᠬᠢᠷᠢ ᠲᠡᠩᠴᠡᠵᠦ᠂ ︽ᠪᠥᠬᠦ ᠤᠯᠤᠰ ᠤᠨ ᠲᠥᠯᠥᠪᠯᠡᠭᠡᠲᠦ ᠦᠷᠡᠵᠢᠯ ᠤᠨ ᠰᠢᠯᠢᠳᠡᠭ ᠦᠶᠯᠡᠴᠢᠯᠡᠭᠡᠨ ᠤ ᠲᠡᠷᠢᠭᠦᠨ ᠤ ᠨᠢᠬᠡᠴᠢ︾᠎ ᠪᠠᠷ ᠦᠨᠡᠯᠡᠭᠳᠡᠪᠡ᠃ ᠰᠢᠨ ᠪᠸᠢ ᠨᠡᠶᠢᠭᠡᠮ ᠲᠣᠭᠤᠷᠢᠭ ︽ᠪᠥᠬᠦ ᠤᠯᠤᠰ ᠤᠨ ᠤᠯᠠᠭᠠᠨ ᠵᠠᠭᠠᠯᠮᠠᠶᠢᠲᠠᠨ ᠤ ᠵᠢᠱᠢᠶᠡᠴᠢ ᠨᠢᠬᠡᠴᠢ︾᠎ ᠪᠠᠷ ᠦᠨᠡᠯᠡᠭᠳᠡᠪᠡ᠃ ᠴᠢᠩ ᠴᠢᠩ ᠺᠧ ᠱᠧ ᠲᠡᠬᠡᠳᠦ ᠲᠡᠰ ᠤᠨ ᠴᠢᠳᠠᠪᠤᠷᠢᠲᠠᠨ ᠤ ᠣᠷᠣᠨ ᠰᠠᠭᠤᠴᠠ ᠪᠠ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠲᠠ ᠪᠠᠯᠭᠠᠰᠤᠨ ᠤ 2500 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 2.8% ᠪᠠᠶᠢᠵᠤ᠂ ᠬᠢᠵᠠᠭᠠᠷᠯᠠᠬᠤ ᠬᠠᠷᠠᠯᠲᠠ ᠠᠴᠠ 1.7 ᠵᠠᠭᠤᠨ ᠤ ᠬᠤᠪᠢ ᠳᠣᠣᠷ᠎ᠠ ᠪᠤᠯᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠳᠠᠭᠠᠨ ᠴᠢᠨᠠᠷᠲᠠᠶ ᠡᠪᠡᠳᠴᠢᠨ ᠢ ᠣᠨᠣᠰᠢᠯᠠᠨ ᠡᠮᠨᠡᠬᠦ ᠳᠤ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠠᠷᠤᠢ ᠳᠤᠨᠢ ᠲᠠᠩᠰᠠᠨ ᠠᠴᠠ ᠲᠠᠶᠢᠯᠠᠬᠤ ᠶᠢ ᠪᠡᠶᠡᠯᠡᠬᠦᠯᠵᠦ᠂ ᠨᠠᠰᠤᠵᠢᠯ ᠤᠨ ᠲᠠᠭᠠᠳᠬᠠᠯ ᠳᠤ ᠤᠷᠤᠯᠴᠠᠬᠤ ᠬᠦᠮᠦᠨ ᠤ ᠲᠤᠭ᠎ᠠ 4.8%᠎ ᠪᠠᠷ ᠨᠡᠮᠡᠭᠳᠡᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠳᠠᠨ ᠢ ᠠᠰᠠᠷᠠᠬᠤ ᠮᠦᠩᠭᠦ ᠬᠦᠮᠦᠨ ᠪᠦᠷᠢ ᠶᠢᠨ ᠰᠠᠷ᠎ᠠ ᠪᠦᠷᠢ 453 ᠲᠦᠬᠦᠷᠢᠭ ᠲᠤ ᠬᠦᠷᠴᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠨ ᠪᠦᠷᠢ ᠰᠠᠷ᠎ᠠ ᠪᠦᠷᠢ ᠶᠢᠨ ᠪᠠᠷᠢᠮᠵᠢᠶ᠎ᠠ ᠶᠢ ᠲᠣᠰ ᠲᠣᠰ 115 ᠲᠥᠭᠦᠷᠢᠭ ᠪᠠ 46 ᠲᠥᠭᠦᠷᠢᠭ ᠳᠡᠭᠡᠭᠰᠢᠯᠡᠭᠦᠯᠵᠦ᠂ 7020 ᠲᠦᠮᠡᠨ ᠲᠥᠭᠦᠷᠢᠭ ᠤᠨ ᠦᠨᠳᠦᠰᠦᠨ ᠪᠠᠲᠤᠯᠠᠭ᠎ᠠ ᠶᠢᠨ ᠮᠥᠩᠭᠦ ᠲᠠᠷᠬᠠᠭᠠᠪᠠ᠃ ᠦᠪᠡᠷᠳᠡᠬᠡᠨ ᠵᠠᠰᠠᠬᠤ ᠤᠷᠤᠨ ᠤ ᠠᠩᠬᠠᠳᠠᠭᠴᠢ ᠵᠡᠮᠳᠡᠭᠴᠣᠳ ᠢ ᠨᠠᠶᠢᠳᠠᠨ ᠠᠰᠠᠷᠠᠬᠤ ᠪᠠ ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠪ ᠬᠡᠷᠡᠭᠯᠡᠯᠳᠡ ᠎ ᠳᠤ ᠤᠷᠤᠪᠠ᠃ ᠡᠷᠳᠡᠨᠢ ᠶᠢᠨ ᠲᠣᠪᠴᠢ ᠰᠣᠶᠣᠯ ᠤᠷᠠᠯᠢᠭ ᠤᠨ ᠦᠵᠡᠭᠦᠯᠭᠡ ᠶᠢᠨ ᠲᠥᠪ᠂ ᠤᠯᠠᠭᠠᠨᠮᠥ᠋ᠴᠢᠷ ᠤᠨ ᠲᠣᠭᠯᠠᠯᠲᠠ ᠶᠢᠨ ᠲᠥᠪ ᠤᠨ ᠬᠡᠷᠡᠭᠯᠡᠯᠳᠡ ᠳᠤ ᠤᠷᠤᠵᠤ᠂ ᠮᠠᠨ ᠤ ᠬᠤᠰᠢᠭᠤᠨ ᠠᠴᠠ ᠳᠡᠪᠰᠢᠭᠦᠯᠦᠭᠰᠡᠨ ᠢᠵᠠᠭᠤᠷ ᠦᠨᠳᠦᠰᠦᠲᠡᠨ ᠤ ᠳᠠᠭᠤᠤ ᠬᠥᠭᠵᠢᠮ ᠤᠨ ᠲᠣᠭᠯᠠᠯᠲᠠ ᠨᠢ ᠤᠯᠤᠰ ᠤᠨ ᠰᠣᠶᠣᠯ ᠵᠢᠭᠤᠯᠴᠢᠯᠠᠯ ᠎ ᠤᠨ ᠶᠠᠮᠤᠨ ᠤ ︽ᠵᠠᠭᠤᠨ ᠵᠢᠯ ᠵᠠᠭᠤᠨ ᠢᠵᠢ︾ ᠭᠤᠤᠯᠳᠠᠯᠭ᠎ᠠ ᠲᠠᠢ ᠲᠡᠳᠬᠦᠬᠦ ᠪᠦᠲᠦᠭᠡᠯ ᠤᠨ ᠨᠡᠷᠡᠰ ᠲᠤ ᠰᠣᠩᠭᠤᠭᠳᠠᠪᠠ᠃ ᠰᠦᠩ ᠴᠢᠩ ᠯᠢᠩ ᠰᠠᠭᠤᠷᠢ ᠮᠥᠩᠭᠦᠨ ᠤ ᠨᠡᠶᠢᠭᠡᠮᠯᠢᠭ ᠤᠨ ᠲᠠᠮᠢᠷ ᠤᠨ ᠮᠠᠩᠯᠠᠶ ᠣᠷᠳᠣᠰ ᠤᠨ ᠨᠡᠶᠢᠲᠡ ᠶᠢᠨ ᠠᠰᠠᠷᠠᠮᠵᠢ ᠶᠢᠨ ᠠᠶᠠᠯᠠᠯ ᠵᠡᠷᠭᠡ ᠲᠣᠮᠣ ᠬᠡᠯᠪᠡᠷᠢ ᠶᠢᠨ ᠰᠣᠶᠣᠯ ᠲᠠᠮᠢᠷ ᠤᠨ ᠬᠥᠳᠡᠯᠭᠡᠭᠡᠨ ᠢ ᠡᠷᠬᠢᠯᠡᠵᠦ᠂ 18 ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠠᠯᠠᠪᠤᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾᠎ ᠢ ᠪᠠᠶᠢᠭᠤᠯᠪᠠ᠃ ᠮᠠᠨ ᠤ ᠬᠤᠰᠢᠭᠤ ᠨᠢ ᠪᠦᠬᠦ ᠬᠤᠲᠠ ᠶᠢᠨ ᠠᠩᠬᠠᠳᠠᠭᠴᠢ ︽ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠰᠢᠭᠤ︾᠎ ᠪᠠᠷ ᠦᠨᠡᠯᠡᠭᠳᠡᠪᠡ᠃    ︵ᠶᠢᠰᠦ︶ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠠᠶᠤᠯᠬᠦᠢ ᠦᠢᠯᠡᠳᠪᠦᠷᠢᠯᠡᠯ ᠤᠨ ᠲᠤᠰᠬᠠᠶ ᠲᠦᠷᠦᠯ ᠎ ᠤᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠨ᠂ ᠪᠦᠬᠦ ᠵᠢᠯ ᠳᠤ ᠨᠡᠯᠢᠶᠡᠳ ᠶᠡᠭᠡ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠭᠠᠷᠤᠭᠰᠠᠨ ᠦᠭᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠲᠡᠭᠦᠰ ᠠᠮᠵᠢᠯᠲᠠ ᠲᠠᠢ ᠰᠡᠭᠦᠯ ᠬᠤᠷᠢᠶᠠᠵᠤ᠂ ︽ᠠᠮᠤᠭᠤᠯᠠᠩ ᠡᠵᠡᠨ ᠬᠤᠷᠤᠭ᠎ᠠ︾᠎ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠲᠣᠰ ᠲᠣᠰ 29.7% ᠪᠠ 7.5%᠎ ᠪᠠᠷ ᠪᠠᠭᠤᠷᠠᠪᠠ᠃ ︽ᠠᠭᠤᠷᠬᠠᠶ ᠶᠢᠨ ᠣᠷᠣᠨ ᠤ ᠨᠡᠭᠦᠳᠡᠯ ᠠᠷᠠᠳ ᠢ ᠲᠥᠪᠬᠢᠨᠡᠭᠦᠯᠬᠦ ᠨᠥᠬᠦᠪᠥᠷᠢ ᠶᠢᠨ ᠠᠷᠭ᠎ᠠ︾᠎ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ ᠠᠭᠤᠷᠬᠠᠶ ᠶᠢᠨ ᠣᠷᠣᠨ ᠤ ᠣᠯᠠᠨ ᠲᠦᠮᠡᠨ ᠤ ᠬᠠᠤᠯᠢ ᠶᠣᠰᠣᠨ ᠤ ᠠᠰᠢᠭ ᠲᠤᠰᠠ ᠶᠢ ᠨᠠᠩ ᠬᠦᠴᠦᠲᠡᠶ ᠪᠠᠲᠤᠯᠠᠪᠠ᠃ ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠴᠢᠯᠡᠨ ᠰᠢᠶᠳᠪᠦᠷᠢᠯᠡᠬᠦ ᠦᠶᠯᠡᠴᠢᠯᠡᠭᠡᠨ ᠤ ᠲᠥᠪ ᠠᠰᠢᠭᠯᠠᠯᠲᠠ ᠳᠤ ᠣᠷᠣᠵᠤ᠂ ᠵᠠᠬᠢᠳᠠᠯ ᠰᠣᠷᠪᠤᠯᠵᠢᠯᠠᠯ ᠤᠨ ᠡᠬᠡᠯᠵᠢ ᠪᠠ ᠬᠥᠮᠦᠨ ᠤ ᠲᠤᠭ᠎ᠠ ᠲᠣᠰ ᠲᠣᠰ 59% ᠪᠠ 64%᠎ ᠪᠠᠷ ᠪᠠᠭᠤᠷᠠᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠵᠦᠶᠯᠡᠰ ᠢ ᠵᠤᠬᠢᠰᠳᠠᠢ ᠰᠢᠶᠳᠪᠦᠷᠢᠯᠡᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢᠨ ᠡᠵᠡᠨ ᠬᠤᠷᠤᠭ᠎ᠠ ᠶᠢᠨ ᠦᠶᠯᠡᠳᠦᠯᠭᠡ ᠢᠯᠡᠳᠲᠡ ᠦᠷ᠎ᠡ ᠪᠦᠲᠦᠮᠵᠢ ᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠦᠨᠵᠡᠬᠡᠶᠢᠷᠡᠬᠦᠯᠦᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠠᠰᠤᠷᠠᠯᠲᠠ ᠦᠭᠡᠢ ᠴᠢᠩᠭᠠᠷᠠᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠠᠵᠢᠯ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠲᠠᠪᠤᠨ ᠬᠤᠭᠤᠴᠠᠭ᠎ᠠ ᠳᠠᠷᠠᠭᠠᠯᠠᠨ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠎ ᠶᠢᠨ ᠢᠷᠠᠭᠤ ᠠᠯᠳᠠᠷ ᠢ ᠬᠦᠷᠲᠡᠪᠡ᠃ ︽ᠣᠯᠠᠨ ᠡᠰᠢᠵᠢᠭᠰᠡᠨ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠰᠢᠶᠠᠨ ᠤ ᠬᠡᠪᠴᠢᠶᠡᠨ ᠤ ᠨᠡᠶᠢᠭᠡᠮ ᠤᠨ ᠵᠠᠰᠠᠯᠲᠠ ᠎ ᠶᠢ ᠬᠥᠲᠥᠯᠥᠨ ᠳᠠᠭᠠᠭᠤᠯᠤᠭᠰᠠᠨ︾ ᠵᠡᠷᠭᠡ 2 ᠬᠡᠷᠡᠭ ᠤᠨ ᠵᠢᠱᠢᠶ᠎ᠡ ᠪᠥᠬᠦ ᠤᠯᠤᠰ ᠤᠨ ᠵᠢᠷᠭᠤᠳᠤᠭᠠᠷ ᠬᠤᠭᠤᠴᠠᠭᠠᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠪᠥᠸᠧ ᠤᠣ ᠶᠢᠨ ᠶᠠᠷᠢᠶᠠᠨ ᠤ ᠲᠠᠪᠴᠠᠩ ᠳᠤ ᠣᠷᠣᠪᠠ᠃    ︵ᠠᠷᠪᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢᠶᠠᠨ ᠴᠢᠩᠭ᠎ᠠ ᠵᠠᠰᠠᠬᠤ᠂ ᠵᠠᠰᠠᠭ ᠢᠶᠠᠨ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ︽ᠨᠢᠭᠡ ᠠᠵᠢᠯ ᠤᠨ ᠪᠠᠶᠢᠷᠢ  ᠎ ᠶᠢᠨ ᠬᠤᠤᠰ ᠬᠠᠷᠢᠭᠤᠴᠠᠯᠭ᠎ᠠ︾ ᠎ ᠶᠢᠨ ᠲᠥᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠬᠤ᠂ ᠲᠥᠪᠯᠡᠷᠡᠭᠦᠯᠦᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ  ᠎ ᠤᠨ ᠲᠤᠰᠬᠠᠢ ᠲᠦᠷᠦᠯ ᠤᠨ ᠵᠠᠰᠠᠯᠳᠠ ᠶᠢᠨ ᠠᠵᠢᠯ ᠱᠠᠳᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠤᠯᠪᠠ᠃ ᠦᠷᠭᠦᠯᠵᠢᠯᠡᠨ ᠪᠢᠴᠢᠭ ᠮᠠᠲ᠋ᠧᠷᠢᠶᠠᠯ ᠢ ᠴᠣᠮᠬᠠᠳᠬᠠᠨ ᠬᠤᠷᠠᠯ ᠢ ᠬᠠᠰᠤᠵᠤ᠂ ᠵᠠᠰᠠᠭ ᠤᠨ ᠣᠷᠳᠣᠨ ᠤ ᠰᠢᠰᠲ᠋ᠧᠮ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠲᠤᠭ᠎ᠠ ᠬᠡᠮᠵᠢᠶ᠎ᠡ ᠶᠢ ᠲᠣᠰ ᠲᠣᠰ 5.4 % ᠪᠠ 17 %᠎ ᠪᠠᠷ ᠪᠠᠭᠤᠷᠠᠭᠤᠯᠪᠠ᠃ ᠵᠠᠰᠠᠭ ᠤᠨ ᠣᠷᠳᠣᠨ ᠠᠴᠠ ᠲᠦᠷᠦᠭᠦᠯᠡᠨ ᠠᠷᠪᠢᠯᠠᠨ ᠭᠠᠮᠨᠠᠵᠤ᠂ ᠬᠤᠰᠢᠭᠤ ᠱᠠᠲᠤᠨ ᠤ ᠡᠩ ᠤᠨ ᠴᠢᠨᠠᠷᠲᠠᠢ ᠵᠠᠷᠤᠯᠭ᠎ᠠ ᠶᠢᠨ ᠲᠥᠰᠦᠪ ᠢ 16.5%᠎ ᠪᠠᠷ ᠪᠠᠭᠠᠰᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ 3.7 ᠳ᠋ᠦᠩᠰᠢᠭᠤᠷ ᠲᠥᠭᠦᠷᠢᠭ ᠬᠢᠨᠠᠨ ᠬᠠᠰᠤᠵᠤ ᠠᠷᠪᠢᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠡᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ 57 ᠬᠤᠪᠢ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ 72 ᠬᠤᠪᠢ ᠰᠠᠨᠠᠯ ᠳᠤᠷᠠᠳᠤᠯᠭ᠎ᠠ ᠶᠢ ᠴᠢᠨᠠᠷ ᠰᠠᠶᠢᠳᠠᠢ ᠰᠢᠢᠳᠪᠦᠷᠢᠯᠡᠪᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠎ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠭᠦᠢᠴᠡᠳ ᠨᠤᠲᠠᠯᠠᠯᠲᠠ ᠶᠢ ᠤᠯᠪᠠ᠃    ᠲᠥᠯᠥᠭᠡᠯᠡᠭᠴᠢᠳ ᠡ︕ 2020 ᠣᠨ ᠳᠤ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠷᠤᠭᠰᠢᠲᠠᠢ ᠶᠠᠪᠤᠭᠳᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠳᠤ ᠴᠢᠨᠠᠷᠳᠠᠢ ᠢᠯᠠᠯᠲᠠ ᠶᠢ ᠤᠯᠪᠠ᠃ ᠥᠩᠭᠡᠷᠡᠭᠰᠡᠨ ᠲᠠᠪᠤᠨ ᠵᠢᠯ ᠢᠶᠠᠨ ᠡᠷᠬᠢᠴᠡᠬᠦᠯᠪᠡᠯ᠂ ᠪᠢᠳᠡ ᠮᠠᠰᠢ ᠣᠯᠠᠨ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠶᠢ ᠢᠯᠡᠨ ᠳᠠᠪᠠᠵᠤ᠂ ᠬᠠᠲᠠᠭᠤ ᠴᠢᠩᠭ᠎ᠠ ᠥᠷᠢᠰᠥᠯᠳᠦᠭᠡᠨ ᠪᠠ ᠰᠢᠯᠭᠠᠯᠲᠠ ᠶᠢ ᠳᠠᠭᠠᠭᠠᠵᠤ᠂ ᠨᠢᠭᠡ ᠪᠦᠯᠦᠭ ᠴᠢᠬᠤᠯᠠ ᠶᠡᠭᠡ ᠶᠠᠪᠤᠳᠠᠯ ᠢ ᠪᠦᠲᠦᠭᠡᠵᠦ᠂ ᠨᠢᠭᠡ ᠪᠦᠯᠦᠭ ᠪᠣᠳᠠᠲᠤ ᠶᠠᠪᠤᠳᠠᠯ ᠬᠦᠴᠢᠷ ᠶᠠᠪᠤᠳᠠᠯ ᠢ ᠵᠤᠬᠢᠰᠳᠠᠢ ᠰᠢᠶᠳᠪᠦᠷᠢᠯᠡᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠦᠷᠭᠦᠯᠵᠢᠯᠡᠨ ᠪᠠᠬᠢᠵᠢᠵᠦ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠵᠡᠨ ᠬᠤᠷᠤᠭ᠎ᠠ ᠶᠢᠨ ᠰᠢᠨ᠎ᠡ ᠠᠶᠠᠯᠠᠯ ᠢᠶᠠᠨ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ︕    ᠲᠠᠪᠤᠨ ᠵᠢᠯ ᠤᠨ ᠲᠤᠷᠰᠢ᠂ ᠪᠢᠳᠠ ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠴᠢᠩᠭᠠᠷᠠᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠣᠷᠣᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ ᠶᠢ ︽ᠠᠷᠪᠠᠨ ᠬᠤᠶᠠᠳᠤᠭᠠᠷ ᠲᠠᠪᠤᠨ ᠵᠢᠯ︾᠎ ᠤᠨ ᠰᠡᠭᠦᠯᠴᠢ ᠶᠢᠨ ᠬᠢ ᠠᠴᠠ ᠲᠣᠰ ᠲᠣᠰ 16.8% ᠪᠠ 53%᠎ ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠲᠣᠰ ᠲᠣᠰ 6.1% ᠪᠠ 8.4%᠎ ᠪᠠᠷ ᠨᠡᠮᠡᠭᠳᠡᠬᠦᠯᠪᠡ᠃ ᠭᠤᠷᠪᠠᠳᠤᠭᠠᠷ ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠵᠦ᠂ ᠨᠢᠭᠡᠳᠦᠭᠡᠷ ᠠᠵᠤ ᠦᠢᠯᠡᠰ ᠬᠠᠷᠢᠴᠠᠩᠭᠤᠢ ᠪᠠᠷ ᠲᠣᠭᠲᠠᠭᠤᠨ ᠪᠠᠶᠢᠬᠤ ᠶᠢ ᠪᠠᠲᠤᠯᠠᠵᠤ᠂ ᠬᠤᠶᠠᠳᠤᠭᠠᠷ ᠠᠵᠤ ᠦᠢᠯᠡᠰ ᠤᠨ ᠬᠤᠪᠢ ᠶᠢᠨ ᠵᠢᠩ ᠦᠷᠭᠦᠯᠵᠢᠯᠡᠨ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠬᠤᠪᠢ ᠶᠢᠨ ᠵᠢᠩ 3.2 ᠵᠠᠭᠤᠨ ᠤ ᠨᠢᠭᠡᠴᠢ ᠳᠡᠭᠡᠭᠰᠢᠯᠡᠵᠦ᠂ ᠨᠡᠭᠦᠷᠡᠰᠦ ᠪᠠᠷ ᠰᠠᠭᠤᠷᠢᠯᠠᠭᠰᠠᠨ ᠡᠨᠧᠷᠭᠢ᠂ ᠲᠤᠨᠤᠭ ᠲᠦᠬᠦᠬᠡᠷᠦᠮᠵᠢ ᠦᠢᠯᠡᠳᠬᠦ᠂ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠥᠲᠥᠯᠥᠨ ᠳᠠᠭᠠᠭᠤᠯᠬᠤ ᠰᠢᠨ᠎ᠡ ᠬᠥᠳᠡᠯᠭᠡᠭᠦᠷ ᠪᠣᠯᠪᠠ᠃ ᠮᠠᠨ ᠤ ᠬᠤᠰᠢᠭᠤ ︽ᠪᠠᠷᠠᠭᠤᠨ ᠣᠷᠣᠨ ᠢ ᠶᠡᠬᠡᠪᠡᠷ ᠨᠡᠭᠡᠭᠡᠨ ᠬᠦᠭᠵᠢᠬᠦᠯᠦᠭᠰᠡᠨ 20 ᠵᠢᠯ ᠤᠨ ᠬᠤᠰᠢᠭᠤ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠬᠥᠭᠵᠢᠯᠲᠡ ᠶᠢᠨ 20 ᠨᠡᠶᠢᠲᠡᠯᠢᠭ ᠵᠢᠱᠢᠶ᠎ᠡ︾᠎ ᠳᠤ ᠰᠣᠩᠭᠤᠭᠳᠠᠨ ᠣᠷᠣᠵᠤ᠂ ᠪᠦᠬᠦ ᠤᠯᠤᠰ ᠤᠨ ᠬᠤᠰᠢᠭᠤ ᠰᠢᠶᠠᠨ ᠤ ᠬᠡᠪᠴᠢᠶᠡᠨ ᠤ ᠠᠵᠤ ᠠᠬᠤᠢ ᠪᠠ ᠬᠤᠰᠢᠭᠤ ᠰᠢᠶᠠᠨ ᠤ ᠬᠡᠪᠴᠢᠶᠡᠨ ᠤ ᠦᠨᠳᠦᠰᠦᠨ ᠥᠷᠢᠰᠦᠯᠳᠦᠬᠦ ᠬᠦᠴᠦᠨ ᠤ ᠵᠠᠭᠤᠨ ᠬᠦᠴᠦᠷᠬᠡᠭ ᠰᠢᠶᠠᠨ ᠤ ᠵᠢᠭᠰᠠᠭᠠᠯᠲᠠ ᠶᠢᠨ 23 ᠳ᠋ᠤᠭᠠᠷ ᠪᠠᠶᠢᠷᠢ ᠠᠴᠠ 20 ᠳ᠋ᠤᠭᠠᠷ ᠪᠠᠶᠢᠷᠢᠨ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠡᠩᠨᠡᠭᠡᠨ ᠳᠤ ᠪᠠᠲᠤᠲᠠᠢ ᠪᠠᠶᠢᠷᠢᠯᠠᠪᠠ᠃     ᠲᠠᠪᠤᠨ ᠵᠢᠯ ᠤᠨ ᠲᠤᠷᠰᠢ᠂ ᠪᠢᠳᠠ ᠠᠮᠢ ᠠᠬᠤᠢ ᠶᠢᠨ ᠰᠡᠷᠬᠦᠬᠡᠨ ᠵᠠᠰᠠᠯᠳᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠵᠠᠰᠠᠯᠲᠠ ᠶᠢ ᠨᠢᠭᠡᠳᠦᠯᠲᠡᠶ ᠲᠥᠯᠥᠪᠯᠡᠵᠦ᠂ 28.4 ᠲᠦᠮᠡᠨ ᠮᠥ ᠨᠣᠭᠤᠭᠠᠷᠠᠭᠤᠯᠤᠨ ᠣᠶᠢᠵᠢᠭᠤᠯᠵᠤ᠂ ᠬᠥᠷᠥᠰᠥ ᠰᠢᠷᠣᠶ ᠶᠢᠨ ᠢᠳᠡᠭᠳᠡᠯ ᠢ 22.6 ᠲᠦᠮᠡᠨ ᠮᠥ ᠵᠠᠰᠠᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 36.8%᠎ ᠳᠤ ᠬᠥᠷᠪᠡ᠃ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ 46 ᠲᠠᠷᠠᠬᠠᠶ ᠪᠤᠲᠠᠷᠬᠠᠶ ᠨᠡᠭᠦᠷᠡᠰᠦᠨ ᠤ ᠦᠶᠯᠡᠳᠪᠦᠷᠢ ᠶᠢ ᠬᠠᠤᠯᠢ ᠶᠣᠰᠣᠭᠠᠷ ᠵᠤᠭᠰᠤᠭᠠᠵᠤ᠂ 30 ᠲᠦᠮᠡᠨ ᠮᠥ ᠨᠡᠭᠦᠷᠡᠰᠦ ᠮᠠᠯᠳᠠᠭᠠᠳ ᠳᠣᠷᠣᠭᠰᠢ ᠰᠠᠭᠤᠭᠰᠠᠨ ᠣᠷᠣᠨ ᠢ ᠵᠠᠰᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ 35 ᠪᠣᠬᠢᠷᠲᠤᠯ ᠥᠬᠡᠶ ᠠᠭᠤᠷᠬᠠᠶ ᠶᠢ ᠪᠠᠶᠢᠭᠤᠯᠪᠠ᠃ ᠤᠯᠠᠭᠠᠨᠮᠦ᠋ᠷᠡᠨ ᠭᠤᠤᠯ ᠪᠣᠯᠤᠨ ᠪᠤᠬ᠎ᠠ ᠶᠢᠨ ᠭᠤᠤᠯ ᠎ ᠤᠨ ᠰᠠᠪᠠ ᠭᠠᠵᠠᠷ ᠤᠨ ᠤᠰᠤᠨ ᠤ ᠴᠢᠨᠠᠷ  ᠪᠠᠷᠢᠮᠵᠢᠶ᠎ᠠ ᠳᠤ ᠬᠦᠷᠪᠡ᠃ ᠠᠭᠠᠷ ᠤᠨ ᠰᠢᠯᠢᠳᠡᠭ ᠨᠣᠷᠮ᠎ᠠ ᠵᠢᠯ ᠲᠤᠮᠳᠠᠴᠢ 92 %᠎ ᠠᠴᠠ ᠳᠡᠭᠡᠭᠰᠢ ᠪᠤᠯᠪᠠ᠃ ᠮᠠᠨ ᠤ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠲᠠᠴᠢᠷᠰᠢᠯ ᠢ ᠵᠠᠰᠠᠭᠰᠠᠨ ᠦᠷ᠎ᠡ ᠪᠦᠲᠦᠭᠡᠯ ᠨᠢ ︽ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠎ ᠶᠢᠨ ᠲᠠᠴᠢᠷᠰᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ︾᠎ ᠶᠢᠨ ᠠᠷᠪᠠᠨ ᠭᠤᠷᠪᠠᠳᠤᠭᠠᠷ ᠤᠳᠠᠭᠠᠨ ᠤ ᠬᠡᠷ᠎ᠡ ᠪᠠᠶᠢᠭᠤᠯᠬᠤ ᠲᠠᠯ᠎ᠠ ᠶᠢᠨ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠥᠨᠳᠥᠷ ᠦᠨᠡᠯᠡᠯᠲᠡ ᠦᠭᠪᠡ᠃    ᠲᠠᠪᠤᠨ ᠵᠢᠯ ᠤᠨ ᠲᠤᠷᠰᠢ᠂ ᠪᠢᠳᠡ ᠬᠤᠲᠠ ᠬᠥᠳᠡᠭᠡ ᠶᠢᠨ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠵᠢᠭᠠᠯᠲᠠ ᠲᠤᠭ᠎ᠠ ᠢᠯᠡᠳᠲᠡ ᠳᠡᠭᠡᠭᠰᠢᠯᠡᠪᠡ᠃ ᠬᠤᠲᠠ ᠶᠢᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠪᠦᠷᠬᠡ ᠬᠡᠷ ᠤᠨ ᠲᠣᠭᠤᠷᠢᠭ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠠᠯᠳᠠᠨᠰᠢᠷᠡᠭᠡ ᠪᠠᠯᠭᠠᠰᠤᠨ ᠤ ᠭᠤᠤᠯᠯᠠᠬᠤ ᠬᠤᠲᠠ ᠶᠢᠨ ᠲᠣᠭᠤᠷᠢᠭ ᠤᠨ ᠤᠰᠤᠨ ᠣᠷᠣᠨ ᠤ ᠲᠠᠯᠠᠪᠠᠶ 17.8 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 48.4 %᠎ ᠳᠤ ᠬᠦᠷᠴᠦ᠂ ᠪᠥᠬᠦ ᠣᠷᠣᠨ ᠤ ᠠᠩᠬᠠᠳᠠᠭᠴᠢ ︽ᠤᠯᠤᠰ ᠤᠨ ᠴᠡᠴᠡᠷᠯᠢᠭᠵᠢᠬᠦᠯᠬᠡ ᠶᠢᠨ ᠰᠢᠶᠠᠨ ᠤ ᠬᠤᠲᠠ︾᠎ ᠪᠠᠷ ᠦᠨᠡᠯᠡᠭᠳᠡᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰᠵᠢᠯᠳᠠ᠂ ᠬᠡᠪᠴᠢᠶᠡᠵᠢᠯᠲᠡ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ ᠤᠷᠤᠵᠤ᠂ ︽ᠪᠥᠬᠦ ᠤᠯᠤᠰ ᠤᠨ ᠬᠦᠳᠡᠭᠡ ᠲᠤᠰᠬᠤᠨ ᠢ ᠴᠡᠪᠡᠷᠰᠢᠭᠦᠯᠬᠦ ᠠᠵᠢᠯᠯᠠᠭ᠎ᠠ ᠶᠢᠨ ᠲᠡᠷᠢᠭᠦᠨ ᠤ ᠰᠢᠶᠠᠨ︾᠎ ᠢᠶᠠᠷ ᠦᠨᠡᠯᠡᠭᠳᠡᠵᠦ᠂ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠎ ᠤᠨ ᠪᠠᠶᠢᠭᠤᠯᠤᠯᠲᠠ ᠶᠢᠨ ᠲᠦᠷᠦᠭᠦᠦ ᠪᠦᠯᠦᠭ ᠤᠨ ᠲᠤᠷᠰᠢᠯᠲᠠ ᠶᠢᠨ ᠨᠢᠬᠡᠴᠢ ᠪᠠᠷ ᠰᠣᠩᠭᠤᠭᠳᠠᠪᠠ᠃ ᠣᠷᠳᠣᠰ ᠤᠨ ᠭᠠᠯᠲᠤ ᠲᠡᠷᠭᠡᠨ ᠥᠷᠲᠡᠭᠡ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠶᠢ ᠨᠡᠪᠲᠡᠷᠡᠭᠦᠯᠵᠦ᠂ ᠡᠵᠡᠨ ᠬᠤᠷᠤᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠪᠥᠬᠦ ᠣᠷᠣᠨ ᠤ ᠳᠥᠷᠪᠡᠳᠦᠭᠡᠷ ᠣᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠪᠤᠯᠪᠠ᠃ ︽︿ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ﹀᠎ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ︾᠎ ᠢᠶᠠᠷ ᠦᠨᠡᠯᠡᠭᠳᠡᠪᠡ᠃    ᠲᠠᠪᠤᠨ ᠵᠢᠯ ᠤᠨ ᠲᠤᠷᠰᠢ᠂ ᠪᠢᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠶᠡᠭᠡ ᠪᠠᠷ ᠰᠢᠯᠢᠳᠡᠭᠵᠢᠪᠡ᠃ ᠠᠵᠤ ᠠᠬᠤᠶ᠂ ᠨᠡᠶᠢᠭᠡᠮ᠂ ᠠᠮᠢ ᠠᠬᠤᠶ ᠶᠢᠨ ᠪᠣᠯᠪᠠᠰᠤᠨ ᠵᠡᠷᠭᠡ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠪᠥᠬᠦ ᠲᠠᠯ᠎ᠠ ᠎ ᠪᠠᠷ ᠭᠦᠨᠵᠡᠭᠡᠶᠢᠷᠡᠭᠦᠯᠵᠦ᠂ ᠬᠤᠰᠢᠭᠤ ᠪᠠᠯᠭᠠᠰᠤ ᠬᠤᠶᠠᠷ ᠱᠠᠲᠤᠨ ᠤ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ᠂ ᠰᠤᠷᠭᠠᠨ ᠬᠥᠮᠦᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠪᠥᠬᠦ ᠣᠷᠣᠨ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠳᠠ ᠦᠬᠡᠢ ᠭᠦᠨᠵᠡᠭᠡᠶᠢᠷᠡᠭᠦᠯᠵᠦ᠂ ︽ᠨᠢᠭᠡ ᠯᠡ ᠡᠭᠦᠳᠡ ᠪᠠᠷ ᠣᠷᠣᠵᠤ᠂ ᠪᠦᠬᠦ ᠶᠠᠪᠤᠳᠠᠯ ᠢ ᠬᠦᠢᠴᠡᠳᠬᠡᠬᠦ︾᠎ ᠶᠢ ᠦᠨᠳᠦᠰᠦᠨ ᠳᠡᠭᠡᠨ ᠪᠡᠶᠡᠯᠡᠭᠦᠯᠵᠦ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠨᠥᠬᠦᠴᠡᠯ ᠶᠡᠭᠡ ᠪᠠᠷ ᠰᠠᠶᠢᠵᠢᠷᠠᠪᠡ᠃ ᠤᠯᠠᠭᠠᠨᠮᠥ᠋ᠷᠡᠨ ᠪᠠᠯᠭᠠᠰᠤ ᠪᠥᠬᠦ ᠤᠯᠤᠰ ᠤᠨ ᠠᠵᠤ ᠠᠬᠤᠶ ᠬᠥᠭᠵᠢᠭᠰᠡᠨ ᠪᠠᠯᠭᠠᠰᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠪᠣᠯᠪᠠ᠃ ᠲᠡᠭᠷᠢᠯᠢᠭ ᠣᠯᠠᠨ ᠲᠠᠶᠠᠭᠠᠷ ᠎ ᠢᠶᠠᠨ ᠦᠢᠯᠡᠰ ᠪᠦᠳᠦᠬᠡᠬᠦ ᠬᠦᠷᠢᠶᠡᠯᠡᠩ ︽ᠤᠯᠤᠰ ᠤᠨ ᠲᠠᠰ ᠤᠨ ᠣᠯᠠᠨ ᠲᠠᠶᠠᠭᠠᠷ ᠢᠶᠠᠨ ᠡᠭᠦᠳᠬᠦ ᠣᠷᠣᠨ ᠵᠠᠶ︾᠎ ᠪᠠᠷ ᠦᠨᠡᠯᠡᠭᠳᠡᠵᠦ᠂ ︽ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠭᠠᠵᠠᠷ︾᠎ ᠢᠶᠠᠷ ᠦᠨᠡᠯᠡᠭᠳᠡᠪᠡ᠃    ᠲᠠᠪᠤᠨ ᠵᠢᠯ ᠤᠨ ᠲᠤᠷᠰᠢ᠂ ᠪᠢᠳᠠ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠎ ᠪᠠᠷ ᠬᠥᠭᠵᠢᠪᠡ᠃ 175.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠪᠡ᠃ ᠪᠥᠬᠦ ᠬᠤᠰᠢᠭᠤᠨ ᠤ 607 ᠡᠷᠦᠬᠡ ᠶᠢᠨ 1365 ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠲᠠᠩᠰᠠᠯᠠᠭᠤᠯᠤᠭᠰᠠᠨ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠶᠢ 21540 ᠲᠥᠭᠦᠷᠢᠭ ᠪᠣᠯᠭᠠᠨ ᠳᠡᠭᠡᠭᠰᠢᠯᠡᠭᠦᠯᠪᠡ᠃ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ︽ᠠᠷᠪᠠᠨ ᠵᠢᠷᠭᠤᠭᠠᠨ ᠵᠢᠯ ᠳᠠᠷᠠᠭᠠᠯᠠᠨ ᠨᠡᠮᠡᠭᠳᠡᠭᠦᠯᠬᠦ︾᠎ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ᠂ ᠡᠮ ᠡᠮᠨᠡᠯᠭᠡ ᠶᠢᠨ ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠵᠡᠮᠳᠡᠭᠴᠦᠳ ᠤᠨ ᠨᠥᠬᠦᠪᠥᠷᠢ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠪᠡ᠃ ᠥᠨᠳᠥᠷ ᠳᠤᠮᠳᠠᠳᠤ ᠶᠢᠨ ᠰᠢᠯᠭᠠᠯᠲᠠ ᠶᠢᠨ ᠬᠢᠷᠢ ᠪᠦᠲᠦᠮᠵᠢ ᠪᠠ ᠤᠯᠤᠰ ᠤᠨ ᠰᠢᠯᠭᠠᠯᠲᠠ ᠶᠢᠨ ᠵᠢᠩᠬᠢᠨᠢ ᠠᠩᠭᠢ ᠳᠤ ᠣᠷᠣᠭᠰᠠᠨ ᠨᠣᠷᠮ᠎ᠠ ᠪᠦᠬᠦ ᠬᠤᠲᠠ ᠶᠢᠨ ᠲᠡᠷᠢᠭᠦᠨ ᠳᠤ ᠣᠷᠣᠪᠠ᠃ ︽ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠳᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠬᠤᠰᠢᠭᠤ︾᠂ ︽ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠱᠢᠶ᠎ᠡ ᠦᠵᠡᠭᠦᠯᠬᠦ ᠬᠤᠰᠢᠭᠤ︾᠂ ︽ᠡᠷᠡᠭᠦᠯ ᠮᠡᠨᠳᠦ ᠶᠢ ᠠᠬᠢᠭᠤᠯᠬᠤ ᠵᠢᠱᠢᠶ᠎ᠡ ᠦᠵᠡᠭᠦᠯᠬᠦ ᠬᠤᠰᠢᠭᠤ︾᠎ ᠪᠠᠷ ᠦᠨᠡᠯᠡᠭᠳᠡᠪᠡ᠃ ᠪᠣᠰᠤᠭ᠎ᠠ ᠴᠣᠭᠴᠠᠲᠤ᠂ ᠮᠡᠳᠡᠭᠡ ᠵᠠᠩᠬᠢᠴᠢᠯᠠᠭᠰᠠᠨ ᠨᠡᠶᠢᠭᠡᠮ ᠤᠨ ᠠᠮᠤᠷ ᠲᠦᠪᠰᠢᠨ ᠎ ᠤ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠤᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠤᠭ᠎ᠠ ᠪᠦᠷᠢᠳᠬᠡᠯ ᠲᠠᠩᠰᠠ ᠡᠪᠬᠡᠮᠡᠯ᠂ ᠠᠮᠤ ᠪᠤᠳᠠᠭ᠎ᠠ ᠬᠠᠩᠭᠠᠨ ᠪᠣᠷᠣᠯᠠᠭᠤᠯᠬᠤ᠂ ᠭᠠᠵᠠᠷ ᠬᠥᠳᠡᠯᠦᠯᠲᠡ ᠴᠠᠭ ᠠᠭᠤᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠬᠤᠶᠠᠷ ᠢ ᠬᠦᠷᠢᠶᠡᠯᠡᠨ ᠬᠠᠷᠠᠭᠠᠯᠵᠠᠬᠤ ᠵᠡᠷᠭᠡ ᠠᠵᠢᠯ ᠎ ᠢ ᠲᠠᠰᠤᠷᠠᠯᠲᠠ ᠥᠬᠡᠶ ᠴᠢᠩᠭᠠᠳᠬᠠᠵᠤ᠂ ᠠᠵᠢᠯᠴᠢᠨ ᠤ ᠡᠪᠯᠡᠯ᠂ ᠵᠡᠮᠳᠡᠭᠴᠦᠳ ᠤᠨ ᠬᠤᠯᠪᠤᠭᠠᠳᠤ ᠬᠤᠷᠠᠯ᠂ ᠤᠯᠠᠭᠠᠨ ᠵᠠᠭᠠᠯᠮᠠᠶᠢᠲᠠᠨ᠂ ᠡᠪ ᠬᠠᠮᠲᠤ ᠵᠠᠯᠠᠭᠤᠴᠤᠳ ᠎ ᠤᠨ ᠡᠪᠯᠡᠯ ᠵᠡᠷᠭᠡ ᠠᠵᠢᠯ ᠦᠶᠯᠡᠰ ᠴᠥᠮ ᠰᠢᠨ᠎ᠡ ᠦᠷ᠎ᠡ ᠪᠦᠲᠦᠮᠵᠢ ᠤᠯᠪᠠ᠃ ᠮᠠᠨ ᠤ ᠬᠤᠰᠢᠭᠤ ︽ᠳᠤᠮᠳᠠᠳᠤ ᠤᠯᠤᠰ ᠤᠨ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ︾᠎ ᠶᠢ ᠬᠡᠷᠡᠭᠵᠢᠭᠦᠯᠦᠭᠰᠡᠨ ᠤᠯᠤᠰ ᠤᠨ ᠲᠡᠰ ᠤᠨ ᠵᠢᠱᠢᠶ᠎ᠡ ᠦᠵᠡᠭᠦᠯᠬᠦ ᠰᠢᠶᠠᠨ ᠪᠠ ︽ᠪᠦᠬᠦ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠤᠭᠰᠠᠨ ᠲᠡᠷᠢᠭᠦᠨ ᠤ ᠬᠤᠰᠢᠭᠤ︾᠎ ᠪᠠᠷ ᠦᠨᠡᠯᠡᠭᠳᠡᠪᠡ᠃    ᠲᠥᠯᠥᠭᠡᠯᠡᠭᠴᠢᠳ ᠡ︕ ᠥᠩᠭᠡᠷᠡᠭᠰᠡᠨ ᠲᠠᠪᠤᠨ ᠵᠢᠯ ᠤᠨ ᠠᠮᠵᠢᠯᠲᠠ ᠪᠦᠲᠦᠮᠵᠢ ᠶᠢ ᠤᠯᠬᠤ ᠬᠢᠯᠪᠡᠷ ᠪᠤᠰᠤ ᠶᠤᠮ᠃ ᠡᠨᠡ ᠪᠣᠯ ᠳᠡᠭᠡᠳᠦ ᠱᠠᠲᠤᠨ ᠤ ᠨᠠᠮ ᠎ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠳᠡᠮᠵᠢᠯᠭᠡ ᠶᠢᠨ ᠦᠷ᠎ᠡ ᠳ᠋ᠦᠩ ᠮᠥᠨ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠬᠦᠴᠦ ᠪᠠᠨ ᠬᠠᠮᠲᠤᠳᠬᠠᠨ ᠰᠢᠪᠳᠤᠯᠤᠯᠳᠠ ᠬᠢᠵᠦ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ᠂ ᠡᠵᠡᠨ ᠬᠤᠷᠤᠭ᠎ᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠪᠢᠳᠡ ᠬᠥᠭᠵᠢᠯᠲᠡ ᠶᠢᠨ ᠠᠮᠵᠢᠯᠲᠠ ᠪᠦᠳᠦᠮᠵᠢ ᠪᠠᠨ ᠨᠤᠲᠠᠯᠠᠬᠤ ᠪᠠᠷ ᠪᠠᠷᠠᠬᠤ ᠥᠬᠡᠶ᠂ ᠨᠠᠩ ᠴᠤ ᠲᠤᠯᠭᠠᠷᠠᠵᠤ ᠪᠠᠶᠢᠭ᠎ᠠ ᠠᠰᠠᠭᠤᠳᠠᠯ ᠪᠠ ᠥᠷᠢᠰᠥᠯᠳᠦᠭᠡᠨ ᠢ ᠣᠯᠵᠤ ᠬᠠᠷᠠᠬᠤ ᠬᠡᠷᠡᠭᠲᠡᠶ᠄ ᠤᠷᠲᠤ ᠬᠤᠭᠤᠴᠠᠭᠠᠨ ᠤ ᠴᠥᠬᠦᠷᠡᠰᠢ ᠥᠬᠡᠶ ᠴᠢᠷᠮᠠᠶᠢᠯᠭ᠎ᠠ ᠪᠠᠷ ᠳᠠᠮᠵᠢᠨ᠂ ᠪᠥᠬᠦ ᠬᠤᠰᠢᠭᠤᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠂ ᠬᠥᠭᠵᠢᠯᠲᠡ ᠶᠢᠨ ᠬᠢᠷᠢ ᠲᠦᠪᠰᠢᠨ᠂ ᠰᠠᠭᠤᠷᠢ ᠨᠥᠬᠦᠴᠡᠯ ᠴᠥᠮ ᠰᠢᠨ᠎ᠡ ᠳᠡᠭᠲᠡᠷ ᠲᠤ ᠭᠠᠷᠤᠭᠰᠠᠨ ᠪᠣᠯᠪᠠᠴᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠪᠠᠰᠠ ᠥᠨᠳᠥᠷ ᠪᠢᠰᠢ ᠪᠠᠶᠢᠵᠤ᠂ ᠡᠨᠧᠷᠬᠢ ᠶᠢᠨ ᠬᠤᠷᠤᠭᠳᠠᠯ ᠤᠨ ︽ᠬᠤᠤᠰ ᠡᠵᠡᠮᠳᠡᠯ︾ ᠪᠠ ᠡᠨᠧᠷᠬᠢ ᠠᠷᠪᠢᠯᠠᠨ ᠪᠤᠬᠢᠷᠳᠤᠯ ᠪᠤᠳᠠᠰ ᠭᠠᠳᠠᠭᠰᠢᠯᠠᠭᠤᠯᠬᠤ ᠎ ᠶᠢ ᠪᠠᠭᠠᠰᠬᠠᠬᠤ ᠲᠠᠷᠤᠯᠳᠠ ᠶᠡᠭᠡ᠃ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠡᠭᠦᠷᠭᠡ ᠬᠦᠨᠳᠦ ᠪᠠᠶᠢᠨ᠎ᠠ᠃ ᠠᠵᠤ ᠦᠶᠯᠡᠰ ᠤᠨ ᠬᠡᠯᠬᠢᠶ᠎ᠡ ᠥᠷᠲᠡᠭ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢᠨ ᠠᠭᠤᠰᠤᠯᠴᠠᠯ ᠤᠨ ᠬᠡᠮᠵᠢᠶ᠎ᠡ ᠳᠣᠤᠷ᠎ᠠ ᠪᠠᠶᠢᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠶᠯᠡᠰ ᠤᠨ ᠪᠣᠶᠢᠵᠢᠯᠲᠠ ᠬᠠᠷᠢᠴᠠᠩᠭᠤᠶ ᠬᠤᠴᠣᠷᠤᠩᠭᠤᠶ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠦᠴᠦᠷᠬᠡᠭ ᠪᠤᠰᠤ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠴᠢᠬᠤᠯᠠᠳᠠᠢ ᠪᠠᠶᠢᠵᠤ᠂ ᠬᠥᠭᠵᠢᠯᠲᠡ ᠶᠢ ᠬᠢᠵᠠᠭᠠᠷᠯᠠᠬᠤ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠮᠥᠨ ᠯᠡ ᠴᠥᠭᠡᠨ ᠪᠤᠰᠤ ᠪᠠᠶᠢᠨ᠎ᠠ᠃ ᠰᠤᠷᠭᠠᠨ ᠬᠥᠮᠦᠵᠢᠯ᠂ ᠡᠮ ᠡᠮᠨᠡᠯᠬᠡ ᠵᠡᠷᠭᠡ ᠴᠢᠨᠠᠷ ᠰᠠᠶᠢᠲᠠᠶ ᠣᠯᠠᠨ ᠨᠡᠶᠢᠲᠡ ᠶᠢᠨ ᠦᠶᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠬᠠᠷᠢᠴᠠᠩᠭᠤᠶ ᠬᠦᠷᠦᠯᠴᠡᠬᠦ ᠥᠬᠡᠶ ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ ᠪᠠ ᠵᠠᠶᠢᠯᠠᠰᠢ ᠦᠭᠡᠢ ᠵᠠᠷᠤᠯᠭ᠎ᠠ ᠶᠢᠨ ᠵᠥᠷᠢᠴᠡᠯ ᠤᠯᠠᠮ ᠨᠢᠭᠡ ᠠᠯᠬᠤᠮ ᠲᠤᠪᠤᠶᠢᠮ᠎ᠠ ᠪᠤᠯᠵᠤ ᠪᠠᠶᠢᠬᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠢ ᠪᠢᠳᠡ ᠬᠤᠶᠢᠰᠢᠳᠠ ᠶᠢᠨ ᠠᠵᠢᠯ ᠤᠨ ᠳᠤᠮᠳᠠ ᠬᠦᠴᠦᠲᠡᠢ ᠠᠷᠭ᠎ᠠ ᠬᠡᠮᠵᠢᠶ᠎ᠡ ᠠᠪᠴᠤ᠂ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠂ ᠪᠦᠬᠦ ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ︕   ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠲᠡᠮᠡᠴᠡᠬᠦ ᠬᠠᠷᠠᠯᠲᠠ    ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ ᠬᠤᠷᠤᠭ᠎ᠠ ᠬᠤᠰᠢᠭᠤᠨ ᠤ ᠬᠤᠷᠢᠶᠠᠨ ᠤ ᠰᠠᠨᠠᠭᠤᠯᠭ᠎ᠠ︾᠎ ᠶᠢ ᠦᠨᠳᠦᠰᠦᠯᠡᠨ᠂ ᠪᠢᠳᠡ ᠥᠷᠭᠡᠨ ᠢᠶᠠᠷ ᠰᠠᠨᠠᠯ ᠬᠤᠷᠢᠶᠠᠵᠤ᠂ ᠭᠦᠶᠴᠡᠳ ᠪᠠᠶᠢᠴᠠᠭᠠᠨ ᠰᠤᠳᠤᠯᠵᠤ ᠨᠤᠲᠠᠯᠠᠭᠰᠠᠨ ᠰᠠᠭᠤᠷᠢᠨ ᠳᠡᠭᠡᠷ᠎ᠡ᠂ ︽ᠡᠵᠡᠨ ᠬᠤᠷᠤᠭ᠎ᠠ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾᠎ ᠶᠢ ᠨᠠᠶᠢᠷᠠᠭᠤᠯᠤᠨ ᠵᠣᠬᠢᠶᠠᠵᠤ᠂ ᠶᠡᠭᠡ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠪᠡ᠃    ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠪᠣᠯᠤᠨ᠎ᠠ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ᠂ ᠪᠢᠳᠡ 2035 ᠤᠨ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠬᠦᠯᠬᠦ ᠠᠯᠤᠰ ᠬᠠᠷᠠᠯᠳᠠ ᠶᠢᠨ ᠲᠤᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠤᠨ ᠰᠢᠨ᠎ᠡ ᠬᠥᠭᠵᠢᠯᠲᠡ ᠶᠢᠨ ᠪᠠᠶᠢᠳᠠᠯ ᠳᠤ ᠲᠦᠷᠭᠡᠨ ᠠᠭᠤᠰᠤᠯᠴᠠᠨ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠭᠤᠶᠢᠪᠢᠰᠢ ᠦᠭᠡᠢ ᠪᠠᠷᠢᠮᠳᠠᠯᠠᠵᠤ᠂ ᠪᠤᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ᠂ ︽ᠬᠤᠶᠠᠷ ᠬᠠᠯᠬᠠᠪᠴᠢ︾᠎ ᠶᠢ ᠪᠠᠬᠢᠵᠢᠬᠦᠯᠵᠦ᠂ ︽ᠬᠤᠶᠠᠷ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠤᠨ᠂ ︽ᠨᠢᠭᠡ ᠪᠠᠬᠢᠯᠡᠯᠲᠡ︾᠎ ᠶᠢ ᠪᠠᠶᠢᠭᠤᠯᠬᠤ ᠳᠤ ᠬᠤᠪᠢ ᠨᠡᠮᠡᠷᠢ ᠪᠠᠨ ᠡᠷᠬᠦᠬᠦ ᠶᠢᠨ ᠲᠦᠯᠦᠬᠡ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠡᠵᠡᠨ ᠬᠤᠷᠤᠭ᠎ᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃    —— ᠳᠠᠪᠠᠭᠤᠯᠢᠭ ᠡᠬᠢ ᠪᠠᠶᠠᠯᠢᠭ ᠢᠶᠠᠷ ᠲᠦᠰᠢᠭ ᠪᠣᠯᠭᠠᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠲᠡᠷᠢᠬᠦᠨ ᠤ ᠤᠷᠤᠨ ᠎ ᠢ ᠪᠠᠶᠢᠭᠤᠯᠤᠨ᠎ᠠ᠃ ᠪᠥᠬᠦ ᠤᠯᠤᠰ ᠤᠨ ᠠᠩᠬᠠᠳᠠᠭᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠵᠦᠭᠰᠢᠷᠡᠬᠦᠯᠦᠨ ᠨᠠᠮᠳᠠᠭᠠᠬᠤ ᠠᠵᠤ ᠦᠢᠯᠡᠰ ᠤᠨ ᠬᠦᠷᠢᠶᠡᠯᠡᠩ ᠢ ᠲᠦᠷᠦᠭᠦᠯᠡᠨ ᠪᠠᠶᠢᠭᠤᠯᠵᠤ᠂ ᠤᠶᠤᠨᠴᠢᠯᠠᠭᠰᠠᠨ ᠪᠤᠬᠢᠷᠳᠤᠯ ᠦᠬᠡᠢ ᠴᠠᠬᠢᠯᠭᠠᠨ ᠵᠢᠴᠢ ᠰᠠᠯᠬᠢ ᠬᠡᠷᠡᠯ ᠬᠠᠳᠠᠭᠠᠯᠠᠬᠤ ᠤᠰᠤᠲᠥ᠋ᠷᠥᠭᠴᠢ ᠶᠢᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠤᠨ᠎ᠠ᠃ ᠪᠠᠷᠠᠭᠤᠨ ᠬᠡᠰᠡᠭ ᠭᠠᠵᠠᠷ ᠣᠷᠣᠨ ᠤ ᠤᠰᠤᠲᠥ᠋ᠷᠥᠭᠴᠢ ᠶᠢᠨ ᠡᠨᠧᠷᠭᠢ ᠶᠢᠨ ᠵᠢᠱᠢᠶ᠎ᠡ ᠦᠵᠡᠭᠦᠯᠬᠦ ᠬᠤᠲᠠ ᠶᠢ ᠤᠷᠢᠳᠠᠪᠠᠷ ᠪᠠᠶᠢᠭᠤᠯᠵᠤ᠂ ᠤᠰᠤᠲᠥ᠋ᠷᠥᠭᠴᠢ ᠦᠢᠯᠡᠳᠬᠦ᠂ ᠤᠰᠤᠲᠥ᠋ᠷᠥᠭᠴᠢ ᠬᠠᠳᠠᠭᠠᠯᠠᠬᠤ᠂ ᠤᠰᠤᠲᠥ᠋ᠷᠥᠭᠴᠢ ᠨᠡᠮᠡᠬᠦ ᠪᠠ ᠲᠦᠯᠡᠰᠢᠨ ᠳ᠋ᠢᠶᠠᠨ ᡂᠢ ᠰᠤᠳᠤᠯᠤᠨ ᠨᠡᠭᠡᠭᠡᠵᠦ ᠦᠢᠯᠡᠳᠬᠦ ᠬᠡᠷᠡᠭᠯᠡᠭᠡᠨ ᠤ ᠪᠦᠷᠢᠨ ᠠᠵᠤ  ᠦᠢᠯᠡᠰ ᠤᠨ ᠬᠡᠯᠬᠢᠶ᠎ᠡ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ ᠪᠥᠬᠦ ᠤᠯᠤᠰ ᠤᠨ 5G ᠣᠶᠤᠨᠴᠢᠯᠠᠭᠰᠠᠨ ᠵᠢᠱᠢᠶ᠎ᠡ ᠦᠵᠡᠭᠦᠯᠬᠦ ᠠᠭᠤᠷᠬᠠᠶ ᠶᠢᠨ ᠣᠷᠣᠨ ᠢ ᠤᠷᠢᠳ ᠢᠶᠠᠷ ᠪᠠᠶᠢᠭᠤᠯᠵᠤ᠂ ᠪᠥᠬᠦ ᠤᠯᠤᠰ ᠤᠨ ᠨᠡᠭᠦᠷᠡᠰᠦᠨ ᠤ ᠬᠦᠷᠢᠶ᠎ᠡ ᠬᠡᠪᠴᠢᠶᠡᠨ ᠤ ᠲᠡᠷᠢᠭᠦᠨ ᠤ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃    —— ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠳᠡ ᠪᠠᠷ ᠬᠥᠳᠡᠯᠭᠡᠭᠦᠷ ᠪᠣᠯᠭᠠᠵᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠥᠪᠯᠡᠷᠡᠭᠰᠡᠨ ᠣᠷᠣᠨ ᠢ ᠴᠣᠭᠴᠠᠯᠠᠨ᠎ᠠ᠃ ᠣᠲᠣ ᠦᠶ᠎ᠡ ᠶᠢᠨ ᠡᠨᠧᠷᠭᠢ ᠶᠢᠨ ᠠᠵᠤ ᠠᠬᠤᠶ᠂ ᠬᠡᠷᠡᠯ ᠴᠠᠬᠢᠯᠭᠠᠨ ᠤ ᠮᠠᠲ᠋ᠧᠷᠢᠶᠠᠯ᠂ ᠡᠨᠧᠷᠭᠢ ᠬᠠᠳᠠᠭᠠᠯᠠᠬᠤ ᠮᠠᠲ᠋ᠧᠷᠢᠶᠠᠯ᠂ ᠤᠶᠤᠨᠴᠢᠯᠠᠭᠰᠠᠨ ᠠᠭᠤᠷᠬᠠᠶ ᠳᠤ ᠬᠡᠷᠡᠭᠯᠡᠬᠦ ᠦᠢᠯᠡᠳᠬᠦᠨ ᠵᠡᠷᠭᠡ ᠬᠦᠷᠢᠶ᠎ᠡ ᠬᠡᠪᠴᠢᠶᠡᠨ ᠳᠤ ᠵᠠᠩᠭᠢᠯᠠᠭ᠎ᠠ ᠶᠢᠨ ᠮᠡᠷᠭᠡᠵᠢᠯ ᠢ ᠤᠷᠢᠳ ᠢᠶᠠᠷ ᠥᠷᠨᠢᠭᠦᠯᠵᠦ᠂ ᠪᠠᠷᠠᠭᠤᠨ ᠬᠤᠶᠢᠲᠤ ᠣᠷᠣᠨ ᠤ ᠲᠡᠷᠢᠭᠦᠨ ᠤ ᠡᠨᠧᠷᠭᠢ ᠶᠢᠨ ᠠᠵᠤ  ᠦᠢᠯᠡᠰ ᠤᠨ ᠰᠢᠨ᠎ᠡ ᠶᠢ ᠡᠭᠦᠳᠬᠦ ᠲᠥᠪ᠂ ᠰᠢᠨ᠎ᠡ ᠮᠠᠲ᠋ᠧᠷᠢᠶᠠᠯ ᠦᠢᠯᠡᠳᠪᠦᠷᠢᠯᠡᠨ ᠰᠤᠳᠤᠯᠤᠨ ᠨᠡᠭᠡᠭᠡᠬᠦ ᠰᠠᠭᠤᠷᠢᠨ ᠭᠠᠵᠠᠷ᠂ ᠠᠭᠤᠷᠬᠠᠶ ᠶᠢᠨ ᠬᠡᠷᠡᠭᠯᠡᠬᠡᠨ ᠤ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠰᠡᠯᠪᠢᠨ ᠵᠠᠰᠠᠯᠲᠠ ᠪᠠ ᠮᠡᠷᠭᠡᠵᠢᠯ ᠤᠨ ᠦᠢᠯᠡᠴᠢᠯᠡᠬᠡᠨ ᠤ ᠰᠠᠭᠤᠷᠢᠨ ᠢ ᠪᠠᠶᠢᠭᠤᠯᠤᠨ᠎ᠠ᠃    —— ᠤᠯᠤᠰ ᠤᠨ ᠦᠶᠯᠡᠳᠪᠦᠷᠢᠯᠡᠯ ᠦᠶᠯᠡᠴᠢᠯᠡᠭᠡᠨ ᠤ ᠬᠡᠯᠪᠡᠷᠢ ᠶᠢᠨ ᠪᠠᠷᠠᠭᠠᠨ ᠤ ᠭᠦᠶᠯᠭᠡᠭᠡᠨ ᠤ ᠵᠠᠩᠭᠢᠯᠠᠭ᠎ᠠ ᠪᠠᠷ ᠭᠤᠤᠯ ᠴᠣᠭᠴᠠ ᠪᠣᠯᠭᠠᠵᠤ ᠣᠲᠣ ᠦᠶ᠎ᠡ ᠎ ᠶᠢᠨ ᠦᠶᠯᠡᠴᠢᠯᠡᠭᠡᠨ ᠤ ᠦᠶᠯᠡᠰ ᠤᠨ ᠭᠤᠤᠯ ᠲᠣᠭᠤᠷᠢᠭ ᠢ ᠡᠭᠦᠳᠦᠨ ᠪᠠᠶᠢᠭᠤᠯᠤᠨ᠎ᠠ᠃ ᠪᠥᠬᠦ ᠬᠤᠲᠠ ᠶᠢᠨ ᠠᠩᠬᠠᠳᠠᠭᠴᠢ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠡᠳ᠋ ᠪᠠᠷᠠᠭᠠᠨ ᠤ ᠬᠦᠢᠯᠬᠡᠬᠡᠨ ᠤ ᠵᠠᠩᠭᠢᠯᠠᠭ᠎ᠠ ᠶᠢ ᠤᠷᠢᠳᠠᠪᠠᠷ ᠡᠭᠦᠳᠦᠨ ᠪᠠᠶᠢᠭᠤᠯᠵᠤ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠠᠵᠤ ᠠᠬᠤᠶ ᠶᠢᠨ ᠪᠦᠰᠡ ᠶᠢᠨ ᠲᠠᠸᠠᠷ ᠡᠳ᠋ ᠪᠠᠷᠠᠭᠠᠨ ᠤ ᠬᠦᠢᠯᠬᠡᠬᠡᠨ ᠤ ᠲᠠᠮᠵᠢᠭᠤᠯᠬᠤ ᠬᠥᠮᠥᠷᠭᠡ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠲᠠᠰ ᠤᠨ ᠣᠲᠣ ᠦᠶ᠎ᠡ ᠶᠢᠨ ᠨᠡᠭᠦᠷᠡᠰᠦᠨ ᠤ ᠡᠳ᠋ ᠪᠠᠷᠠᠭᠠᠨ ᠤ ᠬᠦᠢᠯᠬᠡᠬᠡᠨ ᠤ ᠰᠠᠭᠤᠷᠢᠨ ᠭᠠᠵᠠᠷ᠂ ︽ᠨᠢᠭᠡ ᠪᠦᠰᠡ ᠨᠢᠭᠡ ᠵᠠᠮ︾᠎ ᠤᠨ ᠳᠤᠮᠳᠠ ᠪᠠᠷᠠᠭᠤᠨ ᠬᠡᠰᠡᠭ ᠭᠠᠵᠠᠷ ᠣᠷᠣᠨ ᠤ ᠴᠢᠬᠤᠯᠠ ᠡᠳ᠋ ᠪᠠᠷᠠᠭ᠎ᠠ ᠶᠢ ᠲᠠᠮᠵᠢᠭᠤᠯᠤᠨ ᠲᠥᠪᠯᠡᠷᠡᠭᠦᠯᠵᠤ ᠲᠠᠷᠬᠠᠭᠠᠬᠤ ᠴᠡᠭ ᠢ ᠪᠠᠶᠢᠭᠤᠯᠤᠨ᠎ᠠ᠃    —— ᠭᠠᠵᠠᠷ ᠣᠷᠣᠨ ᠤ ᠤᠨᠴᠠᠯᠢᠭᠳᠤ ᠰᠣᠶᠣᠯ ᠢᠶᠠᠷ ᠭᠤᠤᠯ ᠪᠣᠯᠭᠠᠨ ᠠᠮᠢ ᠠᠬᠤᠶ ᠶᠢᠨ ᠡᠷᠡᠭᠦᠯᠵᠢᠯ ᠰᠤᠪᠢᠯᠠᠯᠲᠠ ᠶᠢᠨ ᠰᠣᠶᠣᠯ ᠵᠢᠭᠤᠯᠴᠢᠯᠠᠯ ᠤᠨ ᠵᠣᠷᠢᠭᠰᠠᠨ ᠭᠠᠵᠠᠷ ᠢ ᠪᠠᠶᠢᠭᠤᠯᠤᠨ᠎ᠠ᠃ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠬᠤᠲᠠ ᠶᠢ ᠤᠷᠢᠳᠠᠪᠠᠷ ᠡᠭᠦᠳᠦᠨ ᠪᠠᠶᠢᠭᠤᠯᠵᠤ᠂ ᠤᠯᠤᠰ ᠤᠨ ᠳᠣᠲᠣᠭᠠᠳᠤ ᠳᠤ ᠨᠠᠷᠠᠲᠠᠶ ᠰᠣᠶᠣᠯ ᠢ ᠲᠤᠷᠰᠢᠨ ᠤᠶᠢᠯᠠᠭᠠᠯᠳᠠ ᠬᠢᠬᠦ᠂ ᠡᠷᠡᠭᠦᠯ ᠮᠡᠨᠳᠦ ᠪᠡᠶ᠎ᠡ ᠰᠤᠪᠢᠯᠠᠯᠲᠠ᠂ ᠵᠢᠭᠤᠯᠴᠢᠯᠠᠯ ᠤᠷᠤᠰᠢᠨ ᠰᠠᠭᠤᠷᠢᠰᠢᠬᠤ ᠨᠠᠰᠤᠵᠢᠯ ᠤᠨ ᠦᠵᠡᠮᠵᠢᠲᠦ ᠣᠷᠣᠨ ᠢ ᠪᠠᠶᠢᠭᠤᠯᠵᠤ᠂ ︽ᠲᠩᠷᠢᠯᠢᠭ ᠳᠠᠷᠬᠠᠨ ᠣᠷᠣᠨ ᠡᠵᠡᠨ ᠬᠤᠷᠤᠭ᠎ᠠ︾᠎ ᠶᠢᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠠᠯᠳᠠᠷᠰᠢᠭᠤᠯᠤᠨ᠎ᠠ    ——ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ ᠠᠮᠢ ᠠᠬᠤᠶ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠢ ᠪᠠᠶᠢᠭᠤᠯᠤᠨ᠎ᠠ᠃ ᠪᠦᠬᠦ ᠤᠯᠤᠰ ᠤᠨ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠤ ᠠᠮᠢ ᠠᠬᠤᠢ ᠶᠢ ᠰᠡᠷᠭᠦᠭᠡᠨ ᠵᠠᠰᠠᠬᠤ ᠵᠢᠱᠢᠶ᠎ᠡ ᠦᠵᠡᠭᠦᠯᠬᠦ ᠣᠷᠣᠨ ᠢ ᠤᠷᠢᠳ ᠢᠶᠠᠷ ᠪᠠᠶᠢᠭᠤᠯᠵᠤ᠂ ︽ᠠᠮᠢ ᠠᠬᠤᠢ ᠶᠢ ᠰᠡᠷᠭᠦᠭᠡᠬᠦ + ᠭᠡᠷᠡᠯ ᠴᠠᠬᠢᠯᠭᠠᠨ + ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ︾᠂ ᠪᠤᠢ ᠪᠦᠬᠦᠢ ᠨᠡᠭᠦᠷᠡᠰᠦᠨ ᠠᠭᠤᠷᠬᠠᠢ ᠴᠥᠮ ᠥᠨᠳᠥᠷ ᠪᠠᠷᠢᠮᠵᠢᠶ᠎ᠠ ᠪᠠᠷ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠤ᠂ ᠤᠯᠤᠰ ᠤᠨ ᠨᠥᠭᠡᠴᠡ ᠤᠢ᠂ ᠨᠡᠭᠦᠷᠡᠰᠦᠨ ᠠᠭᠤᠷᠬᠠᠢ ᠶᠢᠨ ᠪᠤᠬᠢᠷᠳᠤᠯ ᠤᠰᠤ ᠶᠢ ᠶᠡᠷᠦᠩᠬᠡᠶᠢᠯᠡᠨ ᠠᠰᠢᠭᠯᠠᠬᠤ ᠪᠦᠬᠦ ᠤᠯᠤᠰ ᠤᠨ ᠬᠡᠪ ᠳᠠᠭᠤᠷᠢᠶᠠᠯ ᠢ ᠪᠤᠢ ᠪᠣᠯᠭᠠᠨ᠎ᠠ᠃    —— ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠠᠷ ᠬᠠᠷᠠᠯᠲᠠ ᠪᠣᠯᠭᠠᠵᠤ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ ᠦᠯᠢᠭᠡᠷ ᠳᠠᠭᠤᠷᠢᠶᠠᠯ ᠎ ᠤᠨ ᠣᠷᠣᠨ ᠢ ᠪᠠᠶᠢᠭᠤᠯᠤᠨ᠎ᠠ᠃ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠬᠢᠷᠲᠤᠯ ᠥᠬᠡᠶ ᠬᠤᠲᠠ ᠶᠢ ᠤᠷᠢᠳᠠᠪᠠᠷ ᠪᠠᠶᠢᠭᠤᠯᠵᠤ᠂ 2023 ᠣᠨ ᠳᠤ ᠪᠥᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ ᠶᠢᠨ ᠡᠩᠨᠡᠭᠡᠨ ᠳᠤ ᠤᠷᠤᠬᠤ ᠪᠠᠷ ᠴᠢᠷᠮᠠᠶᠢᠨ᠎ᠠ᠃ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠳᠠᠭᠤᠷᠢᠶᠠᠯ ᠲᠣᠭᠤᠷᠢᠭ ᠢ ᠤᠷᠢᠳᠠᠪᠡᠷ ᠪᠠᠶᠢᠭᠤᠯᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠡᠩᠴᠡᠬᠦᠷᠢᠳᠠᠢ ᠪᠠᠶᠢᠬᠤ ᠬᠢᠷᠢ ᠲᠦᠪᠰᠢᠨ ᠶᠢ ᠠᠬᠢᠭᠤᠯᠵᠤ᠂ ᠠᠵᠤ  ᠦᠢᠯᠡᠳᠪᠦᠷᠢᠵᠢᠯᠳᠡ ᠪᠠᠷ ᠲᠠᠷᠢᠶᠠᠯᠠᠩ ᠮᠠᠯ ᠠᠵᠤ ᠠᠬᠤᠶ ᠶᠢ ᠳᠠᠶᠢᠴᠢᠯᠠᠬᠤ᠂ ᠬᠤᠲᠠ ᠪᠠᠯᠭᠠᠰᠤᠵᠢᠯᠲᠠ ᠪᠠᠷ ᠮᠠᠯᠵᠢᠬᠤ ᠲᠠᠷᠢᠶᠠᠯᠠᠬᠤ ᠣᠷᠣᠨ ᠢ ᠳᠠᠶᠢᠴᠢᠯᠠᠬᠤ᠂ ᠠᠵᠤ ᠦᠢᠯᠡᠰᠵᠢᠯᠳᠡ ᠪᠠᠷ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠤᠯᠭᠠᠨ᠎ᠠ᠃    ᠲᠥᠯᠥᠭᠡᠯᠡᠭᠴᠢᠳ ᠡ︕ ︽ᠠᠷᠪᠠᠨ ᠳᠥᠷᠪᠡᠳᠦᠭᠡᠷ ᠲᠠᠪᠤᠨ ᠵᠢᠯ︾᠎ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠠᠶᠠᠨ ᠵᠠᠮ ᠳᠠᠭᠠᠨ  ᠠᠯᠬᠤᠨ ᠤᠷᠤᠵᠤ᠂ ᠥᠨᠥᠳᠦᠷ ᠤᠨ ᠡᠵᠡᠨ ᠬᠤᠷᠤᠭ᠎ᠠ ᠨᠢᠭᠡᠨᠲᠡ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠪᠠ᠃ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤ ᠪᠠᠷ ᠢᠶᠠᠨ ᠪᠦᠯᠬᠦᠮᠳᠡᠨ ᠨᠢᠭᠡᠳᠴᠦ᠂ ᠡᠷᠡᠮᠡᠬᠡᠶᠢᠯᠡᠨ ᠤᠷᠤᠭᠰᠢᠯᠠᠵᠤ᠂ ᠵᠠᠮ ᠨᠡᠭᠡᠭᠡᠨ ᠤᠷᠤᠭᠰᠢᠯᠠᠨ ᠳᠡᠪᠰᠢᠵᠦ᠂ ᠠᠤᠭ᠎ᠠ ᠲᠥᠰᠦᠪ ᠢ ᠲᠤᠭᠤᠰᠢᠳᠠᠢ ᠵᠢᠷᠤᠭᠯᠠᠵᠤ᠂ ᠵᠢᠯ ᠲᠠᠷᠠᠭᠠᠯᠠᠨ ᠠᠵᠢᠯᠯᠠᠪᠠᠯ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠯᠠᠪᠲᠠᠶ ᠪᠣᠳᠠᠲᠤ ᠠᠬᠤᠶ ᠪᠣᠯᠵᠣ᠂ ᠡᠵᠡᠨ ᠬᠤᠷᠤᠭ᠎ᠠ ᠶᠢᠨ ᠢᠷᠡᠭᠡᠳᠦᠶ ᠯᠠᠪᠲᠠᠶ ᠨᠠᠩ ᠰᠠᠶᠢᠨ ᠰᠠᠶᠢᠬᠠᠨ ᠪᠣᠯᠤᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕   ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ    ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠢᠯ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠤᠯᠭᠠᠵᠤ᠂ ᠰᠢᠰᠲ᠋ᠧᠮ ᠤᠨ ᠦᠵᠡᠯᠲᠡ ᠶᠢ ᠪᠠᠷᠢᠮᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠦᠯᠦᠪᠵᠢᠬᠦᠯᠦᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶ ᠶᠢᠨ ᠠᠵᠢᠯᠯᠠᠭ᠎ᠠ ᠶᠢ ᠵᠦᠶ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃    ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠭᠡᠳ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠨᠡᠮᠡᠭᠳᠡᠬᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6%᠎ ᠪᠠᠷ ᠨᠡᠮᠡᠭᠳᠡᠬᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠦᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3% ᠎ ᠶᠢᠨ ᠳᠣᠲᠣᠷ᠎ᠠ ᠬᠢᠵᠠᠭᠠᠷᠯᠠᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠨᠧᠷᠭᠢ ᠶᠢᠨ ᠬᠤᠷᠤᠭᠳᠠᠯ ᠢ 3%᠎ ᠪᠠᠷ ᠪᠠᠭᠤᠷᠠᠭᠤᠯᠵᠤ᠂ ᠭᠤᠤᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠪᠢᠳᠡ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃    ︵ᠨᠢᠭᠡ︶ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ  ᠲᠦᠷᠭᠡᠳᠭᠡᠨ ᠪᠠᠶᠢᠭᠤᠯᠤᠨ᠎ᠠ᠃    ᠠᠷᠢᠭᠤᠨ ᠴᠡᠪᠡᠷ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠵᠦᠭᠰᠢᠷᠡᠬᠦᠯᠦᠨ ᠨᠠᠮᠳᠠᠭᠠᠬᠤ ᠬᠠᠷᠠᠯᠲᠠ ᠶᠢᠨ ᠲᠣᠭᠤᠷᠢᠨ ᠳᠤ᠂ ︽ᠰᠠᠯᠬᠢ ᠭᠡᠷᠡᠯ ᠤᠰᠤᠲᠥ᠋ᠷᠥᠭᠴᠢ ᠶᠢ ᠬᠠᠳᠠᠭᠠᠯᠠᠬᠤ︾ ᠵᠠᠭᠤᠨ ᠳ᠋ᠦᠩᠰᠢᠭᠤᠷ ᠲᠡᠰ ᠤᠨ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠬᠡᠷᠡᠯ ᠴᠡᠨᠡᠭ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠰᠠᠯᠬᠢ ᠭᠡᠷᠡᠯ ᠤᠨ ᠨᠦᠭᠡᠴᠡ ᠶᠢ ᠨᠢᠭᠡ ᠴᠤᠭᠴᠠᠵᠢᠭᠤᠯᠬᠤ︾ ᠬᠡᠯᠪᠡᠷᠢ ᠶᠢ ᠲᠦᠭᠡᠮᠡᠯᠵᠢᠬᠦᠯᠵᠦ᠂ ᠶᠤᠸᠠᠨ ᠵᠢᠩ 160 ᠲᠦᠮᠡᠨ ᠺᠢᠯᠦᠸᠠᠲ ᠤᠨ  ᠤᠶᠤᠨᠴᠢᠯᠠᠭᠰᠠᠨ ᠪᠣᠬᠢᠷᠲᠤᠯ ᠦᠭᠡᠢ ᠴᠠᠬᠢᠯᠭᠠᠨ ᠭᠠᠷᠭᠠᠬᠤ ᠵᠢᠴᠢ ᠰᠠᠯᠬᠢ ᠭᠡᠷᠡᠯ ᠢᠶᠠᠷ ᠤᠰᠤᠲᠥ᠋ᠷᠥᠭᠴᠢ ᠬᠠᠳᠠᠭᠠᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠦᠷᠦᠯ ᠵᠦᠢᠯ ᠢ ᠠᠵᠢᠯ ᠡᠬᠢᠯᠡᠬᠦᠯᠦᠨ᠎ᠡ᠃ ︽ᠬᠠᠪᠳᠠᠰᠤᠨ ᠲᠡᠭᠡᠷᠡᠬᠢ ᠬᠡᠷᠡᠯ ᠴᠡᠨᠡᠭ ᠤᠨ ᠴᠠᠬᠢᠯᠭᠠᠨ ᠭᠠᠷᠭᠠᠬᠤ᠂ ᠬᠠᠪᠳᠠᠰᠤᠨ ᠲᠤᠤᠷᠠᠬᠢ ᠠᠮᠢ ᠠᠬᠤᠢ ᠶᠢᠨ ᠠᠵᠤ ᠦᠢᠯᠡᠰ︾᠎ ᠤᠨ ᠰᠡᠳᠬᠢᠴᠡ ᠪᠠᠷ᠂ ᠱᠧᠩ ᠶᠤᠸᠠᠨ ᠰᠢᠨ᠎ᠡ ᠡᠨᠧᠷᠭᠢ ᠶᠢᠨ 100 ᠲᠦᠮᠡᠨ  ᠺᠢᠯᠦᠸᠠᠲ ᠤᠨ ︽ᠪᠣᠬᠢᠷᠲᠤᠯ ᠦᠭᠡᠢ ᠠᠭᠤᠷᠬᠠᠢ + ᠰᠢᠨ᠎ᠡ ᠡᠨᠧᠷᠭᠢ ᠶᠢᠨ ᠠᠵᠤ ᠦᠢᠯᠡᠰ + ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ︾᠎ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠪᠠᠶᠢᠭᠤᠯᠤᠯᠲᠠ ᠶᠢ  ᠠᠬᠢᠭᠤᠯᠵᠤ᠂ ᠲᠢᠶᠠᠨ ᠵᠢᠶᠤᠤ ᠪᠣᠬᠢᠷᠲᠤᠯ ᠦᠭᠡᠢ ᠡᠨᠧᠷᠭᠢ ᠶᠢᠨ ᠨᠢᠭᠡᠳᠦᠭᠡᠷ ᠬᠤᠭᠤᠴᠠᠭᠠᠨ ᠤ 50 ᠲᠦᠮᠡᠨ ᠺᠢᠯᠦᠸᠠᠲ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠦᠨᠡᠨᠬᠦ ᠪᠠᠲᠤᠯᠠᠨ᠂ ᠵᠠᠭᠤᠨ ᠳ᠋ᠦᠩᠰᠢᠭᠤᠷ ᠲᠡᠰ  ᠎ ᠤᠨ ᠰᠠᠯᠬᠢ ᠭᠡᠷᠡᠯ ᠤᠨ ᠠᠵᠤ ᠦᠢᠯᠡᠰ ᠤᠨ ᠰᠦᠷᠦᠭᠵᠢᠯ ᠢ ᠴᠢᠷᠮᠠᠶᠢᠨ ᠪᠠᠶᠢᠭᠤᠯᠤᠨ᠎ᠠ᠃ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠣᠷᠳᠣᠰ ᠢ ᠲᠦᠯᠡᠰᠢᠨ ᠳ᠋ᠢᠶᠠᠨ ᡂᠢ ᠶᠢᠨ ᠮᠠᠰᠢᠨ ᠲᠡᠷᠭᠡ ᠶᠢᠨ ᠵᠢᠱᠢᠶ᠎ᠡ ᠦᠵᠡᠭᠦᠯᠬᠦ ᠬᠤᠲᠠ ᠪᠤᠯᠭᠠᠨ ᠪᠦᠲᠦᠭᠡᠨ ᠪᠠᠶᠢᠭᠤᠯᠬᠤ ᠠᠵᠠ ᠲᠣᠬᠢᠶᠠᠯ ᠢᠶᠠᠷ᠂ ᠣᠷᠳᠣᠰ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠱᠠᠩᠬᠠᠢ ᠎ ᠶᠢᠨ ᠱᠦᠨ ᠬᠤᠸᠠ ᠰᠢᠨ᠎ᠡ ᠡᠨᠧᠷᠬᠢ ᠵᠡᠷᠭᠡ ᠤᠰᠤᠲᠥ᠋ᠷᠥᠭᠴᠢ ᠡᠨᠧᠷᠬᠢ ᠶᠢᠨ ᠬᠡᠷᠭᠯᠡᠭᠡᠨ ᠮᠡᠷᠭᠡᠵᠢᠯ ᠤᠨ ᠠᠵᠤ ᠠᠬᠤᠶᠢᠯᠠᠯ ᠢ ᠢᠳᠡᠪᠬᠢᠳᠡᠢ ᠣᠷᠢᠨ ᠤᠷᠤᠭᠤᠯᠵᠤ᠂ ᠱᠠᠩᠬᠠᠶ ᠶᠢᠨ ᠵᠦᠡᠭ ᠰᠤ᠋᠂ ᠱᠠᠩᠬᠠᠶ ᠮᠠᠰᠢᠨ ᠲᠡᠷᠭᠡ ᠶᠢᠨ ᠬᠤᠩ ᠶᠠᠨ᠂ ᠰᠢᠨ ᠶᠤᠸᠠᠨ ᠬᠥᠳᠡᠯᠭᠡᠭᠴᠢ ᠬᠦᠴᠦᠨ ᠤ ᠤᠰᠤᠲᠥ᠋ᠷᠥᠭᠴᠢ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠶᠢᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠤᠷᠤᠨᠰᠢᠭᠤᠯᠵᠤ᠂ ᠵᠸᠡᠭ ᠨᠸᠡᠭ ᠬᠢᠮᠢ ᠶᠢᠨ ᠠᠵᠤ ᠦᠢᠯᠡᠳᠪᠦᠷᠢ ᠶᠢᠨ 4.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠴᠡᠪᠡᠷᠰᠢᠬᠦᠯᠦᠭᠰᠡᠨ ᠦᠭᠡᠢ ᠨᠡᠭᠦᠷᠡᠰᠦᠨ ᠬᠡᠢ ᠪᠠᠷ ᠤᠰᠤᠲᠥ᠋ᠷᠥᠭᠴᠢ ᠦᠢᠯᠡᠳᠬᠦ᠂ ᠤᠯᠠᠭᠠᠨ ᠰᠢᠨ ᠷᠦᠢ 30 ᠲᠦᠮᠡᠨ ᠲᠣᠨ ᠨᠡᠭᠦᠷᠡᠰᠦᠨ ᠬᠡᠦᠳᠡᠰᠦ ᠳᠤ ᠤᠰᠤᠲᠥ᠋ᠷᠥᠭᠴᠢ ᠨᠡᠮᠡᠬᠦ ᠪᠠ ᠱᠧᠩ ᠶᠤᠸᠠᠨ ᠡᠨᠧᠷᠭᠢ ᠤᠰᠤᠲᠥ᠋ᠷᠥᠭᠴᠢ ᠨᠡᠮᠡᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 2 ᠤᠰᠤᠲᠥ᠋ᠷᠥᠭᠴᠢ ᠦᠢᠯᠡᠳᠬᠦ ᠦᠷᠳᠡᠭᠡ᠂ 3ᠤᠰᠤᠲᠥ᠋ᠷᠥᠭᠴᠢ ᠨᠡᠮᠡᠬᠦ ᠦᠷᠳᠡᠭᠡ ᠶᠢ ᠲᠦᠯᠦᠪᠯᠡᠨ ᠪᠠᠶᠢᠭᠤᠯᠵᠤ᠂ ᠤᠰᠤᠲᠥ᠋ᠷᠥᠭᠴᠢ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠵᠤ᠂ ᠵᠠᠭᠤᠨ ᠳ᠋ᠦᠩᠰᠢᠭᠤᠷ ᠲᠡᠰ ᠤᠨ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠰᠦᠷᠦᠭᠵᠢᠯ ᠢ ᠬᠦᠴᠦᠯᠡᠨ ᠪᠤᠶᠢᠵᠢᠭᠤᠯᠤᠨ᠎ᠠ᠃ ᠡᠨᠧᠷᠭᠢ ᠬᠠᠳᠠᠭᠠᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠶᠤᠸᠠᠨ ᠵᠢᠩ ᠤᠳᠤ ᠦᠶ᠎ᠡ ᠶᠢᠨ ᠡᠨᠧᠷᠭᠢ ᠶᠢᠨ ᠲᠤᠨᠤᠭ ᠲᠦᠬᠦᠬᠡᠷᠦᠮᠵᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡᠳᠦᠭᠡᠷ ᠬᠤᠭᠤᠴᠠᠭᠠᠨ ᠤ 600 ᠲᠦᠮᠡᠨ ᠺᠢᠯᠦᠸᠠᠲ ᠤᠨ ᠨᠥᠭᠡᠴᠡ ᠡᠨᠧᠷᠭᠢ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ 2 ᠰᠠᠭᠤᠷᠢ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠲᠡᠷᠭᠡᠨ ᠤ ᠥᠷᠲᠡᠭᠡ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠵᠢᠱᠢᠶ᠎ᠡ ᠦᠵᠡᠭᠦᠯᠦᠨ ᠲᠦᠭᠡᠮᠡᠯᠵᠢᠬᠦᠯᠵᠦ᠂ ᠲᠡᠭᠡᠳᠦ ᠳᠣᠣᠷᠠᠳᠤ ᠬᠡᠯᠬᠢᠶ᠎ᠡ ᠶᠢ ᠨᠡᠪᠳᠡᠷᠡᠬᠦᠯᠦᠨ‌ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠬᠦᠯᠵᠦ᠂ ᠵᠠᠭᠤᠨ ᠳ᠋ᠦᠩᠰᠢᠭᠤᠷ ᠲᠡᠰ ᠤᠨ ᠨᠥᠭᠡᠴᠡ ᠡᠨᠧᠷᠭᠢ ᠶᠢᠨ ᠠᠵᠤ ᠦᠢᠯᠡᠰ ᠤᠨ ᠰᠦᠷᠦᠭᠵᠢᠯ ᠢ ᠬᠦᠴᠦᠯᠡᠨ ᠪᠤᠶᠢᠵᠢᠭᠤᠯᠤᠨ᠎ᠠ᠃    ᠤᠯᠠᠮᠵᠢᠯᠠᠯᠲᠤ ᠠᠵᠤ ᠦᠢᠯᠡᠰ ᠤᠨ ᠥᠷᠢᠰᠥᠯᠳᠦᠭᠡᠨ ᠤ ᠳᠠᠪᠠᠭᠤᠯᠢᠭ ᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠶᠢᠵᠢᠬᠦᠯᠵᠦ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠤᠶᠤᠨᠴᠢᠯᠠᠭᠰᠠᠨ‌ᠠᠭᠤᠷᠬᠠᠶ᠂ ᠠᠮᠤᠷ ᠲᠦᠪᠰᠢᠨ ᠠᠭᠤᠷᠬᠠᠶ ᠶᠢ ᠲᠦᠷᠭᠡᠳᠬᠡᠨ ᠪᠠᠶᠢᠭᠤᠯᠵᠤ ᠂ ᠪᠦᠯᠢᠶᠡᠨ ᠲᠠᠯ᠎ᠠ᠂ ᠰᠢᠷᠬᠤᠰᠤ᠂ ᠮᠠ ᠲᠠᠢ ᠬᠤᠤ ᠵᠡᠷᠭᠡ 22 ᠤᠶᠤᠨᠴᠢᠯᠠᠭᠰᠠᠨ ᠨᠡᠭᠦᠷᠡᠰᠦᠨ ᠠᠭᠤᠷᠬᠠᠶ ᠶᠢ ᠪᠠᠶᠢᠭᠤᠯᠤᠨ ᠳᠠᠭᠤᠰᠬᠠᠵᠤ᠂ 150 ᠠᠭᠤᠷᠬᠠᠶ ᠳᠤ ᠮᠠᠰᠢᠨ ᠬᠥᠮᠦᠨ ᠬᠡᠷᠡᠭᠯᠡᠬᠦ ᠶᠢ ᠲᠡᠯᠭᠡᠷᠡᠬᠦᠯᠵᠦ᠂ ᠴᠠᠭᠠᠨ ᠰᠤᠭᠤ᠂ ᠲᠡᠭᠡᠳᠦ ᠲᠤᠬᠤᠢ ᠵᠡᠷᠬᠡ ᠨᠡᠭᠦᠷᠡᠰᠦᠨ ᠠᠭᠤᠷᠬᠠᠶ ᠳᠤ ︽5G + ᠤᠶᠤᠨᠴᠢᠯᠠᠭᠰᠠᠨ ᠠᠭᠤᠷᠬᠠᠶ︾ ᠎ ᠶᠢᠨ ᠵᠠᠭᠪᠤᠷ ᠢ ᠳᠡᠯᠭᠡᠷᠡᠭᠦᠯᠦᠨ ᠬᠡᠷᠡᠭᠯᠡᠵᠦ᠂ 6 ᠤᠯᠤᠰ ᠤᠨ ᠨᠢᠭᠡᠳᠦᠭᠡᠷ ᠳᠡᠰ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠨᠡᠭᠦᠷᠡᠰᠦᠨ ᠠᠭᠤᠷᠬᠠᠶ ᠶᠢ ᠰᠢᠨ᠎ᠡ ᠪᠠᠷ ᠪᠠᠷᠢᠮᠵᠢᠶ᠎ᠠ ᠳᠤ ᠬᠦᠷᠭᠡᠵᠦ᠂ ᠤᠶᠤᠨᠴᠢᠯᠠᠭᠰᠠᠨ ᠨᠡᠭᠦᠷᠡᠰᠦᠨ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠡᠪ ᠳᠠᠭᠤᠷᠢᠶᠠᠯ ᠢ ᠪᠣᠶ ᠪᠣᠯᠭᠠᠨ᠎ᠠ᠃ ︽ᠢ ᠨᠸᠡᠭ ᠲᠤᠩ︾ ᠤᠶᠤᠨᠴᠢᠯᠠᠭᠰᠠᠨ ᠡᠨᠧᠷᠭᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ  ᠤᠨ ᠴᠢᠳᠠᠮᠵᠢ ᠶᠢ ᠲᠡᠭᠦᠯᠳᠡᠷᠵᠢᠭᠦᠯᠵᠦ᠂ ᠳ᠋ᠦᠩᠱᠧᠩ ᠤᠨ ᠵᠡᠬᠦᠨ ᠠᠴᠠ ᠲᠤᠶᠢᠭ ᠤᠨ ᠰᠦᠮ᠎ᠡ ᠬᠦᠷᠬᠦ ᠲᠡᠮᠦᠷ ᠵᠠᠮ᠂ ᠬᠠᠶᠢᠯᠠᠰᠤᠨ ᠬᠤᠭᠤᠯᠠᠢ ᠶᠢᠨ ᠲᠡᠮᠦᠷ ᠵᠠᠮ ᠤᠨ ᠲᠤᠰᠬᠠᠢ ᠱᠤᠭᠤᠮ᠂ ᠵᠠᠰᠠᠭ ᠤᠨ ᠲᠡᠮᠦᠷ ᠵᠠᠮ ᠤᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠴᠠᠭᠠᠨᠨᠠᠭᠤᠷ ᠤᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠵᠢᠴᠢ ᠲᠡᠮᠦᠷ ᠵᠠᠮ ᠤᠨ ᠲᠤᠰᠬᠠᠢ ᠱᠤᠭᠤᠮ ᠤᠨ ᠠᠰᠢᠭᠯᠠᠯᠲᠠ ᠳᠤ ᠣᠷᠣᠬᠤ ᠶᠢ ᠪᠠᠲᠤᠯᠠᠵᠤ᠂ ᠣᠷᠣᠨ ᠨᠤᠲᠤᠭ ᠤᠨ ᠨᠡᠭᠦᠷᠡᠰᠦ ᠶᠢ ᠭᠠᠳᠠᠭᠰᠢ ᠲᠡᠭᠡᠭᠡᠪᠦᠷᠢᠯᠡᠬᠦ ᠥᠪᠡᠷ ᠤᠨ ᠥᠷᠲᠡᠭ ᠢ ᠪᠦᠲᠦᠮᠵᠢᠲᠡᠢ ᠪᠠᠭᠤᠷᠠᠭᠤᠯᠵᠤ᠂ ᠲᠡᠮᠦᠷ ᠵᠠᠮ ᠤᠨ ᠭᠠᠳᠠᠭᠰᠢ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠵᠢᠯ ᠤᠨ ᠨᠡᠭᠦᠷᠡᠰᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠮᠵᠢᠶ᠎ᠡ ᠶᠢ 2 ᠳ᠋ᠦᠩᠰᠢᠭᠤᠷ ᠲᠣᠨ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠤᠯᠤᠰ ᠤᠨ ᠴᠠᠬᠢᠯᠭᠠᠨ ᠪᠦᠯᠢᠶᠡᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ 2×100 ᠲᠦᠮᠡᠨ  ᠺᠢᠯᠦᠸᠠᠲ ᠤᠨ ᠮᠠᠰᠢᠨ ᠴᠣᠭᠴᠠᠯᠠᠪᠤᠷᠢ ᠶᠢᠨ ᠲᠥᠷᠥᠯ ᠵᠦᠢᠯ ᠢ ᠡᠬᠢᠯᠡᠭᠦᠯᠦᠨ ᠪᠥᠲᠥᠭᠡᠨ ᠪᠠᠶᠢᠭᠤᠯᠵᠤ᠂ ᠬᠤᠢ ᠨᠸᠡᠭ 14.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠨᠡᠭᠦᠷᠡᠰᠦᠨ ᠬᠡᠶ ᠶᠢᠨ ᠬᠤᠶᠠᠳᠤᠭᠠᠷ ᠬᠤᠭᠤᠴᠠᠭ᠎ᠠ᠂ ᠰᠢᠨ ᠨᠦᠸᠧ ᠵᠧᠩ ᠨᠸᠡᠭ ᠤᠨ 30 ᠲᠦᠮᠡᠨ ᠲᠣᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠦᠯᠡᠰᠢ ᠠᠴᠠ ᠮᠠᠲ᠋ᠧᠷᠢᠶᠠᠯ ᠬᠦᠷᠲᠡᠯᠡᠬᠢ ᠨᠡᠭᠦᠷᠡᠰᠦ ᠶᠢ ᠴᠡᠪᠡᠷᠰᠢᠬᠦᠯᠬᠦ ᠥᠨᠳᠥᠷ ᠪᠦᠲᠦᠮᠵᠢᠲᠡᠶ ᠠᠰᠢᠭᠯᠠᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃    ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠣᠷᠳᠣᠰ ᠬᠤᠲᠠ ᠶᠢᠨ ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠠ ᠲᠣᠬᠢᠶᠠᠯ ᠢ ᠵᠠᠪᠳᠤᠨ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠢ ᠨᠢᠭᠡ ᠴᠤᠭᠴᠠᠵᠢᠭᠰᠠᠨ ᠬᠦᠭᠵᠢᠯᠳᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠲᠥᠪᠯᠡᠷᠡᠭᠦᠯᠦᠨ ᠲᠠᠷᠬᠠᠭᠠᠬᠤ ᠦᠢᠯᠡᠴᠢᠯᠡᠭᠡᠨ ᠤ ᠲᠥᠪ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠡᠷᠳᠡᠨᠢ ᠶᠢᠨ ᠲᠣᠪᠴᠢ ᠶᠢᠨ ᠦᠵᠡᠮᠵᠢ ᠶᠢᠨ ᠣᠷᠣᠨ᠂ ᠰᠤᠪᠤᠷᠭ᠎ᠠ ᠶᠢᠨ ᠲᠠᠯ᠎ᠠ ᠨᠤᠲᠤᠭ ᠤᠨ ᠡᠮᠦᠨ᠎ᠡ ᠦᠵᠡᠮᠵᠢ ᠶᠢᠨ ᠣᠷᠣᠨ᠂ ᠵᠢᠶᠦ᠋ᠨ ᠸᠠᠩ ᠤᠨ ᠣᠷᠳᠣᠨ ᠤ ᠰᠣᠶᠣᠯ ᠤᠨ ᠬᠤᠳᠠᠯᠳᠤᠭᠠᠨ ᠤ ᠵᠡᠭᠡᠯᠢ ᠲᠣᠭᠤᠷᠢᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ︽ᠨᠢᠭᠡ ᠪᠢᠯᠧᠲ ᠪᠠᠷ ᠨᠡᠪᠲᠡᠷᠡᠭᠦᠯᠬᠦ ᠳᠦᠷᠢᠮ︾᠎ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ︽ᠲᠤᠯᠤᠭᠠᠶᠢᠯᠠᠨ ᠲᠠᠭᠠᠭᠤᠯᠬᠤ᠂ ᠲᠥᠪ ᠢᠶᠠᠷ ᠳᠠᠶᠢᠴᠢᠯᠠᠬᠤ᠂ ᠦᠵᠡᠮᠵᠢ ᠶᠢᠨ ᠣᠷᠣᠨ ᠬᠠᠮᠲᠤᠷᠠᠨ ᠬᠥᠳᠡᠯᠦᠯᠴᠡᠬᠦ︾ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ ᠪᠤᠶ ᠪᠣᠯᠭᠠᠨ᠎ᠠ᠃ ᠬᠠᠰᠢᠶᠠᠲᠤ ᠬᠥᠳᠡᠭᠡ ᠨᠤᠲᠤᠭ ᠤᠨ ᠰᠠᠭᠤᠭᠠᠯᠢ ᠠᠷᠠᠳ ᠤᠨ ᠪᠠᠭᠤᠳᠠᠯ᠂ ᠯᠤᠩᠬᠤ ᠶᠢᠨ ᠵᠠᠪᠠ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠡᠷᠭᠡ ᠳᠤ ᠲᠦᠰᠢᠭᠯᠡᠨ ᠬᠥᠳᠡᠭᠡ ᠲᠤᠰᠬᠤᠨ ᠤ ᠵᠢᠭᠤᠯᠴᠢᠯᠠᠯ᠂ ᠡᠴᠢᠭᠡ ᠡᠬᠡ ᠦᠷ᠎ᠡ ᠬᠡᠦᠬᠡᠳ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠠᠵᠠᠲᠠᠶ ᠡᠷᠡᠬᠦᠯᠵᠢᠯ ᠰᠤᠪᠢᠯᠠᠯᠳᠠ ᠶᠢᠨ ᠲᠥᠪ᠂ ᠵᠣᠯ ᠵᠢᠷᠭᠠᠯᠲᠤ 9 ᠳ᠋ᠤᠭᠡᠷ ᠨᠣᠮᠧᠷᠲᠤ ᠨᠠᠰᠤᠲᠠᠨ ᠢ ᠠᠰᠠᠷᠠᠬᠤ ᠬᠦᠷᠢᠶᠡᠯᠡᠩ᠂ ᠮᠸᠡᠭ ᠵᠢᠩ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠬᠤᠭᠤᠴᠠᠭ᠎ᠠ᠂ ᠴᠢᠴᠠᠷᠭᠠᠨ᠎ᠠ ᠶᠢᠨ ᠸᠧᠨ ᠪᠥᠸᠧ ᠵᠢᠵᠢᠭ ᠪᠠᠯᠭᠠᠰᠤ ᠵᠡᠷᠭᠡ ᠲᠥᠷᠥᠯ ᠵᠦᠢᠯ ᠢ ᠪᠣᠳᠠᠲᠠᠶᠢᠵᠢᠭᠤᠯᠬᠤ ᠶᠢ ᠲᠦᠷᠭᠡᠳᠬᠡᠨ ᠠᠬᠢᠭᠤᠯᠵᠤ᠂ ︽ᠡᠵᠡᠨ ᠬᠤᠷᠤᠭ᠎ᠠ ᠶᠢᠨ ᠣᠨᠴᠠᠯᠢᠭ︾᠎ ᠲᠠᠢ ᠰᠣᠶᠣᠯ ᠤᠨ ᠡᠭᠦᠳᠦᠯᠲᠡ ᠪᠠ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠰᠣᠶᠣᠯ ᠵᠢᠭᠤᠯᠴᠢᠯᠠᠯ ᠬᠢᠭᠡᠳ ᠰᠡᠯᠡᠭᠦᠴᠡᠯ᠂ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ ᠪᠦᠬᠦ ᠵᠢᠯ ᠳᠤ ᠵᠤᠭᠠᠴᠠᠭᠰᠠᠳ ᠢ 356 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 35.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ 12%᠎ ᠠᠴᠠ ᠳᠡᠭᠡᠭᠰᠢ ᠨᠡᠮᠡᠭᠳᠡᠭᠦᠯᠦᠨ᠎ᠡ᠃ ᠭᠠᠷᠤᠯᠲᠠ ᠶᠢᠨ ᠣᠷᠣᠨ ᠤ ᠰᠢᠭᠤᠳ ᠪᠣᠷᠣᠯᠠᠭᠤᠯᠭ᠎ᠠ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ︽ᠢᠨᠲ᠋ᠧᠷ ᠰᠦᠯᠵᠢᠶ᠎ᠡ +︾ ᠬᠡᠷᠡᠭᠯᠡᠭᠡᠨ ᠤ ᠡᠵᠡᠩᠨᠡᠯᠲᠡ ᠶᠢᠨ ᠪᠠᠶᠢᠳᠠᠯ ᠢ ᠶᠡᠬᠡᠪᠡᠷ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠬᠦᠢᠯᠭᠡᠭᠡᠨ ᠤ ᠢᠯᠭᠠᠨ ᠰᠠᠯᠭᠠᠬᠤ ᠲᠥᠪ ᠪᠠ ᠲᠤᠮᠤ ᠬᠡᠯᠪᠡᠷᠢ ᠶᠢᠨ ᠲᠦᠪ ᠲᠣᠭᠤᠭᠠᠨ ᠬᠡᠷ ᠢ ᠴᠠᠭ ᠤᠨ ᠪᠠᠶᠢᠳᠠᠯ ᠢᠶᠠᠨ ᠳᠣᠭᠢᠷᠠᠭᠤᠯᠤᠨ ᠡᠬᠢᠯᠡᠭᠦᠯᠦᠨ ᠪᠠᠶᠢᠭᠤᠯᠵᠤ᠂ ᠬᠦᠢᠳᠡᠨ ᠬᠡᠯᠬᠢᠶᠡᠲᠦ ᠡᠳ᠋ ᠪᠠᠷᠠᠭᠠᠨ ᠤ ᠬᠦᠢᠯᠭᠡᠭᠡ᠂ ᠪᠥᠭᠡᠮ ᠢᠶᠠᠷ ᠬᠤᠳᠠᠯᠳᠤᠬᠤ ᠬᠥᠮᠥᠷᠭᠡᠯᠡᠨ ᠬᠠᠳᠠᠭᠠᠯᠠᠬᠤ᠂ ᠬᠤᠲᠠ ᠶᠢᠨ ᠲᠤᠳᠤᠷᠠᠬᠢ ᠳᠣᠭᠢᠷᠠᠭᠤᠯᠤᠨ ᠬᠦᠷᠭᠡᠬᠦ ᠳᠤᠲᠠᠭᠤᠳᠠᠯ ᠢ ᠨᠥᠬᠦᠪᠥᠷᠢᠯᠡᠨ᠎ᠡ᠃ ᠤᠯᠠᠭᠠᠨᠮᠥ᠋ᠷᠡᠨ ᠨᠠᠭᠤᠷ ᠤᠨ ᠨᠠᠭᠤᠷ ᠳᠠᠭᠠᠤ ᠶᠢᠨ ᠬᠤᠳᠠᠯᠳᠤᠭᠠᠨ ᠤ ᠠᠵᠤ ᠠᠬᠤᠶ ᠶᠢᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠢ ᠳ᠋ᠠ᠂ ᠴᠸᠡᠭ ᠳ᠋ᠠ᠂ ᠭᠦᠸᠧ ᠲᠠᠢ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠠᠵᠢᠯ ᠡᠬᠢᠯᠡᠭᠦᠯᠦᠨ ᠡᠵᠡᠩᠨᠡᠵᠦ᠂ ᠰᠥᠨᠢ ᠶᠢᠨ ᠠᠵᠤ ᠠᠬᠤᠶ᠂ ᠠᠮᠠᠷᠠᠯᠲᠠ ᠶᠢᠨ ᠡᠳᠦᠷ ᠤᠨ ᠠᠵᠤ ᠠᠬᠤᠶ ᠶᠢ ᠬᠥᠭᠵᠢᠭᠦᠯᠦᠨ᠂ ᠠᠯᠳᠠᠨᠰᠢᠷᠡᠭᠡ ᠬᠢᠶ᠎ᠠ ᠪᠠᠭᠰᠢ ᠭᠠᠵᠠᠷ ᠣᠷᠣᠨ ᠤ ᠬᠡᠷᠡᠭᠯᠡᠭᠡᠨ ᠤ ᠤᠷᠤᠰᠬᠠᠯ ᠢ ᠬᠥᠲᠥᠯᠦᠨ ᠳᠠᠭᠠᠭᠤᠯᠤᠭᠰᠠᠨ ᠬᠤᠲᠠ ᠶᠢᠨ ᠰᠢᠨ᠎ᠡ ᠲᠡᠮᠳᠡᠭ ᠢ ᠪᠣᠶ ᠪᠣᠯᠭᠠᠨ᠎ᠠ᠃    ︵ᠬᠤᠶᠠᠷ︶ ᠬᠤᠳᠠᠯᠳᠤᠭ᠎ᠠ ᠡᠵᠡᠩᠨᠡᠬᠦ ᠲᠡᠷᠢᠭᠦᠨ ᠤ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠦᠷᠭᠡᠳᠬᠡᠨ ᠪᠣᠶ ᠪᠣᠯᠭᠠᠨ᠎ᠠ᠃    ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ︽ᠲᠠᠯᠪᠢᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠮᠦᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠢᠳᠡᠪᠬᠢᠲᠡᠶ ᠳᠡᠯᠭᠡᠷᠡᠭᠦᠯᠦᠨ ᠂ ︽ᠨᠢᠭᠡ ᠰᠦᠯᠵᠢᠶ᠎ᠡ ᠪᠠᠷ ᠬᠦᠢᠴᠡᠳᠭᠡᠬᠦ︾᠂ ︽ᠭᠠᠷ ᠤᠳᠠᠰᠤ ᠪᠠᠷ ᠬᠦᠢᠴᠡᠳᠭᠡᠬᠦ︾᠂ ︽ᠨᠢᠭᠡ ᠯᠡ ᠤᠳᠠᠭ᠎ᠠ ᠳᠤ ᠬᠦᠢᠴᠡᠳᠭᠡᠬᠦ︾᠂ ︽ᠲᠠᠨ ᠢ ᠬᠠᠪᠰᠤᠷᠤᠨ ᠬᠦᠢᠴᠡᠳᠭᠡᠬᠦ︾ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ 95%᠎ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠯᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠎ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠂ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠷ ᠨᠡᠯᠢᠶᠡᠳ ᠶᠡᠭᠡ ᠨᠠᠰᠤᠵᠢᠯ ᠤᠨ ᠳᠠᠭᠠᠳᠬᠠᠯ ᠢ ᠰᠢᠯᠵᠢᠭᠦᠯᠦᠨ ᠦᠷᠭᠦᠯᠵᠢᠯᠡᠭᠦᠯᠬᠦ᠂ ᠬᠤᠭᠤᠯᠠᠨ ᠬᠡᠷ ᠴᠢᠯᠦᠬᠡᠳᠦ ᠳᠡᠯᠭᠡᠭᠦᠷ ᠡᠷᠭᠢᠯᠡᠬᠦ ᠵᠡᠷᠭᠡ 103 ᠵᠦᠢᠯᠡᠰ ᠢ ︽ᠨᠢᠭᠡ ᠤᠴᠢᠷ ᠢ ᠨᠢᠭᠡ ᠯᠡ ᠤᠳᠠᠭ᠎ᠠ ᠳᠤ ᠬᠦᠢᠴᠡᠳᠭᠡᠬᠦ︾᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠴᠣᠩᠬᠤᠪᠴᠢ︾᠎ ᠪᠠᠷ ᠬᠦᠢᠴᠡᠳᠭᠡᠬᠦ ᠨᠤᠷᠮ᠎ᠠ ᠶᠢ 100%᠎ ᠳᠤ ᠬᠦᠷᠭᠡᠵᠦ᠂ ︽ᠡᠮᠦᠨ᠎ᠡ ᠲᠠᠯ᠎ᠠ ᠳᠤ ᠶᠡᠷᠦᠩᠬᠡᠶᠢᠯᠡᠨ ᠬᠦᠯᠢᠶᠡᠨ ᠠᠪᠴᠦ᠂ ᠠᠷᠤ ᠲᠠᠯ᠎ᠠ ᠳᠤ ᠲᠦᠷᠦᠯ ᠬᠤᠪᠢᠶᠠᠨ ᠬᠦᠢᠴᠡᠳᠭᠡᠵᠦ᠂ ᠨᠢᠭᠡ ᠴᠤᠩᠬᠤᠪᠴᠢ ᠪᠠᠷ ᠦᠨᠡᠮᠯᠡᠯ ᠲᠠᠷᠬᠠᠭᠠᠬᠤ︾᠎ ᠶᠢ ᠪᠡᠶᠡᠯᠡᠬᠦᠯᠦᠨ᠎ᠡ᠃ ᠠᠵᠤ ᠠᠬᠤᠶᠢᠯᠠᠯ ᠡᠷᠭᠢᠯᠡᠨ ᠪᠠᠶᠢᠭᠤᠯᠬᠤ ᠴᠠᠭ ᠢ 1 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠪᠣᠭᠤᠨᠢᠰᠬᠠᠵᠤ᠂ ᠴᠠᠬᠢᠯᠭᠠᠨ ᠬᠦᠴᠦᠨ᠂ ᠤᠰᠤ᠂ ᠬᠡᠶ ᠬᠡᠷᠡᠭᠯᠡᠬᠦ ᠭᠤᠭᠴᠤᠭ᠎ᠠ ᠶᠢ ᠭᠤᠷᠪᠠᠨ ᠤ ᠨᠢᠭᠡ ᠠᠴᠠ ᠳᠡᠭᠡᠭᠰᠢ ᠪᠣᠭᠤᠨᠢᠰᠬᠠᠨ᠎ᠠ᠃    ᠬᠠᠮᠤᠭ ᠤᠨ ᠰᠢᠯᠢᠳᠡᠭ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠢ ᠪᠣᠶ ᠪᠣᠯᠭᠠᠨ᠎ᠠ᠃ ᠭᠤᠤᠯᠳᠠᠯᠭᠠᠳᠤ ᠲᠥᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠬᠤᠯᠪᠣᠭᠠᠯᠠᠨ ᠬᠥᠳᠡᠯᠦᠯᠴᠡᠬᠦ ᠳᠤᠭᠳᠠᠯᠴᠠᠭ᠎ᠠ ᠶᠢ ᠲᠡᠭᠦᠯᠳᠡᠷᠵᠢᠭᠦᠯᠵᠦ᠂ ᠳᠤᠲᠠᠭᠳᠠᠯ ᠢ ᠬᠦᠯᠢᠶᠡᠨ ᠠᠪᠬᠤ ᠪᠠ ᠮᠡᠳᠡᠭᠳᠡᠵᠦ ᠠᠮᠠᠯᠠᠯᠳᠠ ᠶᠢᠨ ᠲᠦᠷᠢᠮ ᠢ ᠬᠡᠷᠡᠭᠵᠢᠭᠦᠯᠵᠦ᠂ ᠲᠥᠷᠦᠯ ᠵᠦᠢᠯ ᠢ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠰᠢᠯᠢᠳᠡᠭᠵᠢᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ 296 ᠭᠤᠤᠯᠳᠠᠯᠭᠠᠲᠤ ᠲᠥᠷᠦᠯ ᠵᠦᠢᠯ ᠢ ᠬᠡᠷᠡᠭᠵᠢᠭᠦᠯᠵᠦ᠂ ᠡᠭᠦᠨ ᠳᠤ ᠬᠤᠲᠠ ᠶᠢᠨ ᠱᠠᠲᠤᠨ ᠠᠴᠠ ᠲᠤᠬᠢᠷᠠᠭᠤᠯᠤᠨ ᠬᠢᠬᠦ ᠭᠤᠤᠯᠳᠠᠯᠭᠠᠲᠤ ᠲᠥᠷᠦᠯ ᠵᠦᠢᠯ 37 ᠪᠠᠶᠢᠵᠤ᠂ 90 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠬᠦᠯᠦᠨ᠎ᠡ᠃ ︽ᠪᠠᠷᠢᠮᠵᠢᠶᠠᠲᠤ ᠭᠠᠵᠠᠷ + ᠠᠮᠠᠯᠠᠯᠲᠠ ᠶᠢᠨ ᠲᠦᠷᠢᠮ︾᠎ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠡ ᠪᠦᠯᠦᠭ ︽ᠪᠠᠷᠢᠮᠵᠢᠶᠠᠲᠤ ᠭᠠᠵᠠᠷ︾ ᠪᠠ ︽ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ ᠪᠠᠶᠢᠰᠢᠩ︾᠎ ᠢ ᠪᠠᠶᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ᠂ ᠭᠤᠤᠯᠳᠠᠯᠭᠠᠳᠤ ᠣᠷᠣᠨ ᠪᠦᠰᠡ ᠶᠢᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠳᠣᠪᠤᠶᠢᠯᠭᠠᠵᠤ᠂ 50 ᠲᠥᠷᠥᠯ ᠵᠦᠢᠯ ᠤᠷᠤᠭᠤᠯᠬᠤ ᠭᠡᠷ᠎ᠡ ᠲᠣᠭᠲᠠᠵᠤ᠂ 30 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠦᠲᠦᠮᠵᠢᠲᠡᠶ ᠪᠠᠯᠠ ᠣᠷᠣᠭᠤᠯᠤᠯᠲᠠ ᠶᠢ ᠪᠡᠶᠡᠯᠡᠬᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ 26 ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠯ ᠶᠣᠰᠣᠭᠠᠷ ᠬᠢᠭᠰᠡᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠴᠢᠩᠭ᠎ᠠ ᠪᠡᠶᠡᠯᠡᠭᠦᠯᠵᠦ᠂ 9943 ᠲᠦᠮᠡᠨ ᠲᠥᠭᠦᠷᠢᠭ ᠤᠨ ᠮᠠᠷᠭᠤᠭᠠᠨ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠪᠠᠭ᠎ᠠ ᠠᠵᠤ ᠠᠬᠤᠶᠢᠯᠠᠯ ᠤᠨ ᠲᠠᠩᠰᠠᠨ ᠤ ᠵᠣᠭᠤᠰ ᠢ ᠪᠦᠬᠦᠨ ᠢ ᠳᠥᠯᠥᠵᠦ ᠳᠠᠭᠤᠰᠬᠠᠬᠤ ᠶᠢ ᠦᠨᠡᠨ ᠬᠦ ᠪᠠᠲᠤᠯᠠᠨ᠎ᠠ᠃ ᠵᠠᠰᠠᠭ ᠪᠠ ᠠᠵᠤ ᠠᠬᠤᠶᠢᠯᠠᠯ ᠤᠨ ᠬᠠᠷᠢᠯᠴᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠲᠤᠳᠤᠨᠤ ᠠᠷᠢᠭᠤᠨ ᠴᠢᠭᠡᠴᠢ ᠬᠠᠷᠢᠴᠠᠭ᠎ᠠ ᠶᠢ ᠪᠠᠶᠢᠭᠤᠯᠵᠤ᠂ ᠨᠠᠩ ᠣᠯᠠᠨ ᠠᠵᠤ ᠠᠬᠤᠶᠢᠯᠠᠯ ᠢ ᠡᠵᠡᠨ ᠬᠤᠷᠤᠭ᠎ᠠ ᠳᠤ ᠢᠲᠡᠭᠡᠯ ᠲᠠᠢ ᠪᠣᠯᠭᠠᠵᠤ᠂ ᠡᠵᠡᠨ ᠬᠤᠷᠤᠭ᠎ᠠ ᠶᠢ ᠰᠣᠩᠭᠤᠵᠤ ᠡᠵᠡᠨ ᠬᠤᠷᠤᠭ᠎ᠠ ᠳᠤ ᠪᠠᠯᠠ ᠤᠷᠤᠭᠤᠯᠤᠨ᠎ᠠ᠃    ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠪᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠠᠶᠠᠭᠳᠠᠮᠠᠯ ᠰᠢᠭᠠᠷᠤ ᠶᠢᠨ ᠲᠠᠯᠠᠪᠠᠢ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠶᠠᠪᠤᠳᠠᠯ ᠤᠨ ᠵᠠᠮ ᠪᠠ ᠨᠣᠭᠤᠭᠠᠷᠠᠭᠤᠯᠤᠯᠲᠠ ᠶᠢᠨ ᠦᠵᠡᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠨᠡᠮᠡᠭᠳᠡᠭᠦᠯᠦᠨ᠎ᠡ᠃ ᠮᠡᠳᠡᠭᠡ ᠬᠤᠯᠪᠣᠭ᠎ᠠ᠂ ᠴᠠᠬᠢᠯᠭᠠᠨ ᠬᠦᠴᠦᠨ᠂ ᠵᠠᠮ ᠬᠠᠷᠢᠯᠴᠠᠭ᠎ᠠ ᠵᠡᠷᠭᠡ ︽ᠬᠤᠶᠠᠷ ᠰᠢᠨ᠎ᠡ ᠨᠢᠭᠡ ᠴᠢᠬᠤᠯᠠ︾ ᠲᠥᠷᠥᠯ ᠵᠦᠢᠯ ᠢ ᠲᠦᠷᠭᠡᠳᠬᠡᠨ ᠪᠠᠶᠢᠷᠢᠯᠠᠭᠤᠯᠵᠤ᠂ ᠰᠠᠭᠤᠷᠢ ᠲᠦᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ 5G᠎ ᠶᠢᠨ ᠰᠠᠭᠤᠷᠢ ᠥᠷᠲᠡᠭᠡ ᠶᠢ 180 ᠪᠠᠶᠢᠭᠤᠯᠵᠤ᠂ ᠠᠯᠳᠠᠨᠰᠢᠷᠡᠭᠡ ᠪᠠᠯᠭᠠᠰᠤᠨ ᠤ ᠲᠥᠪ ᠬᠤᠲᠠ ᠶᠢᠨ ᠲᠣᠭᠤᠷᠢᠭ ᠪᠠ ᠪᠤᠰᠤᠳ ᠪᠠᠯᠭᠠᠰᠤᠨ ᠤ ᠲᠣᠭᠤᠷᠢᠭ ᠲᠤ 5G᠎ ᠶᠢᠨ ᠰᠦᠯᠵᠢᠶ᠎ᠡ ᠶᠢ ᠦᠨᠳᠦᠰᠦᠨ ᠳᠡᠭᠡᠨ ᠪᠥᠷᠬᠦᠭᠦᠯᠵᠦ᠂ ᠮᠠᠯᠵᠢᠬᠤ ᠲᠠᠷᠢᠶᠠᠯᠠᠬᠤ ᠣᠷᠣᠨ ᠤ 4 G᠎ ᠶᠢᠨ ᠰᠦᠯᠵᠢᠶᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠨᠡᠮᠡᠭᠳᠡᠭᠦᠯᠵᠦ᠂ ᠪᠦᠷᠬᠦᠯᠳᠡ ᠶᠢ ᠬᠦᠨᠵᠡᠭᠡᠶᠢᠷᠡᠬᠦᠯᠦᠨ᠎ᠡ᠃ 758 ᠺᠢᠯᠤᠮᠧᠲᠷ ᠴᠠᠬᠢᠯᠭᠠᠨ ᠬᠠᠩᠭᠠᠬᠤ ᠱᠤᠭᠤᠮ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠭᠤᠸᠠᠩ ᠱᠧᠩ 110 ᠺᠢᠯᠦᠸᠠᠲ᠂ ᠥᠭᠡᠯᠦᠨ 110 ᠺᠢᠯᠦᠸᠠᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠢ ᠬᠡᠷᠡᠭᠵᠢᠭᠦᠯᠵᠦ᠂ ᠴᠠᠬᠢᠯᠭᠠᠨ ᠬᠡᠷᠡᠭᠯᠡᠬᠦ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠤᠨ᠎ᠠ᠃ ᠬᠥᠬᠡᠬᠤᠲᠠ ᠪᠤᠭᠤᠲᠤ ᠣᠷᠳᠣᠰ ᠤᠨ 1 ᠴᠠᠭ ᠤᠨ ᠲᠦᠷᠭᠡᠨ ᠬᠤᠷᠳᠤ ᠶᠢᠨ ᠲᠡᠮᠦᠷ ᠵᠠᠮ᠂ ᠣᠷᠳᠣᠰ ᠲᠡᠮᠡᠭᠡᠲᠦ ᠶᠠᠨ ᠠᠨ ᠳᠡᠭᠡᠳᠦ ᠬᠤᠷᠳᠤ ᠶᠢᠨ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠨ᠎ᠡ᠃ ᠱᠢ ᠭᠧ ᠲᠠᠢ ᠶᠡᠭᠡ ᠬᠥᠭᠦᠷᠭᠡ ᠶᠢ ᠡᠬᠢᠯᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠪᠤᠭᠤᠳᠤ ᠠᠴᠠ ᠮᠤᠤ ᠮᠢᠩ ᠬᠦᠷᠬᠦ ᠲᠦᠷᠭᠡᠨ ᠵᠠᠰᠠᠮᠠᠯ ᠵᠠᠮ ᠠᠴᠠ ᠬᠤᠳᠠ ᠶᠢᠨ ᠡᠮᠦᠨᠡᠭᠦᠷ ᠦᠡᠭᠭᠡᠷᠡᠬᠦ ᠵᠠᠰᠠᠮᠠᠯ ᠵᠠᠮ ᠢ ᠬᠤᠯᠪᠣᠬᠤ ᠱᠤᠭᠤᠮ ᠤᠨ ᠲᠥᠷᠦᠯ ᠵᠦᠢᠯ ᠢ ᠡᠬᠢᠯᠡᠨ ᠬᠡᠷᠡᠭᠵᠢᠭᠦᠯᠵᠦ᠂ ᠠᠯᠳᠠᠨᠰᠢᠷᠡᠭᠡ ᠪᠠᠯᠭᠠᠰᠤ ᠠᠴᠠ ᠱᠧᠩ ᠶᠤᠸᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠬᠦᠷᠬᠦ ᠲᠦᠷᠭᠡᠨ ᠨᠡᠪᠲᠡᠷᠡᠬᠦ ᠵᠠᠮ ᠤᠨ ᠲᠡᠷᠭᠡ ᠨᠡᠪᠲᠡᠷᠡᠬᠦ ᠶᠢ ᠪᠠᠲᠤᠯᠠᠵᠤ᠂ ᠭᠤᠣᠯ ᠬᠤᠲᠠ ᠶᠢᠨ ᠲᠣᠭᠤᠷᠢᠭ ᠠᠴᠠ ᠵᠡᠭᠦᠨ ᠬᠡᠰᠡᠭ ᠤᠨ ᠠᠭᠤᠷᠬᠠᠢ ᠶᠢᠨ ᠲᠣᠭᠤᠷᠢᠭ ᠲᠤ ᠬᠦᠷᠬᠦ ︽ᠬᠠᠭᠠᠰ ᠴᠠᠭ︾᠎ ᠤᠨ ᠠᠵᠤ ᠠᠬᠤᠢ ᠶᠢᠨ ᠲᠤᠭᠤᠷᠢᠭ ᠢ ᠪᠦᠷᠢᠯᠳᠦᠭᠦᠯᠦᠨ᠎ᠡ᠃    ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠦᠬᠦ ᠬᠦᠴᠦᠨ ᠢᠶᠠᠷ ᠭᠦᠨᠵᠡᠭᠡᠶᠢᠷᠡᠭᠦᠯᠵᠦ᠂ ᠪᠠᠶᠢᠭᠤᠯᠤᠮᠵᠢ ᠳᠤᠭᠳᠠᠯᠴᠠᠭ᠎ᠠ ᠶᠢᠨ ᠰᠢᠨ᠎ᠡ ᠠᠮᠢᠵᠢᠷᠠᠯ ᠤᠨ ᠬᠦᠴᠦᠨ ᠢ ᠲᠦᠷᠭᠡᠳᠬᠡᠨ ᠪᠠᠳᠠᠷᠠᠭᠤᠯᠤᠨ᠎ᠠ᠃    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠦᠭᠵᠢᠬᠦᠯᠦᠨ ᠮᠠᠨᠳᠤᠭᠤᠯᠬᠤ︾ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠪᠠᠳᠤᠯᠠᠭ᠎ᠠ ᠶᠢᠨ ᠴᠢᠨᠠᠷᠲᠠᠶ ᠨᠡᠮᠡᠭᠳᠡᠯ ᠪᠠ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠤᠷᠮᠠᠰᠢᠭᠤᠯᠬᠤ ᠳᠤᠭᠳᠠᠯᠴᠠᠭ᠎ᠠ ᠶᠢ ᠪᠠᠶᠢᠭᠤᠯᠤᠨ᠂ ᠠᠵᠤ ᠠᠬᠤᠶᠢᠯᠠᠯ ᠢ ᠬᠦᠳᠦᠯᠦᠨ ᠲᠠᠭᠠᠭᠤᠯᠵᠤ ᠲᠦᠷᠦᠯ ᠵᠦᠢᠯ ᠤᠨ ᠰᠤᠳᠤᠯᠭᠠᠨ ᠤ ᠵᠠᠷᠤᠳᠠᠯ ᠢ 10%᠎ ᠠᠴᠠ ᠲᠡᠭᠡᠭᠰᠢ ᠨᠡᠮᠡᠭᠳᠡᠬᠦᠯᠦᠨ᠎ᠡ᠃ ᠳᠤᠮᠳᠠᠳᠤ ᠤᠯᠤᠰ ᠤᠨ ᠠᠭᠤᠷᠬᠠᠶ ᠶᠢᠨ ᠦᠢᠯᠡᠰ ᠤᠨ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠬᠦ ᠶᠢ ᠭᠦᠨᠵᠡᠭᠡᠶᠢᠷᠡᠭᠦᠯᠵᠦ᠂ ᠤᠯᠤᠰ ᠤᠨ ᠭᠤᠤᠯᠳᠠᠯᠭᠠᠳᠤ ᠲᠤᠷᠰᠢᠯᠲᠠ ᠶᠢᠨ ᠲᠠᠰᠤᠭ ᠢ ᠡᠭᠦᠳᠦᠨ ᠪᠠᠶᠢᠭᠤᠯᠵᠤ᠂ ᠵᠠᠩᠭᠢᠯᠠᠭ᠎ᠠ ᠶᠢᠨ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠶᠢ ᠲᠦᠷᠭᠡᠳᠬᠡᠨ᠎ᠡ᠃ ᠱᠧᠨ ᠳ᠋ᠦᠩ ᠺᠣᠮᠫᠠᠨᠢ ᠶᠢᠨ ︽ᠠᠺᠠᠳᠧᠮᠢᠴᠢ ᠶᠢᠨ ᠠᠵᠢᠯᠯᠠᠬᠤ ᠲᠠᠰᠤᠭ᠂ ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠ ᠠᠭᠤᠷᠬᠠᠶ ᠶᠢᠨ ᠠᠮᠢ ᠠᠬᠤᠶ ᠶᠢᠨ ᠰᠢᠰᠲ᠋ᠧᠮ ᠢ ᠰᠡᠷᠭᠦᠭᠡᠨ ᠵᠠᠰᠠᠬᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ︾ ᠤᠯᠤᠰ ᠤᠨ ᠲᠠᠰ ᠤᠨ 4 ᠰᠢᠨ᠎ᠡ ᠶᠢ ᠡᠭᠦᠳᠬᠦ ᠲᠠᠪᠴᠠᠩ ᠪᠠ ᠠᠵᠤ ᠠᠬᠤᠶᠢᠯᠠᠯ ᠤᠨ ᠰᠤᠳᠤᠯᠤᠨ ᠨᠡᠭᠡᠭᠡᠨ ᠬᠥᠭᠵᠢᠭᠦᠯᠬᠦ ᠲᠥᠪ᠂ ᠨᠡᠭᠦᠷᠡᠰᠦ ᠶᠢ ᠡᠷᠴᠢᠮᠵᠢᠭᠦᠯᠦᠨ ᠨᠡᠭᠡᠭᠡᠨ ᠮᠠᠯᠲᠠᠬᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠥᠪᠡᠷᠲᠡᠭᠡᠨ ᠵᠠᠰᠠᠬᠤ ᠣᠷᠣᠨ ᠤ 2 ᠰᠢᠨ᠎ᠡ ᠶᠢ ᠡᠭᠦᠳᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠵᠧᠩ ᠨᠧᠩ᠂ ᠲᠢᠶᠠᠨ ᠯᠦᠩ ᠵᠡᠷᠭᠡ 4 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠰᠤᠳᠤᠯᠤᠨ ᠨᠡᠭᠡᠭᠡᠬᠦ ᠲᠥᠪ ᠢᠶᠠᠷ ᠮᠡᠳᠡᠭᠦᠯᠬᠦ ᠶᠢ ᠳᠡᠮᠵᠢᠵᠦ᠂ ᠳᠤᠮᠳᠠ ᠵᠢᠵᠢᠭ ᠠᠵᠤ ᠠᠬᠤᠶᠢᠯᠠᠯ ᠤᠨ ᠦᠢᠯᠡᠰ ᠪᠦᠳᠦᠬᠡᠬᠦ ᠬᠦᠷᠢᠶᠡᠯᠡᠩ ᠳᠤ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃    ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠤᠨ᠎ᠠ᠃ ᠣᠷᠳᠣᠰ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠳᠤ ᠲᠦᠰᠢᠭᠯᠡᠨ᠂ ︽ᠵᠠᠰᠠᠭ ᠤᠨ ᠣᠷᠳᠣᠨ ᠦᠢᠯᠡᠳᠪᠦᠷᠢᠯᠡᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠬᠡᠷᠡᠭᠯᠡᠯᠲᠡ︾ ᠎ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠨᠡᠭᠦᠷᠡᠰᠦᠨ ᠪᠠᠭᠠᠨ᠎ᠠ ᠥᠬᠡᠶ ᠨᠡᠭᠡᠭᠡᠨ ᠮᠠᠯᠲᠠᠬᠤ᠂ ᠨᠡᠭᠦᠷᠡᠰᠦᠨ ᠴᠢᠯᠠᠭᠤ ᠶᠢ ᠳᠦᠭᠦᠷᠭᠡᠨ ᠮᠠᠯᠲᠠᠬᠤ ᠵᠡᠷᠭᠡ 6 ᠶᠡᠭᠡ ᠰᠡᠳᠦᠪ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠰᠢᠪᠲᠤᠯᠤᠯᠲᠠ ᠪᠠ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠵᠦ᠂ ᠪᠤᠷᠤ ᠲᠡᠭᠡᠭ ᠨᠡᠭᠦᠷᠡᠰᠦᠨ ᠠᠭᠤᠷᠬᠠᠶ ᠳᠤ ᠤᠯᠤᠰ ᠤᠨ ᠳᠣᠲᠣᠭᠠᠳᠤ ᠶᠢᠨ ᠲᠠᠩ ᠬᠤᠳᠳᠤᠭ ᠤᠨ ᠬᠠᠮᠤᠭ ᠤᠨ ᠶᠡᠭᠡ ᠬᠡᠪᠴᠢᠶᠡᠨ ᠤ ᠨᠡᠭᠦᠷᠡᠰᠦᠨ ᠴᠢᠯᠠᠭᠤᠨ ᠬᠤᠳᠳᠤᠭ ᠲᠤ ᠳᠦᠭᠦᠷᠭᠡᠨ ᠮᠠᠯᠲᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠱᠧᠨᠵᠧᠨ ᠤ ᠲᠡᠷᠢᠭᠦᠨ ᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠵᠤᠤᠬ᠎ᠠ᠂ ᠰᠢᠰᠲ᠋ᠧᠮ ᠵᠢᠴᠢ ᠬᠦᠨᠳᠦ ᠠᠴᠢᠶᠠᠨ ᠤ ᠮᠠᠰᠢᠨ ᠤ ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠲᠠᠢ ᠪᠣᠯᠭᠠᠨ᠎ᠠ᠃ ᠱᠦᠶ ᠠᠨ ᠰᠢᠨ᠎ᠡ ᠬᠤᠲᠠ ᠳᠤ 5 ᠲᠦᠮᠡᠨ ᠲᠡᠭᠰᠢ ᠳᠥᠷᠪᠡᠯᠵᠢᠨ ᠮᠧᠲᠷ ᠤᠨ ︽ᠬᠤᠤᠰ ᠡᠭᠦᠳᠦᠯᠲᠡ︾ ᠪᠠ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠬᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠲᠥᠯᠥᠪᠵᠢᠭᠦᠯᠦᠨ ᠪᠠᠶᠢᠷᠢᠰᠢᠭᠤᠯᠵᠤ᠂ 30 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ᠂ 21 ᠰᠤᠳᠤᠯᠭᠠᠨ ᠤ ᠪᠦᠯᠬᠦᠮ ᠢ ᠣᠷᠣᠭᠤᠯᠤᠨ ᠠᠪᠴᠢᠷᠠᠵᠤ᠂ 3000 ᠬᠥᠮᠦᠨ ᠤ ᠠᠵᠢᠯ ᠤᠯᠭᠤᠯᠳᠠ ᠶᠢ ᠳᠠᠶᠢᠴᠢᠯᠠᠵᠤ᠂ ᠡᠵᠡᠨ ᠬᠤᠷᠤᠭ᠎ᠠ ᠶᠢᠨ ︽ᠬᠤᠤᠰ ᠡᠭᠦᠳᠦᠯᠲᠡ︾ ᠎ ᠶᠢᠨ ᠲᠠᠰ ᠳᠡᠪᠰᠢᠭᠰᠡᠨ ᠬᠡᠪ ᠢ ᠪᠠᠶᠢᠭᠤᠯᠤᠨ᠎ᠠ᠃    ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠰᠢᠯᠭᠠᠨ ᠬᠢᠨᠠᠵᠤ ᠤᠷᠮᠠᠰᠢᠭᠤᠯᠬᠤ ᠳᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠧᠩ ᠰᠢ ᠵᠧᠩ ᠾᠧ᠂ ᠵᠢᠦ ᠲᠠᠢ ᠢᠯᠴᠢ ᠶᠢᠨ ᠬᠦᠴᠦ ᠵᠡᠷᠭᠡ ᠠᠵᠤ ᠠᠬᠤᠶᠢᠯᠠᠯ ᠤᠨ ᠬᠤᠯᠢᠮᠠᠭ ᠦᠮᠴᠢᠯᠡᠯᠳᠦ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠷ᠎ᠡ ᠠᠰᠢᠭ ᠢᠶᠠᠷ ᠳᠤᠤᠷ᠎ᠠ ᠦᠷ᠎ᠡ ᠠᠰᠢᠭ ᠥᠬᠡᠶ ᠡᠳ᠋ ᠬᠥᠷᠥᠩᠭᠡ ᠵᠢᠴᠢ ᠠᠪᠴᠠᠭ᠎ᠠ ᠥᠭᠴᠡᠭᠡ ᠶᠢ ᠰᠠᠯᠭᠠᠨ ᠰᠢᠢᠳᠪᠦᠷᠢᠯᠡᠬᠦ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠯᠳᠠᠪᠦᠷᠢ ᠲᠠᠢ ᠪᠠᠶᠢᠭᠰᠠᠨ ᠠᠴᠠ ᠨᠢ ᠠᠰᠢᠭ ᠤᠷᠤᠯᠭ᠎ᠠ ᠲᠠᠢ ᠪᠣᠯᠭᠠᠬᠤ ᠪᠠᠷ ᠴᠢᠷᠮᠠᠶᠢᠨ᠎ᠠ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠪᠡᠶᠡᠯᠡᠬᠦᠯᠦᠨ᠎ᠡ᠃ ᠰᠤᠷᠭᠠᠨ ᠬᠥᠮᠦᠵᠢᠯ ᠤᠨ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠯᠳᠠᠨᠰᠢᠷᠡᠭᠡ ᠪᠠᠯᠭᠠᠰᠤᠨ ᠤ ᠭᠠᠵᠠᠷ ᠣᠷᠣᠨ ᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ︽ᠨᠢᠭᠡ ᠭᠡᠷ ᠲᠤ ᠵᠢᠷᠭᠤᠭᠠᠨ ᠵᠢᠯ ᠳᠤ ᠨᠢᠭᠡ ᠰᠤᠷᠤᠯᠭ᠎ᠠ ᠶᠢᠨ ᠤᠷᠤᠨ ᠪᠠᠶᠢᠷᠢ ᠣᠯᠭᠤᠬᠤ︾ ᠲᠥᠷᠦ ᠶᠢᠨ ᠪᠣᠳᠣᠯᠭ᠎ᠠ ᠶᠢ ᠲᠤᠷᠰᠢᠨ ᠬᠡᠷᠡᠭᠵᠢᠭᠦᠯᠵᠦ᠂ ︽ᠰᠤᠷᠭᠠᠭᠤᠯᠢ ᠰᠣᠩᠭᠤᠬᠤ ᠬᠠᠯᠠᠮᠰᠢᠯ︾ ᠠᠰᠠᠭᠤᠳᠠᠯ ᠢ ᠨᠠᠮᠳᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠮ ᠤᠨ ᠳᠠᠷᠤᠭ᠎ᠠ ᠶᠢᠨ ᠳᠦᠷᠢᠮ᠂ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠡᠪᠡᠰᠦ ᠪᠡᠯᠴᠢᠬᠡᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠷᠣᠨ ᠰᠠᠭᠤᠴᠠ ᠶᠢᠨ ᠰᠠᠭᠤᠷᠢ ᠭᠠᠵᠠᠷ ᠢ ᠡᠷᠭᠢᠯᠳᠦᠭᠦᠯᠬᠦ ᠳᠦᠷᠢᠮ ᠢ ᠰᠦᠪᠡᠭᠴᠢᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠤᠯᠠ ᠪᠠᠶᠢᠭ᠎ᠠ ᠭᠠᠵᠠᠷ ᠰᠢᠷᠣᠶ ᠶᠢᠨ ᠡᠬᠢ ᠪᠠᠶᠠᠯᠢᠭ ᠢ ᠡᠷᠬᠢᠯᠳᠦᠬᠦᠯᠦᠨ᠂ ᠥᠷᠲᠡᠭ ᠤᠨ ᠨᠡᠮᠡᠭᠳᠡᠯ ᠤᠨ ᠠᠰᠢᠭ ᠤᠷᠤᠯᠭ᠎ᠠ ᠶᠢ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠳ ᠲᠤ  ᠨᠡᠩ ᠢᠯᠡᠬᠦᠦ ᠦᠯᠡᠳᠡᠭᠡᠵᠦ ᠥᠭᠭᠦᠨ᠎ᠡ᠃    ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠬᠦᠴᠦᠨ ᠢᠶᠠᠷ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠰᠢᠨ᠎ᠡ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠤᠨ᠎ᠠ᠃    ᠠᠵᠤ ᠦᠢᠯᠡᠰ ᠢᠶᠠᠷ ᠬᠦᠭᠵᠢᠬᠦᠯᠦᠨ ᠮᠠᠨᠳᠤᠭᠤᠯᠬᠤ ᠶᠢ ᠰᠠᠶᠢᠳᠤᠷ ᠲᠤᠪᠤᠶᠢᠯᠭᠠᠨ᠎ᠠ᠃ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠣᠭᠤᠳᠬᠤ 1 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠲᠤᠬᠢᠷᠠᠭᠤᠯᠵᠤ᠂ ᠭᠠᠭ᠋ᠠᠶ᠂ ᠠᠯᠠᠰᠢᠨ ᠦᠬᠡᠷ᠂ ᠢᠳᠡᠰᠢᠨ ᠨᠣᠭᠤᠭ᠎ᠠ ᠡᠯᠳᠡᠪ ᠠᠮᠤ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ︽ᠨᠢᠭᠡ ᠲᠣᠰᠬᠤᠨ ᠨᠢᠭᠡ ᠪᠦᠳᠦᠬᠡᠭᠳᠡᠬᠦᠨ︾ ︽ᠨᠢᠭᠡ ᠲᠣᠰᠬᠤᠨ ᠨᠢᠭᠡ ᠣᠨᠴᠠᠯᠢᠭ︾᠎ ᠤᠨ ᠠᠵᠤ ᠦᠢᠯᠡᠰ ᠤᠨ ᠪᠠᠶᠢᠳᠠᠯ ᠢ ᠪᠠᠶᠢᠭᠤᠯᠤᠨ᠂ ᠪᠣᠶ ᠪᠥᠬᠦᠶ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ 10 ᠲᠦᠮᠡᠨ ᠲᠥᠭᠦᠷᠢᠭ ᠠᠴᠠ ᠳᠠᠪᠠᠭᠤᠯᠵᠤ᠂ ᠲᠤᠯᠤᠭᠠᠶᠢᠯᠠᠭᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠣᠭᠠᠯᠠᠯ ᠤᠨ ᠨᠣᠷᠮ᠎ᠠ ᠶᠢ 80%᠎ ᠠᠴᠠ ᠳᠡᠭᠡᠭᠰᠢ ᠳᠤ ᠬᠦᠷᠭᠡᠨ᠎ᠡ᠃ ᠡᠯ᠎ᠡ ᠪᠠᠯᠭᠠᠰᠤᠨ ᠤ ᠠᠵᠤ ᠠᠬᠤᠶᠢᠯᠠᠯ ᠢ ᠬᠥᠭᠵᠢᠭᠦᠯᠬᠦ ᠶᠢ ᠳᠠᠮᠵᠢᠵᠤ᠂ ᠠᠳᠠᠭ ᠲᠠᠭᠠᠨ 1᠎ ᠠᠴᠠ 2 ᠣᠨᠴᠠᠯᠢᠭᠲᠤ ᠭᠤᠣᠯᠯᠠᠬᠤ ᠠᠵᠤ ᠦᠢᠯᠡᠰ ᠢ ᠪᠣᠶᠢᠵᠢᠭᠤᠯᠵᠤ᠂ ᠦᠢᠯᠡᠳᠬᠦᠨ ᠤ ᠥᠷᠲᠡᠭ ᠨᠢ 3 ᠳ᠋ᠦᠩᠰᠢᠭᠤᠷ ᠲᠥᠭᠦᠷᠢᠭ ᠢ ᠳᠠᠪᠠᠭᠰᠠᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ 1 ᠪᠠᠶᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠤᠭᠤᠯᠠᠶ ᠶᠢᠨ ᠰᠤᠭᠤ ᠶᠢᠨ ᠬᠡᠷᠬᠡᠨᠡᠭ ᠮᠦᠬᠦ᠂ ᠬᠤᠨᠢᠴᠢᠨᠭᠤᠤᠯ ᠤᠨ ᠪᠤᠯᠠᠭ ᠲᠠᠭᠲᠠᠭ᠎ᠠ ᠵᠡᠷᠭᠡ ᠣᠨᠴᠠᠯᠢᠭᠲᠤ ᠪᠦᠲᠦᠭᠡᠭᠳᠡᠬᠦᠨ ᠤ ᠬᠡᠪᠴᠢᠶ᠎ᠡ ᠪᠠᠨ ᠥᠷᠭᠡᠳᠬᠡᠬᠦ᠂ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠳᠠᠮᠵᠢᠵᠤ᠂ ᠮᠡᠩᠭᠡ ᠶᠢᠨ ᠨᠤᠤᠯᠤᠷ ᠤᠨ ᠢᠮᠠᠭᠠᠨ ᠤ ᠰᠢᠨ᠎ᠡ ᠡᠭᠦᠯᠳᠡᠷ ᠢ ᠪᠥᠬᠦ ᠬᠦᠴᠦᠨ ᠢᠶᠠᠷ ᠢᠶᠠᠨ ᠪᠤᠶᠢᠵᠢᠭᠤᠯᠵᠤ᠂ ᠯᠧ ᠰᠢᠶᠠᠩ ᠲᠠᠷᠢᠶᠠᠯᠠᠩ ᠮᠠᠯ ᠠᠵᠤ ᠠᠬᠤᠢ ᠶᠢᠨ ᠭᠠᠭ᠋ᠠᠶ ᠲᠡᠵᠢᠭᠡᠨ ᠦᠷᠡᠵᠢᠭᠦᠯᠬᠦ᠂ ᠬᠤᠨᠢᠴᠢᠨᠭᠤᠤᠯ ᠤᠨ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 9 ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠎ ᠤᠨ ᠭᠡᠷᠡᠴᠢᠯᠡᠯ ᠲᠠᠢ ᠪᠦᠲᠦᠭᠡᠭᠳᠡᠬᠦᠨ ᠢ ᠰᠢᠨ᠎ᠡ ᠪᠠᠷ ᠨᠡᠮᠡᠭᠳᠡᠭᠦᠯᠦᠨ᠂ ︽ᠲᠡᠭᠷᠢᠯᠢᠭ ᠣᠬᠢ ᠪᠦᠳᠦᠭᠡᠭᠳᠡᠬᠦᠨ︾᠎ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢ ᠬᠦᠭᠵᠢᠬᠦᠯᠵᠦ᠂ ᠴᠢᠨᠠᠷ ᠰᠠᠶᠢᠲᠠᠶ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠣᠮᠣ ᠵᠠᠬ᠎ᠠ ᠳᠡᠯᠭᠡᠭᠦᠷ ᠲᠤ ᠣᠷᠣᠭᠤᠯᠵᠤ᠂ ᠰᠠᠶᠢᠨ ᠦᠨ᠎ᠡ ᠬᠠᠩᠰᠢ ᠬᠤᠳᠠᠯᠳᠤᠭᠤᠯᠤᠨ᠎ᠠ᠃    ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠦᠯᠦᠪᠵᠢᠬᠦᠯᠭᠡ ᠶᠢ ᠤᠷᠢᠳ ᠢᠶᠠᠷ ᠬᠢᠬᠦ ᠶᠢ ᠪᠠᠷᠢᠮᠳᠠᠯᠠᠵᠤ᠂ ︽ᠭᠤᠷᠪᠠᠨ ᠤᠷᠤᠨ︾᠎ ᠤ ᠪᠠᠶᠢᠷᠢᠯᠠᠭᠤᠯᠤᠯᠳᠠ ᠶᠢ ᠰᠢᠯᠢᠳᠡᠭᠵᠢᠬᠦᠯᠦᠨ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠬᠡᠷᠡᠭᠯᠡᠭᠡᠨ ᠤ ᠴᠢᠨᠠᠷᠲᠠᠢ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠶᠢ ᠲᠦᠷᠬᠡᠳᠬᠡᠵᠦ᠂ ᠪᠠᠷᠠᠭᠤᠨ ᠬᠡᠰᠡᠭ ᠤᠨ ᠰᠤᠳᠤᠨ ᠲᠠᠷᠢᠶᠠᠯᠠᠩ ᠮᠠᠯ ᠠᠵᠤ ᠠᠬᠤᠢ ᠶᠢᠨ ᠲᠦᠪᠯᠡᠷᠡᠭᠰᠡᠨ ᠤᠷᠤᠨ᠂ ᠲᠤᠮᠳᠠ ᠬᠡᠰᠡᠭ ᠤᠨ ᠵᠢᠭᠤᠯᠴᠢᠯᠠᠯ ᠰᠡᠯᠡᠬᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠡ ᠦᠵᠡᠬᠦᠯᠬᠦ ᠤᠷᠤᠨ᠂ ᠵᠡᠬᠦᠨ ᠬᠡᠰᠡᠭ ᠤᠨ ᠠᠭᠤᠷᠬᠠᠢ ᠶᠢᠨ ᠪᠤᠬᠢᠷᠳᠤᠯ ᠦᠬᠡᠢ ᠠᠮᠢ ᠠᠬᠤᠢ ᠶᠢᠨ ᠦᠯᠢᠬᠡᠷ ᠲᠠᠭᠤᠷᠢᠶᠠᠯ ᠤᠨ ᠤᠷᠤᠨ ᠢ ᠪᠠᠶᠢᠭᠤᠯᠠᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ︽ᠲᠠᠷᠢᠶᠠᠯᠠᠩ ᠤᠨ ᠪᠤᠰᠤ ᠪᠣᠯᠭᠠᠬᠤ︾᠎ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠴᠢᠩᠭ᠎ᠠ ᠰᠡᠷᠭᠡᠶᠢᠯᠡᠵᠦ᠂ 2.3 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ ᠪᠣᠬᠢᠷ ᠤᠰᠤ ᠶᠢ ᠲᠥᠪᠯᠡᠷᠡᠭᠦᠯᠦᠨ ᠵᠠᠰᠠᠬᠤ᠂ ᠬᠤᠤᠷ ᠥᠬᠡᠶᠢᠳᠡᠭᠦᠯᠦᠭᠰᠡᠨ ᠠᠷᠢᠭᠤᠨ ᠴᠡᠪᠡᠷ ᠵᠣᠷᠯᠣᠩ ᠢ ᠪᠦᠬᠦᠨ ᠢ ᠪᠥᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠴᠡᠪᠡᠷᠴᠢ ᠡᠨᠧᠷᠭᠢ ᠪᠠᠷ ᠣᠷᠣᠯᠠᠭᠤᠯᠬᠤ ᠢᠨᠵᠧᠨᠧᠷᠢᠩ ᠢ ᠬᠡᠷᠡᠭᠵᠢᠭᠦᠯᠵᠦ᠂ 23 ᠲᠦᠮᠡᠨ ᠺᠢᠯᠦᠸᠠᠲ ᠤᠨ ︽ᠰᠠᠯᠬᠢ ᠭᠡᠷᠡᠯ ᠤᠨ ᠡᠨᠧᠷᠭᠢ ᠶᠢᠨ ᠲᠠᠷᠢᠶᠠᠯᠠᠩ ᠮᠠᠯ ᠠᠵᠤ ᠠᠬᠤᠢ︾ ᠎ ᠶᠢᠨ ᠴᠡᠪᠡᠷᠴᠢ ᠡᠨᠧᠷᠭᠢ ᠪᠠᠷ ᠢᠯᠴᠢ ᠬᠠᠩᠭᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ︽ᠴᠠᠬᠢᠯᠭᠠᠨ ᠢᠶᠠᠷ ᠨᠡᠭᠦᠷᠡᠰᠦ ᠶᠢ ᠣᠷᠣᠯᠠᠭᠤᠯᠬᠤ︾᠎ ᠶᠢ ᠲᠦᠯᠬᠢᠨ ᠠᠬᠢᠭᠤᠯᠵᠤ᠂ ︽ᠰᠠᠯᠬᠢ ᠭᠡᠷᠡᠯ ᠤᠨ ᠡᠨᠧᠷᠬᠢ ᠪᠠᠷ ᠲᠤᠯᠠᠭᠠᠴᠠᠭᠤᠯᠬᠤ︾ ︽ᠰᠠᠯᠬᠢ ᠭᠡᠷᠡᠯ ᠤᠨ ᠴᠠᠬᠢᠯᠭᠠᠨ︾ ᠬᠡᠷᠡᠭᠯᠡᠬᠦ ᠶᠢ ᠮᠠᠯᠵᠢᠬᠤ ᠲᠠᠷᠢᠶᠠᠯᠠᠬᠤ ᠣᠷᠣᠨ ᠳᠤ ᠬᠡᠷᠡᠭᠵᠢᠬᠦᠯᠵᠦ᠂ ᠦᠢ ᠲᠦᠮᠡᠨ ᠠᠶᠢᠯ ᠡᠷᠦᠬᠡ ᠳᠤ ᠠᠰᠢᠭ ᠬᠦᠷᠲᠡᠭᠡᠨ᠎ᠡ᠃    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠤᠯᠭᠠᠭᠤᠯᠤᠨ᠎ᠠ᠃ ︽ᠳᠥᠷᠪᠡ ᠶᠢ ᠥᠯᠥ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠳᠡᠮᠵᠢᠯᠭᠡ᠂ ᠬᠠᠪᠰᠤᠷᠤᠨ ᠲᠡᠳᠬᠦᠬᠦ ᠬᠦᠴᠦᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠲᠠ ᠶᠢᠨ ᠡᠷᠬᠢᠯᠳᠡ ᠶᠢᠨ ᠵᠠᠷᠤᠳᠠᠯ ᠢ ᠪᠠᠳᠤᠯᠠᠬᠤ ᠶᠢ ᠴᠢᠩᠭᠠᠷᠠᠭᠤᠯᠵᠤ᠂ ᠵᠢᠯ ᠤᠨ ᠵᠠᠷᠤᠳᠠᠯ ᠢ 8 ᠲᠦᠮᠡ ᠠᠴᠠ 15 ᠲᠦᠮᠡᠨ ᠲᠦᠬᠦᠷᠢᠭ ᠲᠤ ᠬᠦᠷᠭᠡᠨ᠎ᠡ᠃ ᠥᠨᠳᠥᠷ ᠬᠡᠪ ᠪᠣᠯᠪᠠᠰᠤᠷᠠᠯ ᠲᠠᠢ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠵᠦ᠂ 161 ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯᠲᠠᠨ ᠢ ᠤᠷᠢᠨ ᠬᠡᠷᠡᠭᠯᠡᠨ᠎ᠡ᠃ ︽ᠬᠤᠪᠢᠰᠬᠠᠯ ᠤᠨ ᠵᠠᠮᠴᠢᠯᠠᠭᠴᠢ︾᠂ ︽ᠵᠠᠭᠤᠨ ᠠᠵᠤ ᠠᠬᠤᠶᠢᠯᠠᠯ ᠢᠶᠠᠷ ᠵᠠᠭᠤᠨ ᠲᠣᠰᠬᠤᠨ ᠢ ᠬᠠᠪᠰᠤᠷᠬᠤ︾ ᠪᠠ ᠠᠵᠤ ᠠᠬᠤᠶᠢᠯᠠᠯ ᠣᠷᠣᠨ ᠨᠤᠲᠤᠭ ᠬᠦᠴᠦ ᠪᠠᠨ ᠬᠠᠮᠲᠤᠳᠬᠠᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠠᠬᠢᠨ ᠶᠠᠳᠠᠭᠤᠷᠠᠬᠤ ᠥᠬᠡᠶ᠂ ᠣᠷᠣᠯᠭ᠎ᠠ ᠪᠠᠭ᠎ᠠ ᠬᠥᠮᠦᠰ ᠶᠠᠳᠠᠭᠤᠷᠠᠬᠤ ᠥᠬᠡᠶ ᠪᠠᠶᠢᠬᠤ ᠶᠢ ᠪᠠᠲᠤᠯᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠨᠠᠩ ᠰᠠᠶᠢᠨ ᠰᠠᠶᠢᠬᠠᠨ ᠠᠵᠠ ᠠᠮᠢᠳᠤᠷᠠᠨ᠎ᠠ᠃    ︵ᠲᠠᠪᠤ︶ ᠪᠣᠬᠢᠷᠲᠤᠯ ᠥᠬᠡᠶ ᠬᠥᠭᠵᠢᠯᠲᠡ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠶ ᠶᠢᠨ ᠪᠣᠯᠪᠠᠰᠤᠨ ᠤ ᠰᠢᠨ᠎ᠡ ᠦᠯᠢᠬᠡᠷ ᠳᠠᠭᠤᠷᠢᠶᠠᠯ ᠢ ᠲᠦᠷᠭᠡᠳᠬᠡᠨ ᠪᠣᠶ ᠪᠣᠯᠭᠠᠨ᠎ᠠ᠃    ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠭᠦᠨᠵᠡᠭᠡᠶ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ ᠪᠡᠭᠡᠵᠢᠩ ᠲᠢᠶᠠᠨᠵᠢᠨ ᠤ ᠡᠷᠬᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠴᠢᠷᠳᠠᠭᠰᠠᠨ ᠣᠶ ᠶᠢ ᠬᠤᠪᠢᠶᠠᠷᠢᠯᠠᠨ ᠰᠡᠷᠭᠦᠭᠡᠬᠦ ᠵᠡᠷᠭᠡ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠵᠥᠩ ᠬᠠᠶ ᠷᠦᠩ ᠰᠢ ᠤᠯᠤᠰ ᠤᠨ ᠨᠥᠭᠡᠴᠡ ᠣᠶ ᠶᠢᠨ ᠠᠩᠬᠠᠳᠤᠭᠠᠷ ᠬᠤᠭᠤᠴᠠᠭᠠᠨ ᠤ ᠨᠡᠭᠦᠷᠡᠰᠦ ᠮᠠᠯᠳᠠᠭᠠᠳ ᠳᠣᠷᠣᠭᠰᠢ ᠰᠠᠭᠤᠭᠰᠠᠨ ᠣᠷᠣᠨ᠂ ᠰᠡᠷᠬᠦᠬᠡᠨ ᠬᠠᠭᠠᠯᠪᠦᠷᠢᠯᠠᠬᠤ ᠣᠷᠣᠨ ᠤ ᠠᠮᠢ ᠠᠬᠤᠶ ᠶᠢᠨ ᠠᠵᠤ ᠠᠬᠤᠶ ᠶᠢᠨ ᠣᠶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠥᠬᠦ ᠵᠢᠯ ᠳᠤ 30 ᠲᠦᠮᠡᠨ ᠮᠥ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠣᠶ ᠰᠢᠭᠤᠶ ᠶᠢᠨ ᠬᠠᠳᠠᠭᠠᠯᠠᠭᠳᠠᠴᠠ ᠶᠢᠨ ᠬᠡᠮᠵᠢᠶ᠎ᠡ ᠪᠠ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠰᠢᠩᠭᠡᠭᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠪᠥᠬᠦ ᠬᠤᠲᠠ᠂ ᠪᠥᠬᠦ ᠣᠷᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠰᠤᠯᠢᠯᠴᠠᠭ᠎ᠠ ᠶᠢᠨ ᠳᠤᠮᠳᠠ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠰᠠᠭᠤᠷᠢ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠲᠤᠬᠠᠢ ᠶᠢᠨ ᠭᠠᠵᠠᠷ ᠲᠤ ᠨᠢ ᠲᠤᠬᠢᠷᠠᠭᠤᠯᠤᠨ᠂ ᠨᠢᠭᠡ ᠠᠭᠤᠷᠬᠠᠢ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠡᠰ ᠤᠨ 12 ᠪᠣᠬᠢᠷᠲᠤᠯ ᠦᠭᠡᠢ ᠠᠭᠤᠷᠬᠠᠢ ᠶᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ︽ᠠᠲᠠᠷ ᠭᠠᠵᠠᠷ ᠠᠭᠯᠠᠭ ᠠᠭᠤᠯᠠ︾᠎ ᠶᠢ ︽ᠬᠦᠬᠡ ᠠᠭᠤᠯᠠ ᠬᠦᠬᠡᠮᠳᠦᠭ ᠤᠰᠤ︾ ᠪᠣᠯᠭᠠᠨ᠎ᠠ᠃    ᠠᠮᠢ ᠠᠬᠤᠶ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠴᠢᠭᠯᠡᠯᠳᠡ ᠬᠤᠪᠢᠷᠠᠬᠤ ᠦᠭᠡᠢ᠂ ᠡᠷᠴᠢᠮ ᠰᠤᠯᠠᠷᠠᠬᠤ ᠦᠭᠡᠢ ᠪᠠᠶᠢᠬᠤ ᠶᠢ ᠪᠠᠷᠢᠮᠲᠠᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠠᠭᠤᠷᠬᠠᠢ ᠶᠢᠨ ᠣᠷᠣᠨ ᠤ ᠲᠣᠭᠤᠰᠣ ᠳᠡᠭᠳᠡᠬᠦ ᠲᠣᠭᠤᠰᠣᠨ ᠤ ᠪᠣᠬᠢᠷᠲᠤᠯ ᠢ ᠪᠦᠲᠦᠮᠵᠢᠲᠡᠢ ᠬᠤᠷᠢᠭᠯᠠᠵᠤ ᠂ ᠱᠧᠨ ᠬᠤᠸᠠ ᠨᠡᠭᠦᠷᠡᠰᠦ ᠶᠢ ᠲᠤᠰᠤᠵᠢᠭᠤᠯᠬᠤ᠂ ᠲᠡᠬᠡᠳᠦ ᠲᠤᠬᠤᠢ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠵᠤᠤᠤᠬ᠎ᠠ ᠶᠢᠨ ᠮᠠᠰᠢᠨ ᠴᠣᠭᠴᠠᠯᠠᠪᠤᠷᠢ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠪᠦᠬᠦ ᠵᠢᠯ ᠤᠨ ᠠᠭᠠᠷ ᠤᠨ ᠰᠢᠯᠢᠳᠡᠭ ᠰᠠᠶᠢᠨ ᠢ 92 % ᠎ ᠠᠴᠠ ᠳᠡᠭᠡᠭᠰᠢ ᠪᠠᠶᠢᠯᠭᠠᠨ᠎ᠠ᠃ ᠠᠯᠳᠠᠨᠰᠢᠷᠡᠭᠡ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠰᠢᠬᠤᠢ ᠶᠢᠨ ᠭᠤᠤᠯ ᠤᠨ ᠵᠠᠮ ᠤᠨ ᠵᠠᠰᠠᠯᠲᠠ ᠪᠠ ᠲᠡᠮᠡᠭᠡᠨ ᠬᠠᠳᠠᠨ ᠴᠠᠭᠠᠨᠨᠠᠭᠤᠷ ᠤᠨ ᠤᠰᠤᠨ ᠤ ᠠᠮᠢ ᠠᠬᠤᠢ ᠶᠢᠨ ᠵᠠᠰᠠᠯᠲᠠ ᠶᠢ ᠴᠢᠩᠭᠠᠳᠬᠠᠵᠤ᠂ ᠤᠯᠠᠭᠠᠨᠮᠦ᠋ᠷᠡᠨ ᠭᠤᠣᠯ᠂ ᠪᠤᠬ᠎ᠠ ᠶᠢᠨ ᠭᠤᠣᠯ ᠤᠨ ᠰᠠᠪᠠ ᠭᠠᠵᠠᠷ ᠤᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶᠠᠨ ᠳᠤ ᠬᠦᠷᠭᠡᠬᠦ ᠶᠢ ᠪᠠᠲᠤᠯᠠᠨ᠎ᠠ᠃ ᠤᠯᠠᠭᠠᠨᠮᠥ᠋ᠷᠡᠨ ᠪᠠᠯᠭᠠᠰᠤᠨ ᠤ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠨᠰᠠᠷ ᠤᠨ ᠠᠶᠠᠯᠠᠯ ᠤᠨ ᠺᠠᠶ ᠲᠢᠶᠠᠨ ᠵᠡᠷᠭᠡ ᠤᠯᠤᠰ ᠤᠨ ᠳᠣᠲᠣᠭᠠᠳᠤ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠣᠷᠴᠢᠨ ᠲᠣᠭᠤᠷᠢᠨ ᠢ ᠬᠠᠮᠠᠭᠠᠯᠠᠬᠤ ᠠᠵᠤ ᠠᠬᠤᠶᠢᠯᠠᠯ ᠲᠠᠢ ᠢᠳᠡᠪᠬᠢᠲᠡᠶ ᠬᠠᠮᠲᠤᠷᠠᠯᠴᠠᠵᠤ᠂ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠨᠡᠭᠦᠷᠡᠰᠤᠨ ᠠᠭᠤᠷᠬᠠᠶ ᠶᠢᠨ ᠨᠡᠭᠦᠷᠡᠰᠦᠨ ᠲᠠᠪᠬᠤᠷᠭ᠎ᠠ ᠶᠢᠨ ᠪᠤᠬᠢᠷ ᠤᠰᠤ ᠶᠢ ᠭᠠᠳᠠᠭᠰᠢᠯᠠᠭᠤᠯᠵᠤ ᠶᠡᠷᠦᠩᠬᠡᠶᠢᠯᠡᠨ ᠠᠰᠢᠭᠯᠠᠬᠤ ᠵᠡᠷᠭᠡ ᠵᠠᠰᠠᠯᠲᠠ ᠶᠢᠨ ᠢᠨᠵᠧᠨᠧᠷᠢᠩ ᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ ᠡᠵᠡᠨ ᠬᠤᠷᠤᠭ᠎ᠠ ᠶᠢᠨ ᠣᠭᠲᠠᠷᠭᠤᠶ ᠨᠢ ᠨᠠᠩ ᠴᠡᠯᠮᠡᠭ᠂ ᠭᠠᠵᠠᠷ ᠨᠢ ᠨᠠᠩ ᠨᠣᠭᠤᠭᠠᠨ᠂ ᠤᠰᠤ ᠨᠢ ᠨᠠᠩ ᠲᠤᠩᠭᠠᠯᠠᠭ ᠪᠣᠯᠭᠠᠨ᠎ᠠ᠃    ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶ᠎ᠡ ᠡᠨᠧᠷᠭᠢ ᠶᠢᠨ ᠬᠤᠷᠤᠭᠳᠠᠯ ᠤᠨ ᠡᠷᠴᠢᠮ ᠢ ᠴᠢᠩᠭ᠎ᠠ ᠬᠢᠵᠠᠭᠠᠷᠯᠠᠨ᠎ᠠ᠃ ᠪᠡᠯᠡ ᠤᠷᠤᠭᠤᠯᠬᠤ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠦᠨᠡᠯᠡᠨ ᠵᠢᠱᠢᠵᠦ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠬᠦᠯᠦᠨ᠎ᠡ᠃ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠭᠤᠤᠯᠳᠠᠯᠭᠠᠳᠤ ᠡᠨᠧᠷᠭᠢ ᠬᠡᠷᠡᠭᠯᠡᠬᠦ ᠨᠢᠭᠡᠴᠢ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠨᠧᠷᠭᠢ ᠬᠡᠷᠡᠭᠯᠡᠬᠦ ᠡᠷᠬᠡ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠡᠷᠭᠡ ᠶᠢᠨ ᠠᠷᠠᠯᠵᠢᠶᠠᠨ ᠤ ᠥᠭᠡᠷᠡᠴᠢᠯᠡᠯᠲᠡ ᠶᠢ ᠠᠬᠢᠭᠤᠯᠤᠨ᠎ᠠ᠃ ︽ᠪᠣᠬᠢᠷᠲᠤᠯ ᠥᠬᠡᠶ ᠪᠠᠶᠢᠬᠤ ᠶᠢ ᠡᠭᠦᠳᠦᠨ ᠪᠠᠶᠢᠭᠤᠯᠬᠤ︾ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠪᠠᠷᠢᠯᠭ᠎ᠠ᠂ ᠣᠯᠠᠨ ᠨᠡᠶᠢᠲᠡ ᠶᠢᠨ ᠪᠠᠶᠢᠭᠤᠯᠤᠮᠵᠢ᠂ ᠬᠤᠲᠠ ᠶᠢᠨ ᠶᠠᠪᠤᠳᠠᠯ ᠤᠨ ᠭᠡᠷᠡᠯᠲᠦᠭᠦᠯᠭᠡ ᠵᠡᠷᠭᠡ ᠬᠦᠷᠢᠶ᠎ᠡ ᠴᠠᠷᠠᠭᠠᠨ ᠳᠠᠬᠢ ᠡᠨᠧᠷᠭᠢ ᠶᠢᠨ ᠬᠤᠷᠣᠭᠳᠠᠯ ᠢ 60%᠎ ᠠᠴᠠ ᠳᠡᠭᠡᠭᠰᠢ ᠪᠠᠭᠤᠷᠠᠭᠤᠯᠵᠤ᠂ ᠠᠯᠳᠠᠨᠰᠢᠷᠡᠭᠡ ᠪᠠᠯᠭᠠᠰᠤ ᠶᠢᠨ ᠭᠤᠤᠯ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠥᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠨ᠎ᠠ᠃    ︵ᠵᠢᠷᠭᠤᠭ᠎ᠠ︶ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ ᠠᠷᠠᠳ ᠲᠦᠮᠡᠨ ᠤ ᠰᠢᠨ᠎ᠡ ᠬᠦᠰᠡᠯ ᠡᠷᠡᠮᠡᠯᠵᠡᠯ ᠢ ᠨᠠᠩ ᠰᠠᠶᠢᠨ ᠬᠠᠩᠭᠠᠨ᠎ᠠ᠃    ᠬᠥᠮᠦᠨ ᠢᠶᠠᠷ ᠦᠨᠳᠦᠰᠦ ᠪᠣᠯᠭᠠᠵᠤ ᠵᠣᠯ ᠵᠢᠷᠭᠠᠯᠲᠤ ᠬᠤᠲᠠ ᠶᠢ ᠪᠦᠲᠦᠭᠡᠨ ᠪᠠᠶᠢᠭᠤᠯᠤᠨ᠎ᠠ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠣᠷᠳᠣᠰ ᠤᠨ ᠡᠨᠧᠷᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠲᠢᠶᠠᠨ ᠹᠦ᠋ ᠰᠢᠶᠠᠩ ᠣᠶᠢᠷ᠎ᠠ ᠬᠠᠪᠢ ᠶᠢᠨ ᠬᠤᠲᠠ ᠶᠢᠨ ᠶᠠᠪᠤᠳᠠᠯ ᠤᠨ ᠵᠠᠮ ᠤᠨ ᠲᠤᠤᠷ ᠰᠦᠯᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠵᠦ᠂ ᠦᠨᠳᠦᠰᠦᠲᠡᠨ ᠤ ᠵᠠᠮ᠂ ᠢᠦᠶ ᠶᠢᠩ ᠵᠠᠮ ᠤᠨ  ︽ᠮᠤᠬᠤᠷ ᠵᠠᠮ︾᠎ ᠢ ᠨᠡᠪᠲᠡᠷᠡᠭᠦᠯᠵᠦ᠂ ᠠᠨᠳᠠ ᠵᠠᠮ᠂ ᠲᠠᠷᠬᠠᠳ ᠵᠠᠮ ᠵᠡᠷᠭᠡ ᠵᠠᠮ ᠤᠨ ᠬᠡᠰᠡᠭ ᠤᠨ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠱᠦᠢ ᠠᠨ ᠰᠢᠨ᠎ᠡ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠦᠭᠡᠷᠦᠮᠵᠢ ᠶᠢ ᠥᠨᠳᠥᠷ ᠪᠠᠷᠢᠮᠵᠢᠶ᠎ᠠ ᠪᠠᠷ ᠲᠡᠭᠦᠯᠳᠡᠷᠵᠢᠭᠦᠯᠵᠦ᠂ ᠤᠯᠠᠭᠠᠨᠮᠦ᠋ᠷᠡᠨ ᠤ ᠭᠤᠷᠪᠠᠳᠤᠭᠠᠷ ᠬᠥᠭᠦᠷᠭᠡ ᠶᠢ ᠵᠢᠯ ᠤᠨ ᠳᠣᠲᠣᠷ᠎ᠠ ᠲᠡᠷᠭᠡ ᠨᠡᠪᠲᠡᠷᠡᠭᠦᠯᠬᠦ ᠶᠢ ᠠᠬᠢᠭᠤᠯᠤᠨ᠎ᠠ᠃ ᠠᠯᠳᠠᠨᠰᠢᠷᠡᠭᠡ ᠪᠠᠯᠭᠠᠰᠤᠨ ᠤ ᠭᠤᠤᠯ ᠬᠤᠲᠠ ᠶᠢᠨ ᠲᠣᠭᠤᠷᠢᠭ ᠤᠨ ᠬᠠᠭᠤᠷᠠᠢ ᠵᠣᠷᠯᠣᠩ ᠢ ᠲᠦᠢᠯᠪᠤᠷᠢᠲᠠᠢ ᠦᠭᠡᠶᠢᠰᠭᠡᠵᠦ᠂ 8 ᠤᠰᠤ ᠪᠠᠷ ᠴᠡᠪᠡᠷᠰᠢᠭᠦᠯᠬᠦ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠤᠰᠤ ᠪᠠᠷ ᠴᠡᠪᠡᠷᠰᠢᠭᠦᠯᠬᠦ ᠵᠣᠷᠯᠣᠩ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠬᠤᠲᠠ ᠶᠢᠨ ᠦᠵᠡᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠴᠡᠴᠡᠷᠯᠢᠭᠵᠢᠬᠦᠯᠬᠡ ᠶᠢ ᠴᠡᠴᠡᠷᠯᠢᠭᠵᠢᠭᠦᠯᠬᠦ ᠮᠡᠷᠭᠡᠵᠢᠯ ᠲᠡᠰᠢ ᠬᠤᠪᠢᠷᠠᠭᠤᠯᠬᠤ᠂ ᠬᠠᠮᠢᠶᠠᠷᠤᠯᠳᠠ ᠬᠠᠮᠠᠭᠠᠯᠠᠯᠳᠠ ᠶᠢ ᠪᠦᠳᠦᠭᠦᠯᠢᠭ ᠪᠠᠶᠢᠭᠰᠠᠨ ᠠᠴᠠ ᠨᠠᠷᠢᠯᠢᠭᠵᠢᠭᠤᠯᠬᠤ ᠲᠡᠰᠢ ᠬᠤᠪᠢᠷᠠᠭᠤᠯᠬᠤ ᠶᠢ ᠠᠬᠢᠭᠤᠯᠵᠤ᠂ ᠥᠪᠥᠷ ᠮᠣᠩᠭᠤᠯ ᠵᠢᠶᠠᠩᠰᠤ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠤᠯᠠᠭᠠᠨᠮᠦ᠋ᠷᠡᠨ ᠭᠤᠤᠯ ᠤᠨ ᠭᠤᠷᠪᠠᠳᠤᠭᠠᠷ ᠬᠥᠭᠦᠷᠭᠡ ᠵᠡᠷᠭᠡ 6 ᠭᠤᠤᠯᠳᠠᠯᠭᠠᠲᠤ ᠭᠠᠵᠠᠷ ᠪᠠ ᠪᠣᠯᠪᠠᠰᠤᠨ ᠵᠡᠭᠡᠯᠢ ᠶᠢ ᠪᠠᠷᠠᠭᠤᠨᠰᠢ ᠦᠷᠬᠡᠳᠬᠡᠬᠦ ᠵᠡᠷᠭᠡ 18 ᠵᠤᠷᠪᠤᠰ ᠵᠠᠮ ᠤᠨ ᠨᠣᠭᠤᠭᠠᠷᠠᠭᠤᠯᠤᠯᠲᠠ ᠶᠢᠨ ᠦᠵᠡᠮᠵᠢ ᠶᠢᠨ ᠲᠡᠬᠡᠭᠰᠢᠯᠡᠯᠳᠡ ᠶᠢᠨ ᠢᠨᠵᠧᠨᠧᠷᠢᠩ ᠢ ᠬᠡᠷᠡᠭᠵᠢᠭᠦᠯᠵᠦ᠂ ᠰᠤᠯᠠ ᠪᠠᠶᠢᠭ᠎ᠠ ᠭᠠᠵᠠᠷ ᠰᠢᠷᠣᠢ ᠶᠢ ᠠᠰᠢᠭᠯᠠ 4 ᠭᠤᠣᠯ ᠰᠡᠳᠦᠪᠲᠦ ᠴᠡᠴᠡᠭ ᠤᠨ ᠦᠵᠡᠮᠵᠢ ᠶᠢᠨ ᠭᠠᠵᠠᠷ ᠢ ᠪᠠᠶᠢᠭᠤᠯᠵᠤ᠂ ᠨᠣᠭᠤᠭᠠᠷᠠᠭᠤᠯᠤᠯᠳᠠ ᠶᠢᠨ ᠭᠠᠵᠠᠷ ᠤᠨ ᠲᠠᠯᠠᠪᠠᠢ ᠶᠢ 20 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠵᠡᠬᠦᠨ ᠤᠯᠠᠭᠠᠨᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠠᠭᠤᠷ ᠲᠣᠭᠤᠷᠢᠭᠰᠠᠨ ᠳᠤᠭᠤᠢ ᠲᠡᠷᠭᠡᠨ ᠤ ᠵᠠᠮ᠂  ᠶᠠᠪᠠᠭᠠᠨ ᠠᠶᠠᠯᠠᠯ ᠤᠨ ᠵᠠᠮ ᠢ ᠰᠢᠨ᠎ᠡ ᠪᠠᠷ ᠪᠠᠶᠢᠭᠤᠯᠵᠤ᠂ ᠴᠢᠨᠠᠷ ᠰᠠᠶᠢᠲᠠᠢ ᠬᠤᠲᠠ ᠶᠢᠨ ᠨᠤᠭᠤ ᠭᠠᠵᠠᠷ ᠤᠨ ᠴᠡᠴᠡᠷᠯᠢᠭ ᠢ ᠪᠠᠶᠢᠭᠤᠯᠤᠨ᠎ᠠ᠃ ︽ᠣᠷᠣᠨ ᠰᠠᠭᠤᠴᠠ ᠶᠢ ᠰᠠᠷᠢᠭᠠᠯᠠᠬᠤ ᠥᠬᠡᠶ︾ ︽ᠲᠦᠷᠢᠶᠡᠰᠦᠯᠡᠬᠦ ᠪᠠ ᠬᠤᠳᠠᠯᠳᠤᠬᠤ ᠶᠢ ᠵᠡᠷᠭᠡ ᠪᠠᠷ ᠴᠢᠬᠤᠯᠠᠴᠢᠯᠠᠬᠤ︾᠎ ᠶᠢ ᠪᠠᠷᠢᠮᠲᠠᠯᠠᠵᠤ᠂ 1000 ᠢᠵᠢ ᠨᠡᠶᠢᠲᠡ ᠶᠢᠨ ᠲᠦᠷᠢᠶᠡᠰᠦᠨ ᠬᠡᠷ ᠪᠠ ᠴᠸᠡᠭ ᠲᠸᠤ ᠰᠢᠤᠸᠠᠢ ᠶᠤᠸᠠᠨ᠂ ᠷᠤ᠋ ᠢᠦᠶ ᠬᠤᠸᠠ ᠹᠦ᠋ ᠵᠡᠷᠭᠡ ᠴᠢᠨᠠᠷ ᠰᠠᠶᠢᠲᠠᠶ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠣᠯᠠᠨ ᠲᠦᠮᠡᠨ ᠤ ᠪᠠᠲᠤᠯᠠᠭ᠎ᠠ ᠶᠢᠨ ᠴᠢᠨᠠᠷᠳᠠᠢ ᠪᠠ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠤᠶᠤᠨᠴᠢᠯᠠᠭᠰᠠᠨ ᠬᠤᠲᠠ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠡᠬᠢᠯᠡᠭᠦᠯᠵᠦ᠂ ᠤᠶᠤᠨᠴᠢᠯᠠᠭᠰᠠᠨ ᠬᠤᠲᠠ ᠶᠢᠨ ᠶᠠᠪᠤᠳᠠᠯ᠂ ᠤᠶᠤᠨᠴᠢᠯᠠᠭᠰᠠᠨ ᠬᠤᠲᠠ ᠶᠢᠨ ᠬᠠᠮᠢᠶᠠᠷᠤᠯᠲᠠ᠂ ᠤᠶᠤᠨᠴᠢᠯᠠᠭᠰᠠᠨ ᠴᠡᠴᠡᠷᠯᠢᠭᠵᠢᠬᠦᠯᠬᠡ᠂ ᠤᠶᠤᠨᠴᠢᠯᠠᠭᠰᠠᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠥᠬᠦ ᠤᠯᠤᠰ ᠤᠨ ᠰᠢᠶᠠᠨ ᠤ ᠲᠠᠰ ᠤᠨ ᠪᠣᠯᠪᠠᠰᠤᠨ ᠬᠤᠲᠠ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠡᠵᠡᠨ ᠬᠤᠷᠤᠭ᠎ᠠ ᠪᠠᠨ ᠨᠤᠳᠤᠭ ᠤᠨ ᠬᠥᠮᠦᠰ ᠤᠨ ᠣᠮᠣᠭᠰᠢᠯ᠂ ᠭᠠᠳᠠᠨ᠎ᠠ ᠣᠷᠣᠨ ᠤ ᠬᠥᠮᠦᠰ ᠤᠨ ᠬᠦᠰᠡᠨ ᠮᠦᠷᠦᠭᠡᠳᠦᠳᠡᠭ ᠪᠣᠯᠪᠠᠰᠤᠨ ᠬᠤᠲᠠ᠂ ᠵᠣᠯ ᠵᠢᠷᠭᠠᠯᠲᠤ ᠬᠤᠲᠠ ᠪᠣᠯᠭᠠᠨ᠎ᠠ᠃    ᠤᠳᠠᠭᠠᠨ ᠳᠠᠭᠠᠭᠠᠮᠠᠭᠠᠶ ᠪᠠᠷ ᠨᠡᠷᠡᠲᠦ ᠲᠡᠮᠳᠡᠭᠲᠦ ᠰᠤᠷᠭᠠᠨ ᠬᠥᠮᠦᠵᠢᠯ ᠢ ᠡᠬᠦᠳᠦᠨ᠎ᠡ᠃ ︽ᠨᠡᠷᠡᠲᠦ ᠰᠤᠷᠭᠠᠭᠤᠯᠢ ᠶᠢ ᠣᠷᠣᠭᠤᠯᠤᠨ ᠠᠪᠴᠢᠷᠠᠬᠤ᠂ ᠨᠡᠷᠡᠲᠦ ᠰᠤᠷᠭᠠᠭᠤᠯᠢ ᠶᠢ ᠡᠷᠬᠢᠯᠡᠬᠦ᠂ ᠨᠡᠷᠡᠲᠦ ᠲᠡᠮᠳᠡᠭ ᠢ ᠡᠭᠦᠳᠬᠦ︾ ᠢᠨᠵᠧᠨᠧᠷᠢᠩ ᠢ ᠬᠡᠷᠡᠭᠵᠢᠭᠦᠯᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠪᠠᠶᠢᠭᠤᠯᠤᠮᠵᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠷᠢᠭᠦᠨ ᠤ ᠬᠠᠮᠢᠶᠠᠷᠤᠯᠲᠠ ᠶᠢᠨ ᠵᠠᠭᠪᠤᠷ ᠪᠠ ᠰᠢᠯᠢᠳᠡᠭ ᠪᠠᠭᠰᠢ ᠶᠢᠨ ᠬᠦᠴᠦᠨ ᠢ ᠣᠷᠣᠭᠤᠯᠤᠨ ᠠᠪᠴᠢᠷᠠᠵᠤ᠂ ᠨᠠᠩ ᠣᠯᠠᠨ ᠬᠡᠦᠬᠡᠳ ᠲᠤ ᠤᠶᠢᠷ᠎ᠠ ᠬᠠᠪᠢ ᠶᠢᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠦᠨ᠎ᠡ᠃ ᠵᠠᠯᠠᠭᠤ ᠪᠠᠭᠠᠴᠤᠳ ᠤᠨ ᠠᠵᠢᠯᠯᠠᠭᠠᠨ ᠤ ᠲᠥᠪ᠂ ᠠᠷᠪᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠬᠡᠦᠬᠡᠳ ᠤᠨ ᠴᠡᠴᠡᠷᠯᠢᠭ ᠵᠡᠷᠭᠡ 32 ᠰᠤᠷᠭᠠᠨ ᠬᠥᠮᠦᠵᠢᠯ ᠤᠨ ᠭᠤᠤᠯᠳᠠᠯᠭᠠᠲᠤ ᠲᠥᠷᠦᠯ ᠵᠦᠢᠯ ᠢ ᠡᠬᠢᠯᠡᠨ ᠪᠠᠶᠢᠭᠤᠯᠵᠤ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ᠂ ᠮᠣᠷᠢᠨ ᠬᠤᠭᠤᠷ ᠤᠨ ᠣᠯᠠᠨ ᠤᠯᠤᠰ ᠤᠨ ᠳᠠᠭᠤᠤ ᠬᠥᠭᠵᠢᠮ ᠤᠨ ᠰᠤᠷᠭᠠᠭᠤᠯᠢ᠂ ᠰᠢ ᠱᠠᠨ ᠵᠢᠶᠠ ᠶᠤᠸᠠᠨ ᠬᠡᠦᠬᠡᠳ ᠤᠨ ᠴᠡᠴᠡᠷᠯᠢᠭ ᠵᠡᠷᠭᠡ 16 ᠲᠥᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠪᠠᠲᠤᠯᠠᠵᠤ᠂ ᠰᠤᠷᠤᠯᠭ᠎ᠠ ᠶᠢᠨ ᠤᠷᠤᠨ ᠪᠠᠶᠢᠷᠢ ᠶᠢ ᠰᠢᠨ᠎ᠡ ᠪᠠᠷ 1900 ᠨᠡᠮᠡᠭᠳᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠦᠷᠭᠡᠳᠬᠡᠨ ᠬᠥᠭᠵᠢᠭᠦᠯᠵᠦ᠂ ᠣᠷᠳᠣᠰ ᠤᠨ ᠡᠨᠧᠷᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠯ ᠤᠨ ᠳᠣᠲᠣᠷ᠎ᠠ ᠠᠵᠢᠯ ᠳᠠᠭᠤᠰᠬᠠᠬᠤ ᠶᠢ ᠪᠠᠲᠤᠯᠠᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠦᠭᠡᠮᠡᠯᠵᠢᠬᠦᠯᠬᠦ ᠠᠵᠢᠯ ᠢ ᠰᠠᠶᠢᠲᠤᠷ ᠬᠢᠨ᠎ᠠ᠃ 242 ᠨᠡᠷᠡᠰ ᠰᠢᠯᠢᠳᠡᠭ ᠪᠠᠭᠰᠢ ᠶᠢ ᠤᠷᠢᠨ ᠬᠡᠷᠡᠭᠯᠡᠵᠦ᠂ ᠪᠠᠭᠰᠢ ᠠᠵᠢᠯᠳᠠᠨ ᠤ ᠰᠠᠭᠤᠭᠠᠯᠢ ᠲᠣᠭᠤᠷᠢᠭ ᠢ ᠲᠥᠯᠥᠪᠵᠢᠭᠦᠯᠦᠨ ᠪᠠᠶᠢᠭᠤᠯᠵᠤ᠂ ᠨᠡᠷᠡᠲᠦ ᠰᠢᠯᠢᠳᠡᠭ ᠪᠠᠭᠰᠢ ᠶᠢ ᠤᠷᠢᠨ ᠣᠷᠣᠭᠤᠯᠬᠤ ᠪᠠ ᠬᠥᠮᠦᠵᠢᠭᠦᠯᠬᠦ ᠳᠤ ᠣᠷᠣᠨ ᠰᠠᠭᠤᠴᠠ ᠶᠢᠨ ᠪᠠᠲᠤᠯᠠᠭ᠎ᠠ ᠬᠠᠩᠭᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠤᠮᠳᠠᠴᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ 1.5 ᠳᠠᠬᠢᠨ ᠢᠶᠠᠷ ᠳᠡᠭᠡᠭᠰᠢᠯᠡᠭᠦᠯᠵᠦ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ ᠰᠢᠯᠢᠳᠡᠭ ᠠᠮᠵᠢᠯᠲᠠ ᠪᠦᠲᠦᠮᠵᠢ ᠭᠠᠷᠭᠠᠪᠠᠯ ᠢᠯᠡᠭᠦᠦ ᠬᠥᠯᠥᠰᠥ ᠣᠯᠭᠤᠮᠵᠢ ᠣᠯᠬᠤ ᠶᠢ ᠪᠡᠶᠡᠯᠡᠭᠦᠯᠦᠨ᠎ᠡ᠃    ᠠᠷᠠᠳ ᠲᠦᠮᠡᠨ ᠤ ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠸᠠᠺᠼᠢᠨ ᠤ ᠲᠠᠷᠢᠯᠭ᠎ᠠ ᠬᠢᠬᠦ ᠵᠡᠷᠭᠡ ᠠᠵᠢᠯ ᠢ ᠴᠢᠩᠭᠠᠳᠬᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠪᠣᠭᠤᠮᠲᠠ ᠶᠢ ᠡᠷᠡᠰ ᠰᠠᠬᠢᠨ᠎ᠠ᠃ ︽ᠡᠷᠡᠭᠦᠯ ᠡᠩᠬᠡ ᠡᠵᠡᠨ ᠬᠤᠷᠤᠭ᠎ᠠ︾᠎ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠰᠢᠭᠤ ᠡᠮᠨᠡᠯᠭᠡ ᠶᠢᠨ ᠬᠤᠷᠢᠶᠠᠨ ᠤ ᠰᠢᠷᠬ᠎ᠠ ᠶᠢ ᠲᠦᠷᠭᠡᠨ ᠠᠪᠤᠷᠠᠬᠤ᠂ ᠵᠢᠷᠦᠬᠡ ᠲᠠᠷᠢᠬᠢᠨ ᠤ ᠴᠢᠰᠤᠨ ᠰᠤᠳᠠᠯ ᠵᠡᠷᠭᠡ ᠭᠤᠤᠯᠳᠠᠯᠭᠠᠳᠤ ᠲᠤᠰᠬᠠᠶ ᠰᠠᠯᠠᠭᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠰᠢᠭᠤ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠶᠡᠷᠦᠩᠬᠡᠶᠢᠯᠡᠭᠰᠡᠨ ᠮᠣᠩᠭᠤᠯ ᠡᠮᠨᠡᠯᠭᠡ ᠶᠢᠨ ᠬᠤᠷᠢᠶᠠᠨ ᠤ ᠬᠠᠷᠢᠶᠠᠲᠤ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ 89 ᠨᠡᠷᠡᠰ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠢ ᠤᠷᠢᠨ ᠬᠡᠷᠡᠭᠯᠡᠵᠦ᠂ ᠬᠡᠷ ᠪᠦᠯᠢ ᠶᠢᠨ ᠡᠮᠴᠢ ᠶᠢᠨ ᠭᠡᠷ᠎ᠡ ᠲᠤᠭᠳᠠᠬᠤ ᠨᠣᠷᠮ᠎ᠠ ᠶᠢ 70%᠎ ᠠᠴᠠ ᠳᠡᠭᠡᠭᠰᠢ ᠳᠤ ᠬᠦᠷᠭᠡᠨ᠎ᠡ᠃ ᠡᠮ ᠡᠮᠨᠡᠯᠬᠡ ᠡᠷᠡᠭᠦᠯᠵᠢᠯ ᠤᠨ ᠪᠦᠯᠦᠭᠯᠡᠯ ᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠲᠤᠰᠬᠠᠶ ᠮᠡᠷᠭᠡᠵᠢᠯᠲᠡᠨ ᠤ ᠠᠯᠤᠰ ᠠᠴᠠ ᠬᠠᠮᠲᠤᠷᠠᠨ ᠣᠨᠣᠰᠢᠯᠠᠬᠤ᠂ ᠲᠡᠷᠢᠭᠦᠨ ᠤ ᠲᠣᠨᠤᠭ ᠲᠥᠬᠦᠭᠡᠷᠦᠮᠵᠢ ᠶᠢ ᠭᠠᠵᠠᠷ ᠤᠷᠤᠨ ᠢᠶᠠᠷ ᠬᠠᠮᠲᠤ ᠪᠠᠷ ᠡᠳ᠋ᠯᠡᠬᠦ᠂ ᠣᠨᠣᠰᠢᠯᠠᠨ ᠡᠮᠨᠡᠬᠦ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠭᠦᠯᠵᠦ ᠬᠠᠷᠢᠯᠴᠠᠨ ᠮᠡᠳᠡᠷᠡᠬᠦ ᠶᠢ ᠠᠬᠢᠭᠤᠯᠤᠨ ᠪᠡᠶᠡᠯᠡᠭᠦᠯᠵᠦ᠂ ᠣᠯᠠᠨ ᠲᠦᠮᠡᠨ ᠢ ᠬᠡᠷ ᠤᠨ ᠡᠭᠦᠳᠡᠨ ᠳᠤ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠨ᠎ᠡ᠃ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠵᠦ᠂ ᠪᠠᠭ᠎ᠠ ᠬᠡᠯᠪᠡᠷᠢ ᠶᠢᠨ ᠠᠷᠠᠳ ᠲᠤ ᠳᠥᠭᠦᠮ ᠦᠵᠡᠭᠦᠯᠬᠦ ᠲᠠᠮᠢᠷ ᠤᠨ ᠣᠷᠳᠣᠨ ᠢ ᠰᠢᠨ᠎ᠡ ᠪᠠᠷ 6 ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ 10 ᠳ᠋ᠤᠭᠠᠷ ᠬᠤᠭᠤᠴᠠᠭᠠᠨ ᠤ ᠪᠦᠬᠦ ᠬᠤᠰᠢᠭᠤᠨ ᠤ ᠠᠵᠢᠯᠲᠠᠨ ᠠᠵᠢᠯᠴᠢᠨ ᠤ ᠲᠠᠮᠢᠷ ᠤᠨ ᠴᠤᠭᠯᠠᠭᠠᠨ᠂ ᠲᠩᠷᠢᠯᠢᠭ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠰᠠᠶᠢᠲᠤᠷ ᠡᠷᠬᠢᠯᠡᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃    ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠣᠨᠣᠪᠴᠢᠲᠠᠶ ᠬᠠᠩᠭᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ᠂ ᠡᠷᠲᠡᠨ ᠤ ᠨᠣᠮ ᠪᠢᠴᠢᠭ ᠪᠠ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠺᠢᠨᠣ᠋ ᠲᠧᠯᠸᠢᠰ ᠤᠨ ᠵᠣᠬᠢᠶᠠᠨ ᠪᠦᠲᠦᠭᠡᠯᠭᠡ᠂ ᠠᠷᠠᠳ ᠤᠨ ᠳᠤᠮᠳᠠᠬᠢ ᠬᠠᠳᠠᠭᠠᠯᠠᠮᠵᠢ᠂ ᠤᠷᠠᠯᠢᠭ ᠤᠨ ᠪᠦᠲᠦᠭᠡᠯ ᠤᠨ ᠳᠡᠯᠭᠡᠨ ᠦᠵᠡᠭᠦᠯᠭᠡ ᠶᠢ ᠳᠠᠮᠵᠢᠵᠤ᠂ ᠰᠤᠪᠤᠷᠭ᠎ᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠭᠠᠴᠠᠭ᠎ᠠ ᠶᠢ ᠡᠭᠦᠳᠦᠨ ᠪᠠᠶᠢᠭᠤᠯᠤᠨ᠎ᠠ᠃ ᠵᠢᠷᠦᠬᠡ ᠶᠢᠨ ᠭᠤᠤᠯ᠂ ᠪᠠᠶᠢᠯᠳᠤᠭᠠᠨᠲᠤ ᠤᠯᠤᠰ ᠤᠨ ᠴᠢᠨ ᠤ ᠴᠠᠭᠠᠨ ᠬᠡᠷᠡᠮ ᠵᠡᠷᠭᠡ ᠲᠡᠦᠬᠡ ᠰᠣᠶᠣᠯ ᠤᠨ ᠦᠯᠡᠳᠡᠭᠳᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠬᠤᠰᠢᠭᠤᠨ ᠤ ᠮᠦᠽᠧᠢ ᠶᠢ ᠡᠬᠢᠯᠡᠨ ᠪᠠᠶᠢᠭᠤᠯᠵᠤ᠂ ᠠᠵᠢᠯᠴᠢᠨ ᠤ ᠰᠣᠶᠣᠯ ᠤᠨ ᠣᠷᠳᠣᠨ ᠤ ᠠᠰᠢᠭᠯᠠᠯᠲᠠ ᠳᠤ ᠣᠷᠣᠬᠤ ᠶᠢ ᠪᠠᠲᠤᠯᠠᠵᠤ᠂ ᠤᠯᠠᠭᠠᠨᠮᠦ᠋ᠷᠡᠨ ᠨᠠᠭᠤᠷ ᠤᠨ ᠡᠮᠦᠨ᠎ᠡ ᠬᠥᠪᠡᠭᠡᠨ ᠳᠠᠬᠢ  ᠡᠾᠦᠶᠢᠵᠸᠤ ᠮᠠᠶ᠋ᠢᠭ ᠤᠨ ᠪᠠᠷᠢᠯᠭ᠎ᠠ ᠶᠢᠨ ᠰᠦᠷᠦᠭᠵᠢᠯ ᠢ ᠠᠰᠢᠭᠯᠠᠨ ᠪᠢᠴᠢᠯ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃ ᠤᠯᠠᠭᠠᠨᠮᠥ᠋ᠴᠢᠷ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ᠂ 100 ᠣᠨᠴᠠᠯᠢᠭᠲᠤ ᠰᠣᠶᠣᠯ ᠤᠨ ᠡᠷᠦᠬᠡ ᠶᠢ ᠪᠤᠶᠢᠵᠢᠭᠤᠯᠵᠤ᠂ 20 ᠣᠯᠠᠨ ᠲᠦᠮᠡᠨ ᠤ ᠤᠳᠬ᠎ᠠ ᠤᠷᠠᠯᠢᠭ ᠤᠨ ᠡᠩᠨᠡᠭᠡ ᠪᠠ 4 ᠰᠣᠳᠣᠨ ᠤᠳᠬ᠎ᠠ ᠤᠷᠠᠯᠢᠭ ᠤᠨ ᠪᠦᠯᠬᠦᠮ ᠢ  ᠪᠠᠶᠢᠭᠤᠯᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠨᠠᠩ ᠡᠯᠪᠡᠭ ᠪᠠᠶᠠᠯᠢᠭ ᠪᠣᠯᠭᠠᠨ᠎ᠠ᠃    ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠬᠠᠮᠤᠭ ᠤᠨ ᠶᠡᠭᠡ ᠠᠷᠠᠳ ᠤᠨ ᠠᠮᠢᠳᠤᠷᠠᠯ ᠪᠣᠯᠭᠠᠬᠤ ᠶᠢ ᠪᠠᠷᠢᠮᠲᠠᠯᠠᠵᠤ᠂ ︽ᠵᠢᠷᠭᠤᠭᠠᠨ ᠨᠢᠭᠡ ᠪᠦᠯᠦᠭ︾ ᠠᠵᠢᠯ ᠤᠯᠭᠤᠯᠳᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠪᠠᠯᠭᠠᠰᠤᠨ ᠤ 2000 ᠬᠥᠮᠦᠨ ᠳᠤ ᠰᠢᠨ᠎ᠡ ᠪᠠᠷ ᠠᠵᠢᠯ ᠤᠯᠭᠤᠨ᠎ᠠ᠃ ᠨᠡᠶᠢᠭᠡᠮ ᠤᠨ ᠠᠵᠢᠯᠲᠠᠨ ᠤ ᠣᠯᠭᠤᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠳᠠᠯᠢ ᠠᠵᠢᠯ ᠳᠤ ᠠᠳᠠᠯᠢ ᠬᠥᠯᠥᠰᠥ ᠣᠯᠭᠤᠬᠤ ᠶᠢ ᠳᠠᠷᠦ᠋ᠢᠬᠠᠨ ᠪᠡᠶᠡᠯᠡᠬᠦᠯᠦᠨ᠎ᠡ᠃ ᠬᠡᠦᠬᠡᠳ ᠰᠠᠭᠠᠲᠠᠭᠤᠯᠬᠤ᠂ ᠭᠡᠷ ᠤᠨ ᠶᠠᠪᠤᠳᠠᠯ ᠵᠡᠷᠭᠡ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠠᠯᠳᠠᠨᠰᠢᠷᠡᠭᠡ ᠪᠠᠯᠭᠠᠰᠤ ᠶᠢᠨ 14 ᠨᠡᠶᠢᠭᠡᠮ ᠲᠣᠭᠤᠷᠢᠭ ᠲᠤ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠶᠢ ᠲᠤᠷᠰᠢᠨ ᠳᠡᠯᠭᠡᠷᠡᠭᠦᠯᠦᠨ᠎ᠡ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠮᠥᠩᠭᠦ ᠳᠤ ᠵᠣᠬᠢᠰᠲᠠᠢ ᠲᠣᠬᠢᠷᠠᠭᠤᠯᠤᠯᠲᠠ ᠬᠢᠬᠦ ᠳᠤᠭᠳᠠᠯᠴᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠨᠡᠶᠢᠭᠡᠮ ᠤᠨ ᠠᠪᠤᠷᠠᠨ ᠲᠤᠰᠠᠯᠠᠯᠲᠠ᠂ ᠬᠠᠷᠠᠭᠠᠯᠵᠠᠨ ᠲᠥᠪᠬᠢᠨᠡᠭᠦᠯᠬᠦ ᠪᠠ ᠵᠡᠮᠳᠡᠭᠴᠦᠳ ᠤᠨ ᠠᠰᠠᠷᠠᠮᠵᠢ ᠶᠢᠨ ᠪᠠᠲᠤᠯᠠᠭ᠎ᠠ ᠵᠡᠷᠭᠡ ᠳᠦᠷᠢᠮ ᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢᠨ ᠱᠤᠭᠤᠮ ᠢ ᠤᠯᠠᠮ ᠴᠢᠩᠭ᠎ᠠ ᠰᠠᠬᠢᠨ᠎ᠠ᠃    ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠨᠡᠮᠡᠭᠳᠡᠭᠦᠯᠦᠨ᠎ᠡ᠃ ᠠᠶᠤᠯᠬᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ ︽ᠬᠡᠯᠡᠨ ᠤ ᠦᠵᠦᠭᠦᠷ ᠤᠨ 720︾ ᠎ ᠶᠢᠨ ᠢᠳᠡᠭᠡᠨ ᠤ ᠠᠮᠤᠷ ᠲᠦᠪᠰᠢᠨ ᠤ ᠮᠥᠷᠳᠡᠨ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠤᠷᠤᠨ ᠨᠤᠳᠤᠭ ᠤᠨ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ᠂ ᠢᠳᠡᠭᠡᠨ ᠤ ᠰᠢᠯᠭᠠᠨ ᠬᠤᠷᠢᠶᠠᠵᠤ ᠬᠡᠮᠵᠢᠬᠦ ᠲᠥᠪ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ︽ᠬᠡᠮᠵᠢᠶ᠎ᠡ ᠶᠢ ᠪᠠᠭᠠᠰᠬᠠᠵᠤ ᠬᠡᠮᠵᠢᠶ᠎ᠡ ᠶᠢ ᠬᠢᠵᠠᠭᠠᠷᠯᠠᠬᠤ︾ ᠠᠵᠢᠯ ᠢ ᠦᠷᠨᠢᠬᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠵᠦ᠂ ᠡᠷᠡᠬᠦᠦ ᠶᠢᠨ ᠬᠡᠷᠡᠭ ᠪᠠ ᠠᠮᠤᠷ ᠢ ᠬᠠᠮᠠᠭᠠᠯᠠᠬᠤ ᠬᠡᠷᠡᠭ ᠵᠠᠷᠭᠤ ᠶᠢᠨ ᠬᠡᠮᠵᠢᠶ᠎ᠡ ᠶᠢ ᠦᠷᠬᠦᠯᠵᠢᠯᠡᠨ ᠪᠠᠭᠤᠷᠠᠭᠤᠯᠵᠤ᠂ ᠨᠠᠩ ᠴᠢᠨᠠᠷ ᠰᠠᠶᠢᠲᠠᠶ ᠠᠮᠤᠷ ᠠᠮᠤᠭᠤᠯᠠᠩ ᠡᠵᠡᠨ ᠬᠤᠷᠤᠭ᠎ᠠ ᠶᠢ ᠪᠠᠶᠢᠭᠤᠯᠤᠨ᠎ᠠ᠃ ᠠᠬᠢᠨ ᠲᠠᠬᠢᠨ ᠵᠠᠬᠢᠳᠠᠯ ᠰᠤᠷᠪᠤᠯᠵᠢᠯᠠᠯ ᠬᠢᠬᠦ ᠶᠢ ᠲᠦᠪᠯᠡᠷᠡᠬᠦᠯᠦᠨ ᠵᠠᠰᠠᠯᠳᠡ ᠬᠢᠬᠦ᠂ ᠲᠠᠷᠤᠭᠳᠠᠵᠤ ᠪᠠᠶᠢᠭ᠎ᠠ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠲᠤᠰᠬᠠᠢ ᠠᠵᠢᠯ ᠢ ᠦᠷᠨᠢᠬᠦᠯᠦᠨ᠎ᠡ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠱᠦᠢ ᠠᠨ ᠰᠢᠨ᠎ᠡ ᠬᠤᠲᠠ ᠶᠢᠨ ᠲᠤᠷᠰᠢᠯᠲᠠ ᠶᠢᠨ ᠴᠡᠭ ᠲᠤ ᠤᠶᠤᠨᠴᠢᠯᠠᠭᠰᠠᠨ ᠵᠠᠰᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠬᠡᠷᠡᠭᠯᠡᠵᠦ᠂ ᠨᠡᠶᠢᠭᠡᠮ ᠤᠨ ᠵᠠᠰᠠᠯᠲᠠ ᠶᠢᠨ ᠰᠢᠨ᠎ᠡ ᠬᠡᠪ ᠲᠠᠭᠤᠷᠢᠶᠠᠯ ᠢ ᠪᠤᠢ ᠪᠣᠯᠭᠠᠨ᠎ᠠ᠃    ᠲᠥᠯᠥᠭᠡᠯᠡᠭᠴᠢᠳ‌ᠡ︕ ᠦᠨᠳᠦᠰᠦᠲᠡᠨ ᠤ ᠪᠦᠯᠬᠦᠮᠳᠡᠯ ᠪᠣᠯ ᠬᠥᠭᠵᠢᠨ ᠳᠠᠪᠰᠢᠬᠤ ᠶᠢᠨ ᠰᠠᠭᠤᠷᠢ ᠮᠥᠨ᠂ ᠡᠯ᠎ᠡ ᠦᠨᠳᠦᠰᠦᠲᠡᠨ ᠤ ᠠᠷᠠᠳ ᠲᠦᠮᠡᠨ ᠤ ᠠᠮᠢᠨ ᠰᠤᠳᠠᠰᠤ ᠮᠥᠨ᠃ ᠪᠢᠳᠡ ᠨᠠᠮ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢᠵᠢᠬᠦᠯᠵᠦ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠵᠤ᠂ ᠡᠯ᠎ᠡ ᠦᠨᠳᠦᠰᠦᠲᠡᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃    ᠲᠥᠯᠥᠭᠡᠯᠡᠭᠴᠢᠳ ᠡ︕ ᠠᠷᠠᠳ ᠲᠦᠮᠡᠨ ᠤ ᠰᠠᠶᠢᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠃ ᠡᠨᠡ ᠵᠢᠯ᠂ ᠪᠢᠳᠡ ᠦᠷᠭᠦᠯᠵᠢᠯᠡᠨ ᠤᠯᠠᠨ ᠲᠦᠮᠡᠨ ᠤ ᠬᠠᠮᠤᠭ ᠤᠨ ᠲᠤᠯᠭᠠᠮ᠎ᠠ ᠬᠠᠮᠤᠭ ᠤᠨ ᠰᠠᠨᠠᠭᠠᠰᠢᠷᠠᠵᠤ ᠪᠠᠶᠢᠭ᠎ᠠ ᠬᠠᠮᠤᠭ ᠤᠨ ᠬᠦᠰᠡᠵᠦ ᠪᠠᠶᠢᠭ᠎ᠠ ︽ᠵᠠᠩᠭᠢᠯᠠᠭ᠎ᠠ ᠶᠢᠨ ᠶᠠᠪᠤᠳᠠᠯ︾᠎ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦ ᠪᠠᠨ ᠲᠥᠪᠯᠡᠷᠡᠭᠦᠯᠦᠨ 8 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠨᠡᠩ ᠭᠦᠢᠴᠡᠳ᠂ ᠵᠤᠯ ᠵᠢᠷᠭᠠᠯᠲᠤ ᠲᠦᠷᠦᠭᠳᠡᠯ ᠢ ᠨᠡᠩ ᠦᠷᠬᠦᠯᠵᠢᠯᠡᠯ ᠲᠠᠢ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠨ᠎ᠠ᠃   ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃    ︵ᠨᠢᠭᠡ︶ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ᠂ ᠪᠥᠬᠦ ᠶᠠᠪᠤᠴᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠦᠷ᠎ᠡ ᠪᠦᠲᠦᠭᠡᠯ ᠢᠶᠠᠷ ᠵᠠᠰᠠᠭ ᠤᠨ ᠣᠷᠳᠣᠨ ᠤ ᠠᠵᠢᠯ ᠢ ᠰᠢᠯᠭᠠᠬᠤ ᠴᠢᠬᠤᠯᠠ ᠪᠠᠷᠢᠮᠵᠢᠶ᠎ᠠ ᠪᠣᠯᠭᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠵᠡᠨ ᠬᠤᠷᠤᠭ᠎ᠠ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠨ᠎ᠠ᠃    ︵ᠬᠤᠶᠠᠷ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠤᠳᠠᠭᠠᠨ ᠳᠠᠭᠠᠭᠠᠮᠠᠭᠠᠶ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠪᠠ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠬᠡᠮᠡᠯᠵᠢᠬᠦᠯᠦᠯᠳᠡ ᠶᠢᠨ ᠠᠵᠢᠯ ᠢ ᠦᠷᠨᠢᠬᠦᠯᠦᠨ᠎ᠡ᠃ ︽ᠭᠤᠷᠪᠠᠨ ᠴᠢᠬᠤᠯᠠ ᠨᠢᠭᠡ ᠶᠡᠭᠡ︾᠎ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠪᠠᠨ ᠢᠯᠡ ᠪᠠᠷ ᠬᠡᠷᠡᠭᠵᠢᠭᠦᠯᠦᠨ᠎ᠡ᠃    ︵ᠭᠤᠷᠪᠠ︶ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ︽ᠠᠷᠠᠳ ᠲᠦᠮᠡᠨ ᠳᠤ ᠦᠢᠯᠡᠴᠢᠯᠡᠬᠦ᠂ ᠰᠢᠨ᠎ᠡ ᠶᠢ ᠡᠭᠦᠳᠦᠨ ᠬᠦᠭᠵᠢᠬᠦᠯᠬᠦ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠦᠷᠭᠡᠨ᠂ ᠬᠠᠲᠠᠭᠤᠵᠢᠯᠲᠠᠶ ᠮᠦᠷᠳᠡᠭᠡᠨ ᠪᠣᠳᠠᠲᠠᠶ ᠠᠵᠢᠯᠯᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠎ ᠶᠢ ᠶᠡᠭᠡ ᠪᠠᠷ ᠰᠠᠨᠠᠭᠠᠴᠢᠯᠠᠵᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠬᠦ᠂ ᠴᠢᠳᠠᠪᠤᠷᠢ ᠶᠢ ᠨᠢᠭᠡᠳᠦᠭᠡᠷ ᠹᠷᠣᠨᠲ ᠲᠤ ᠳᠠᠪᠲᠠᠨ ᠪᠣᠯᠪᠠᠰᠤᠷᠠᠭᠤᠯᠬᠤ᠂ ᠰᠤᠷᠲᠠᠯ ᠢ ᠨᠢᠭᠡᠳᠦᠭᠡᠷ ᠹᠷᠣᠨᠲ ᠲᠤ ᠬᠤᠪᠢᠷᠠᠭᠤᠯᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠤᠨ ᠥᠨᠳᠥᠷ ᠪᠦᠲᠦᠮᠵᠢᠲᠡᠶ ᠠᠬᠢᠭᠤᠯᠬᠤ ᠳᠤᠭᠳᠠᠯᠴᠠᠭ᠎ᠠ ᠶᠢ ᠪᠦᠷᠢᠨᠰᠢᠭᠦᠯᠵᠦ᠂ ᠲᠣᠭᠲᠠᠭᠠᠭᠰᠠᠨ ᠵᠦᠢᠯᠡᠰ ᠲᠤ᠂ ᠠᠵᠢᠯ ᠤᠨ ᠬᠤᠭᠤᠴᠠᠭ᠎ᠠ ᠶᠢ ᠡᠳᠦᠷ ᠲᠤᠭᠠᠯᠠᠨ ᠲᠡᠮᠳᠡᠭᠯᠡᠵᠦ᠂ ᠪᠥᠬᠦ ᠶᠠᠪᠤᠴᠠ ᠶᠢ ᠮᠥᠷᠳᠡᠨ ᠳᠠᠭᠠᠵᠤ᠂ ᠡᠴᠦᠰ ᠲᠤᠨᠢ ᠲᠤᠯᠲᠠᠯ᠎ᠠ ᠠᠳᠬᠤᠵᠤ᠂ ᠡᠭᠦᠷᠭᠡ ᠶᠢ ᠨᠠᠷᠢᠯᠢᠭᠵᠢᠭᠤᠯᠬᠤ᠂ ᠠᠵᠢᠯᠯᠠᠭ᠎ᠠ ᠶᠢ ᠣᠨᠣᠪᠴᠢᠵᠢᠭᠤᠯᠬᠤ᠂ ᠦᠷ᠎ᠡ ᠳ᠋ᠦᠩ ᠢ ᠪᠣᠳᠠᠲᠤ ᠦᠷ᠎ᠡ ᠪᠦᠲᠦᠮᠵᠢ ᠲᠠᠢ ᠪᠣᠯᠭᠠᠬᠤ ᠶᠢ ᠪᠡᠶᠡᠯᠡᠭᠦᠯᠦᠨ᠎ᠡ᠃    ︵ᠳᠥᠷᠪᠡ︶ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭ᠎ᠠ ᠪᠠ ᠬᠠᠩᠭᠠᠨ ᠪᠣᠷᠣᠯᠠᠭᠤᠯᠬᠤ᠂ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠤᠨ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾᠎ ᠢ ᠴᠥᠬᠦᠷᠡᠰᠢ ᠥᠬᠡᠶ ᠵᠠᠯᠠᠷᠠᠭᠤᠯᠵᠤ᠂ ᠬᠤᠷᠠᠯ ᠪᠠ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠦᠨᠳᠦᠰᠦᠨ ᠱᠠᠲᠤᠨ ᠤ ᠺᠠᠳ᠋ᠷᠴᠤᠳ ᠢ ᠨᠠᠩ ᠣᠯᠠᠨ ᠣᠶᠤᠨ ᠴᠢᠳᠠᠯ ᠢᠶᠠᠨ ᠠᠵᠢᠯ ᠢᠶᠠᠨ ᠰᠤᠳᠤᠯᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠡᠭᠡᠷ᠎ᠡ ᠲᠠᠯᠪᠢᠭᠤᠯᠤᠨ᠎ᠠ᠃ ᠲᠥᠰᠦᠪ ᠤᠨ ᠴᠢᠩᠭ᠎ᠠ ᠬᠢᠵᠠᠭᠠᠷᠯᠠᠯ ᠢ ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠎ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ  ᠤᠨ ᠣᠷᠳᠣᠨ ᠤ ᠳᠠᠯᠳᠠ ᠴᠢᠨᠠᠷᠳᠠᠢ ᠥᠷᠢ ᠥᠭᠴᠡᠭᠡ ᠶᠢ 21.68 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠵᠠᠰᠠᠭ  ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠪᠣᠳᠣᠯᠲᠠ ᠶᠢ 30 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠠᠰᠠᠭ ᠤᠨ ᠣᠷᠳᠣᠨ ᠤ ︽ᠠᠷᠪᠢᠴᠢ ᠠᠮᠢᠳᠤᠷᠠᠯ︾᠎ ᠢᠶᠠᠷ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠢ ᠠᠪᠴᠢᠷᠠᠨ᠎ᠠ᠃    ᠲᠥᠯᠥᠭᠡᠯᠡᠭᠴᠢᠳ ᠡ︕ ᠰᠢᠨ᠎ᠡ ᠴᠠᠭ ᠦᠶ᠎ᠡ ᠳᠤ ᠠᠯᠬᠤᠨ ᠤᠷᠤᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠰᠢᠨ᠎ᠡ ᠠᠶᠠᠨ ᠢ ᠪᠥᠬᠦ ᠲᠠᠯ᠎ᠠ ᠪᠠᠷ ᠡᠬᠢᠯᠡᠭᠦᠯᠵᠦ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ︕ᠨᠡᠷ᠎ᠡ ᠦᠬᠡᠰ ᠤᠨ ᠲᠠᠶᠢᠯᠪᠤᠷᠢ    ᠵᠢᠷᠭᠤᠭ᠎ᠠ ᠶᠢ ᠲᠣᠭᠲᠠᠪᠤᠷᠢᠵᠢᠭᠤᠯᠬᠤ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠶᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠠᠯᠠ ᠶᠢ ᠲᠣᠭᠲᠠᠪᠤᠷᠢᠵᠢᠭᠤᠯᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ᠃    ᠵᠢᠷᠭᠤᠭ᠎ᠠ ᠶᠢ ᠪᠠᠲᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠶᠤᠯᠬᠦᠢ ᠶᠢ ᠪᠠᠲᠤᠯᠠᠬᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠡᠷᠭᠢᠯᠲᠡ ᠶᠢ ᠪᠠᠲᠤᠯᠠᠬᠤ᠃     ᠳᠥᠷᠪᠡ ᠶᠢ ᠬᠤᠯᠪᠤᠭᠠᠵᠤ ᠨᠢᠭᠡ ᠶᠢ ᠨᠡᠮᠡᠭᠳᠡᠭᠦᠯᠬᠦ᠄ ᠬᠤᠯᠪᠣᠭᠠᠯᠠᠵᠤ ᠲᠡᠳᠬᠦᠬᠦ ᠨᠢᠭᠡᠴᠢ᠂ ᠠᠵᠤ ᠠᠬᠤᠶᠢᠯᠠᠯ ᠬᠤᠯᠪᠣᠭᠠᠯᠠᠨ ᠳᠠᠶᠢᠴᠢᠯᠠᠬᠤ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠬᠤᠯᠪᠣᠭᠠᠯᠠᠨ ᠳᠠᠶᠢᠴᠢᠯᠠᠬᠤ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ᠂ ᠬᠤᠷᠰᠢᠶᠠᠵᠢᠯ ᠬᠤᠯᠪᠣᠭᠠᠯᠠᠨ ᠳᠠᠶᠢᠴᠢᠯᠠᠬᠤ᠂ ᠬᠠᠮᠲᠤ ᠶᠢᠨ ᠠᠵᠤ ᠠᠬᠤᠶ ᠬᠤᠯᠪᠣᠭᠠᠯᠠᠨ ᠳᠠᠶᠢᠴᠢᠯᠠᠬᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ᠃    ᠲᠠᠪᠤ ᠶᠢ ᠲᠠᠪᠠᠭᠤᠯᠵᠤ ᠲᠡᠭ ᠪᠤᠯᠭᠠᠬᠤ᠄ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ︽ᠬᠤᠭᠤᠰᠣᠨ ᠲᠣᠰᠬᠤᠨ︾᠎ ᠢ ᠪᠦᠬᠦ ᠲᠠᠯ᠎ᠠ ᠪᠠᠷ ᠠᠷᠢᠯᠭᠠᠵᠤ᠂ ᠪᠤᠶ ᠪᠦᠬᠦᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ 5 ᠲᠦᠮᠡᠨ ᠲᠥᠭᠦᠷᠢᠭ ᠠᠴᠠ ᠳᠡᠭᠡᠭᠰᠢ ᠬᠦᠷᠬᠡᠬᠦ᠃    ᠭᠤᠷᠪᠠᠨ ᠣᠷᠣᠨ ᠲᠠᠪᠤᠨ ᠦᠶᠯᠡᠰ᠄ ᠪᠠᠷᠠᠭᠤᠨ ᠬᠡᠰᠡᠭ ᠤᠨ ᠰᠣᠳᠣᠨ ᠲᠠᠷᠢᠶᠠᠯᠠᠩ ᠮᠠᠯ ᠠᠵᠤ ᠠᠬᠤᠶ ᠲᠥᠪᠯᠡᠷᠡᠭᠰᠡᠨ ᠣᠷᠣᠨ᠂ ᠳᠤᠮᠳᠠ  ᠬᠡᠰᠡᠭ ᠤᠨ ᠵᠢᠭᠤᠯᠴᠢᠯᠠᠯ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ᠂ ᠵᠡᠭᠦᠨ ᠬᠡᠰᠡᠭ ᠠᠭᠤᠷᠬᠠᠶ ᠶᠢᠨ ᠣᠷᠣᠨ ᠤ ᠪᠣᠬᠢᠷᠲᠤᠯ ᠥᠬᠡᠶ ᠠᠮᠢ ᠠᠬᠤᠶ ᠶᠢᠨ ᠥᠯᠢᠭᠡᠷ ᠳᠠᠭᠤᠷᠢᠶᠠᠯ ᠣᠷᠣᠨ᠂ ᠲᠠᠷᠢᠮᠠᠯ ᠤᠨ ᠦᠶᠯᠡᠰ᠂ ᠲᠡᠵᠢᠭᠡᠨ ᠦᠷᠡᠵᠢᠭᠦᠯᠬᠦ ᠦᠶᠯᠡᠰ᠂  ᠪᠤᠯᠪᠠᠰᠤᠷᠠᠭᠤᠯᠬᠤ ᠦᠶᠯᠡᠰ᠂ ᠵᠢᠭᠤᠯᠴᠢᠯᠠᠯ ᠤᠨ ᠦᠶᠯᠡᠰ᠂ ᠦᠶᠯᠡᠴᠢᠯᠡᠭᠡᠨ ᠤ ᠦᠶᠯᠡᠰ ᠢ ᠪᠣᠶᠢᠵᠢᠭᠤᠯᠬᠤ᠃     ᠭᠤᠷᠪᠠ ᠶᠢ ᠴᠡᠪᠡᠷᠯᠡᠵᠦ ᠨᠢᠭᠡ ᠶᠢ ᠬᠤᠪᠢᠷᠠᠭᠤᠯᠬᠤ᠄ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ᠂ ᠲᠣᠰᠬᠤᠨ ᠤ ᠳᠣᠲᠣᠷᠠᠬᠢ ᠴᠥᠭᠦᠷᠥᠮ ᠢ ᠴᠡᠪᠡᠷᠯᠡᠬᠦ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠢᠯᠭᠠᠳᠠᠰᠤ ᠵᠡᠷᠭᠡ ᠲᠠᠷᠢᠶᠠᠯᠠᠩ ᠤᠨ ᠦᠶᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠴᠡᠪᠡᠷᠯᠡᠬᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠨᠥᠯᠥᠭᠡᠯᠡᠬᠦ ᠮᠠᠭᠤ ᠳᠠᠳᠬᠠᠯ ᠢ ᠬᠤᠪᠢᠷᠠᠭᠤᠯᠬᠤ᠃     ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠪᠠᠬᠢᠯᠡᠯᠲᠡ᠄ ᠶᠡᠷᠦᠩᠬᠡᠶ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠨ᠎ᠠ᠃    ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠪᠠᠭᠤᠷᠠᠭᠤᠯᠬᠤ᠄ ᠮᠠᠨ ᠤ ᠤᠯᠤᠰ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠎ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠳᠠᠬᠢᠨ ᠨᠡᠮᠡᠭᠳᠡᠭᠦᠯᠬᠦ ᠦᠭᠡᠢ᠂ ᠤᠷᠬᠢᠯ ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠠᠯᠬᠤᠮ ᠠᠯᠬᠤᠮ ᠢᠶᠠᠷ ᠪᠠᠭᠤᠷᠠᠭᠤᠯᠤᠨ᠎ᠠ ᠭᠡᠵᠦ ᠠᠮᠠᠯᠯᠠᠪᠠ᠃     ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠵᠦᠭᠰᠢᠷᠡᠬᠦᠯᠦᠨ ᠨᠠᠮᠳᠠᠭᠠᠬᠤ᠄ ᠠᠵᠤ ᠠᠬᠤᠶᠢᠯᠠᠯ᠂ ᠪᠦᠯᠬᠦᠮ ᠨᠡᠶᠢᠳᠡ ᠪᠤᠶᠤ ᠬᠤᠪᠢ ᠬᠥᠮᠦᠨ ᠵᠣᠬᠢᠬᠤ ᠴᠠᠭ ᠎ ᠤᠨ ᠳᠣᠲᠣᠷ᠎ᠠ ᠰᠢᠭᠤᠳ ᠪᠤᠶᠤ ᠳᠠᠮ ᠢᠶᠠᠷ ᠡᠭᠦᠰᠦᠭᠰᠡᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠲᠥᠰᠦᠭᠡᠯᠡᠨ ᠪᠣᠳᠣᠭᠰᠠᠨ ᠤ ᠳᠠᠷᠠᠭ᠎ᠠ᠂ ᠮᠣᠳᠣ ᠲᠠᠷᠢᠵᠤ ᠣᠶᠢᠵᠢᠭᠤᠯᠬᠤ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠤᠰ ᠪᠡᠶ᠎ᠡ ᠠᠴᠠ ᠪᠤᠶ ᠪᠣᠯᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠬᠠᠰᠤᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ︽ᠭᠠᠳᠠᠭᠰᠢᠯᠠᠭᠤᠯᠬᠤ ᠦᠭᠡᠶ︾ ᠪᠠᠶᠢᠬᠤ ᠶᠢ ᠪᠡᠶᠡᠯᠡᠭᠦᠯᠦᠨ᠎ᠡ᠃     ᠬᠤᠶᠠᠷ ᠰᠢᠨ᠎ᠡ ᠨᠢᠬᠡ ᠴᠢᠬᠤᠯᠠ᠄ ᠰᠢᠨ᠎ᠡ ᠬᠡᠯᠪᠡᠷᠢ ᠶᠢᠨ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠭᠤᠯᠤᠯᠳᠠ ᠪᠠ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠬᠡ ᠴᠢᠬᠤᠯᠠ ᠶᠡᠭᠡ ᠢᠨᠵᠧᠨᠧᠷᠢᠩ ᠤᠨ ᠪᠠᠶᠢᠭᠤᠯᠤᠯᠳᠠ᠃      ᠬᠤᠶᠠᠷ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠎ ᠤ ᠭᠠᠵᠠᠷ ᠵᠦᠶ ᠶᠢᠨ ᠲᠡᠮᠳᠡᠭ᠃     ᠵᠢᠷᠭᠤᠭᠠᠨ ᠨᠢᠭᠡ ᠪᠦᠯᠦᠭ᠄ ᠨᠢᠭᠡ ᠪᠦᠯᠦᠭ ᠡᠵᠡᠨ ᠬᠤᠷᠤᠭ᠎ᠠ ᠬᠤᠰᠢᠭᠤᠨ ᠳᠤ ᠬᠠᠷᠢᠶ᠎ᠠ ᠲᠠᠢ ᠤᠶᠤᠳᠠᠨ ᠢ ᠲᠥᠪᠬᠢᠨᠡᠭᠦᠯᠵᠦ᠂ ᠨᠢᠭᠡ ᠪᠦᠯᠦᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠣᠮᠢᠯᠠᠨ ᠬᠥᠮᠦᠵᠢᠭᠦᠯᠵᠦ᠂ ᠨᠢᠭᠡ ᠪᠦᠯᠦᠭ ᠠᠵᠢᠯ ᠮᠡᠷᠭᠡᠵᠢᠯ ᠤᠨ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠪᠣᠯᠪᠠᠰᠤᠷᠠᠭᠤᠯᠵᠤ᠂ ᠨᠢᠭᠡ ᠪᠦᠯᠦᠭ ᠨᠡᠶᠢᠭᠡᠮ ᠲᠣᠭᠤᠷᠢᠭ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠭᠡᠭᠡᠵᠦ᠂ ᠨᠢᠭᠡ ᠪᠦᠯᠦᠭ ᠤᠶᠤᠲᠠᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠨᠢᠭᠡ ᠪᠦᠯᠦᠭ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠠᠭᠤᠳᠠᠯᠤᠨ᠎ᠠ᠃     ᠬᠡᠮᠵᠢᠶ᠎ᠡ ᠶᠢ ᠪᠠᠭᠠᠰᠬᠠᠨ ᠬᠡᠮᠵᠢᠶ᠎ᠡ ᠶᠢ ᠬᠢᠵᠠᠭᠠᠷᠯᠠᠬᠤ᠄ ᠵᠠᠮ ᠬᠠᠷᠢᠯᠴᠠᠭᠠᠨ ᠤ ᠬᠡᠨᠡᠳᠡᠯ ᠤᠨ ᠶᠡᠷᠦᠩᠬᠡᠢ ᠬᠡᠮᠵᠢᠶ᠎ᠡ ᠶᠢ ᠪᠠᠭᠠᠰᠬᠠᠵᠤ᠂ ᠤᠨᠴᠠ ᠶᠡᠭᠡ ᠵᠠᠮ ᠬᠠᠷᠢᠯᠴᠭᠠᠨ ᠤ ᠬᠡᠨᠡᠳᠡᠯ ᠤᠴᠢᠷ ᠡᠬᠦᠰᠬᠦ ᠶᠢ ᠬᠢᠵᠠᠭᠠᠷᠯᠠᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ