ᠰᠢ ᠶᠢᠨ ᠫᠢᠩ ᠹᠷᠠᠨᠼᠢ ᠭᠧᠷᠮᠠᠨ ᠤ ᠤᠳᠤᠷᠢᠳᠬᠤ ᠬᠥᠮᠦᠰ ᠲᠠᠢ ᠲᠦᠷᠦᠭᠦᠴᠦᠳ ᠤᠨ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/8
     ᠰᠢᠨᠬᠤᠸᠠ ᠬᠤᠷᠢᠶᠠᠨ ᠤ ᠪᠡᠭᠡᠵᠢᠩ  ᠤᠨ 7 ᠰᠠᠷ᠎ᠠ  ᠶᠢᠨ 5᠎ ᠤ ᠴᠠᠬᠢᠯᠭᠠᠨ ᠮᠡᠳᠡᠭᠡ  ᠤᠯᠤᠰ ᠤᠨ ᠲᠡᠷᠢᠭᠦᠯᠡᠭᠴᠢ ᠰᠢ ᠶᠢᠨ ᠫᠢᠩ 5᠎ ᠤ ᠤᠷᠤᠢ ᠪᠡᠭᠡᠵᠢᠩ ᠳᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ᠂ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠲᠦᠷᠦᠭᠦᠴᠦᠳ ᠤᠨ ᠸᠢᠳᠢᠣ᠋ ᠬᠤᠷᠠᠯ ᠬᠤᠷᠠᠯᠳᠤᠭᠤᠯᠪᠠ᠃
     ᠰᠢ ᠶᠢᠨ ᠫᠢᠩ᠂ ᠣᠳᠣᠬᠠᠨ ᠳᠤ ᠪᠦᠬᠦ ᠪᠥᠮᠪᠥᠷᠴᠡᠭ  ᠤᠨ ᠬᠢᠵᠢᠭ  ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠵᠤ᠂ ᠠᠵᠤ ᠠᠬᠤᠢ  ᠶᠢᠨ ᠰᠡᠷᠭᠦᠯᠲᠡ  ᠶᠢᠨ ᠢᠷᠡᠭᠡᠳᠦᠢ ᠲᠣᠳᠣᠷᠬᠠᠢ ᠦᠭᠡᠢ ᠪᠠᠶᠢᠨ᠎ᠠ᠃ ᠳᠡᠯᠡᠬᠡᠢ ᠶᠢᠷᠲᠢᠨᠴᠦ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠬᠠᠷᠢᠯᠴᠠᠨ ᠬᠦᠨᠳᠦᠳᠬᠡᠵᠦ᠂ ᠦᠨᠡᠨ ᠰᠡᠳᠬᠢᠯ ᠠᠴᠠ ᠪᠠᠨ ᠬᠠᠮᠲᠤᠷᠠᠯᠴᠠᠬᠤ ᠶᠢ ᠱᠠᠭᠠᠷᠳᠠᠵᠤ ᠪᠠᠶᠢᠨ᠎ᠠ᠂ ᠬᠠᠷᠢᠨ ᠰᠡᠵᠢᠭᠯᠡᠨ ᠡᠰᠡᠷᠭᠦᠴᠡᠯᠳᠦᠬᠦ᠂ ᠲᠡᠭ ᠨᠡᠶᠢᠯᠡᠪᠦᠷᠢ  ᠶᠢᠨ ᠦᠵᠡᠯᠴᠡᠭᠡᠨ ᠪᠢᠰᠢ ᠪᠣᠯᠵᠠᠢ᠃      ᠳᠤᠮᠳᠠᠳᠤ ᠧᠦ᠋ᠷᠣᠫᠠ ᠶᠢᠨ ᠬᠢᠨ ᠬᠠᠮᠲᠤ ᠶᠢᠨ ᠲᠠᠨᠢᠯᠲᠠ ᠪᠣᠯᠤᠨ ᠬᠠᠮᠲᠤᠷᠠᠯᠴᠠᠭ᠎ᠠ ᠪᠠᠨ ᠥᠷᠭᠡᠳᠬᠡᠵᠦ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠲᠣᠬᠢᠲᠠᠢ ᠠᠷᠭᠠᠴᠠᠭᠠᠬᠤ ᠳᠤ ᠴᠢᠬᠤᠯᠠ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠨᠢᠭᠡ ᠳᠤ᠂ ᠵᠥᠪ ᠣᠨᠣᠪᠴᠢᠲᠠᠢ ᠬᠠᠷᠢᠯᠴᠠᠨ ᠲᠠᠨᠢᠨ ᠮᠡᠳᠡᠬᠦ ᠶᠢ ᠪᠠᠷᠢᠮᠲᠠᠯᠠᠶ᠎ᠠ᠃ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠪᠥᠭᠡᠳ ᠠᠷᠠᠳ ᠲᠦᠮᠡᠨ ᠤ ᠨᠡᠶᠢᠳᠡᠮ ᠬᠦᠷᠢᠶᠡᠯᠡᠯ ᠢ ᠣᠯᠤᠭᠰᠠᠨ ᠬᠥᠭᠵᠢᠯᠲᠡ ᠶᠢᠨ ᠵᠠᠮ ᠢ ᠨᠡᠭᠡᠭᠡᠪᠡ᠃ ᠳᠤᠮᠳᠠᠳᠤ ᠶᠢᠨ ᠲᠠᠯ᠎ᠠ ᠶᠢᠨ ᠬᠢᠨ ᠡᠩᠬᠡ ᠲᠠᠶᠢᠪᠤᠩ᠂ ᠬᠥᠭᠵᠢᠯᠲᠡ ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠪᠦᠬᠦᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠲᠤ ᠪᠠᠷᠢᠮᠳᠠᠯᠠᠨ᠎ᠠ᠃ ᠳᠤᠮᠳᠠᠳᠤ ᠧᠦ᠋ᠷᠣᠫᠠ ᠶᠢᠨ ᠬᠢᠨ ᠬᠠᠷᠢᠯᠴᠠᠨ ᠬᠦᠨᠳᠦᠳᠬᠡᠬᠦ᠂ ᠠᠳᠠᠯᠢ ᠪᠠᠨ ᠡᠷᠢᠵᠦ ᠵᠦᠷᠢᠶ᠎ᠠ ᠪᠠᠨ ᠦᠯᠡᠳᠡᠭᠡᠬᠦ ᠵᠠᠷᠴᠢᠮ ᠢᠶᠠᠷ ᠬᠠᠮᠲᠤᠷᠠᠯᠴᠠᠭ᠎ᠠ ᠥᠷᠨᠢᠭᠦᠯᠦᠭᠰᠡᠨ ᠢᠶᠠᠷ᠂ ᠬᠤᠶᠠᠷ ᠲᠠᠯ᠎ᠠ ᠶᠢᠨ ᠬᠢᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠴᠠᠭ᠎ᠠ ᠨᠢ ᠬᠤᠭᠤᠷᠣᠨᠳᠣᠬᠢ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠨᠢᠭᠲᠠᠷᠠᠭᠤᠯᠪᠠ᠃ ᠪᠢᠳᠠ ᠡᠨᠡ ᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠬᠤᠭᠤᠷᠣᠨᠳᠣᠬᠢ ᠵᠦᠷᠢᠶ᠎ᠠ ᠳᠤ ᠵᠥᠪ ᠢᠶᠠᠷ ᠬᠠᠨᠳᠤᠵᠤ᠂ ᠵᠥᠷᠢᠯᠳᠦᠭᠡᠨ ᠢᠶᠠᠨ ᠣᠶᠤᠨᠴᠢ ᠪᠠᠷ ᠰᠢᠢᠳᠪᠦᠷᠢᠯᠡᠵᠦ᠂ ᠳᠤᠮᠳᠠᠳᠤ ᠧᠦ᠋ᠷᠣᠫᠠ ᠶᠢᠨ ᠬᠠᠷᠢᠴᠠᠭ᠎ᠠ ᠶᠢᠨ ᠤᠷᠤᠭᠰᠢᠯᠠᠯᠲᠠ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃      ᠬᠤᠶᠠᠷ ᠲᠤ᠂ ᠬᠠᠷᠢᠯᠴᠠᠨ ᠠᠰᠢᠬᠳᠠᠢ ᠪᠠᠶᠢᠵᠥ ᠬᠠᠮᠳᠤ ᠪᠠᠷ ᠠᠰᠢᠬ ᠬᠦᠷᠳᠡᠬᠦ ᠬᠠᠮᠳᠤᠷᠠᠯᠴᠠᠭ᠎ᠠ ᠶᠢ ᠥᠷᠭᠡᠳᠬᠡᠶ᠎ᠠ᠃ ᠳᠤᠮᠳᠠᠳᠤ ᠤᠯᠤᠰ ᠳᠤᠷᠠᠲᠠᠶ᠎ᠠ ᠧᠦ᠋ᠷᠣᠫᠠ ᠶᠢᠨ ᠲᠠᠯ᠎ᠠ ᠯᠤᠭ᠎ᠠ ᠬᠤᠷᠢᠨ ᠭᠤᠷᠪᠠᠳᠤᠭᠠᠷ ᠤᠳᠠᠭᠠᠨ ᠤ ᠳᠤᠮᠳᠠᠳᠤ ᠧᠦ᠋ᠷᠣᠫᠠ ᠶᠢᠨ ᠤᠳᠤᠷᠢᠳᠬᠤ ᠬᠥᠮᠦᠰ ᠤᠨ ᠠᠭᠤᠯᠵᠠᠯᠲᠠ ᠶᠢ ᠡᠷᠲᠡᠬᠡᠨ ᠬᠢᠵᠦ᠂ ᠪᠠᠶᠢᠯᠳᠤᠬᠤ ᠪᠣᠳᠣᠯᠭ᠎ᠠ ᠂ ᠠᠵᠤ ᠠᠬᠤᠶ ᠠᠷᠠᠯᠵᠢᠶ᠎ᠠ᠂ ᠰᠣᠶᠣᠯ ᠢᠷᠭᠡᠨᠰᠢᠯ᠂ ᠲᠤᠭᠠᠵᠢᠭᠤᠯᠤᠯᠳᠠ᠂ ᠠᠭᠤᠷ ᠠᠮᠢᠰᠬᠤᠯ ᠤᠨ ᠬᠦᠷᠢᠶᠡᠨ ᠤ ᠳᠡᠭᠡᠳᠦ ᠲᠠᠰ ᠤᠨ ᠶᠠᠷᠢᠯᠴᠠᠭ᠎ᠠ ᠶᠢ ᠰᠠᠶᠢᠲᠤᠷ ᠬᠢᠵᠦ᠂ ᠳᠤᠮᠳᠠᠳᠤ ᠧᠦ᠋ᠷᠣᠫᠠ ᠶᠢᠨ ᠨᠠᠷᠢᠨ ᠲᠠᠩᠰᠠ ᠶᠢᠨ ᠪᠦᠲᠦᠭᠡᠭᠳᠡᠬᠦᠨ ᠢ ᠬᠠᠷᠢᠯᠴᠠᠨ ᠮᠡᠳᠡᠷᠡᠵᠦ ᠬᠠᠷᠢᠯᠴᠠᠨ ᠬᠠᠮᠠᠭᠠᠯᠠᠬᠤ ᠶᠢ ᠠᠬᠢᠭᠤᠯᠵᠤ᠂ ᠬᠤᠶᠠᠷ ᠲᠠᠯ᠎ᠠ ᠶᠢᠨ ᠠᠷᠠᠳ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠨᠠᠩ ᠣᠯᠠᠨ ᠪᠣᠳᠠᠲᠤ ᠠᠰᠢᠭ ᠬᠦᠷᠲᠡᠭᠡᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠳᠤᠤᠷ᠎ᠠ᠂ ᠬᠥᠮᠦᠰ ᠤᠨ ᠬᠠᠷᠢᠯᠴᠠᠭ᠎ᠠ ᠶᠠᠪᠤᠯᠴᠠᠭ᠎ᠠ ᠶᠢᠨ ᠳᠦᠳᠡ ᠵᠠᠮ ᠢ ᠲᠠᠰᠤᠷᠠᠯᠲᠠ ᠥᠬᠡᠶ ᠰᠢᠯᠢᠳᠡᠭᠵᠢᠭᠦᠯᠦᠶ᠎ᠠ᠃ ᠳᠤᠮᠳᠠᠳᠤ ᠤᠯᠤᠰ ᠤᠨ ᠨᠡᠬᠡᠬᠡᠯᠳᠡ ᠪᠠᠨ ᠥᠷᠭᠡᠳᠬᠡᠬᠦ ᠠᠯᠬᠤᠴᠠ ᠭᠤᠶᠢᠪᠢᠰᠢ ᠦᠬᠡᠢ ᠶᠤᠮ᠂ ᠧᠦ᠋ᠷᠣᠫᠠ ᠶᠢᠨ ᠲᠠᠯ᠎ᠠ ᠶᠢᠨ ᠬᠢᠨ ᠵᠠᠬ᠎ᠠ ᠳᠡᠯᠭᠡᠭᠦᠷ ᠤᠨ ᠵᠠᠷᠴᠢᠮ ᠢᠶᠠᠷ ᠳᠤᠮᠳᠠᠳᠤ ᠤᠯᠤᠰ ᠤᠨ ᠠᠵᠤ ᠠᠬᠤᠶᠢᠯᠠᠯ ᠳᠤ ᠲᠥᠪ ᠭᠤᠣᠯᠴᠢ᠂ ᠢᠯᠡ ᠲᠣᠳᠣ ᠂ ᠭᠠᠳᠠᠭᠤᠷᠴᠢᠯᠠᠯ ᠦᠬᠡᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃      ᠭᠤᠷᠪᠠ ᠳᠤ᠂ ᠵᠢᠩᠬᠢᠨᠢ ᠤᠯᠠᠨ ᠲᠠᠯᠠᠲᠤ ᠦᠵᠡᠯ ᠢ ᠬᠠᠮᠠᠭᠠᠯᠠᠶ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠢᠶᠠᠷ ᠰᠠᠭᠤᠷᠢ ᠪᠣᠯᠭᠠᠭᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠲᠦᠷᠢᠮ ᠢ ᠬᠠᠮᠠᠭᠠᠯᠠᠵᠤ᠂ ᠤᠯᠠᠨ ᠤᠯᠤᠰ ᠤᠨ ᠬᠡᠷᠡᠭ ᠶᠠᠪᠤᠳᠠᠯ ᠢ ᠤᠯᠠᠨ ᠢᠶᠠᠷ ᠢᠶᠠᠨ ᠰᠡᠳᠬᠢᠯ ᠲᠠᠶᠢᠪᠤᠭᠤ ᠪᠠᠷ ᠵᠥᠪᠳᠡᠯᠴᠡᠨ ᠰᠢᠢᠳᠪᠦᠷᠢᠯᠡᠬᠦ ᠴᠢᠬᠤᠯᠠᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠧᠦ᠋ᠷᠣᠫᠠ ᠶᠢᠨ ᠲᠠᠯ᠎ᠠ ᠶᠢᠨ ᠬᠢᠨ ᠲᠠᠢ ᠬᠠᠮᠲᠤ ᠪᠠᠷ ᠺᠦᠨᠮᠢᠩ ᠤᠨ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾᠎ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠤᠷᠤ ᠲᠦᠯᠦᠪ ᠤᠨ ᠨᠡᠶᠢᠲᠡ ᠶᠢᠨ ᠭᠡᠷ᠎ᠡ︾᠎ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠬᠤᠷᠠᠯ ᠳᠤ ᠴᠥᠮ ᠢᠳᠡᠪᠬᠢᠲᠡᠢ ᠦᠷ᠎ᠡ ᠪᠦᠲᠦᠭᠡᠯ ᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠵᠥᠪ ᠴᠢᠭᠯᠡᠯ ᠢᠶᠠᠷ ᠬᠥᠭᠵᠢᠬᠦ ᠶᠢ ᠬᠠᠮᠲᠤ ᠪᠠᠷ ᠬᠦᠳᠦᠯᠦᠨ ᠵᠢᠯᠣᠭᠤᠳᠴᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠣᠯᠤᠨ ᠫᠠᠷᠢᠰ ᠤᠨ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠶᠢ ᠬᠠᠷᠢᠯᠴᠠᠨ ᠳᠡᠮᠵᠢᠶ᠎ᠠ᠃      ᠳᠥᠷᠪᠡ ᠳᠤ᠂ ᠶᠡᠷᠦᠩᠬᠡᠢ ᠳᠡᠭᠡᠨ ᠲᠣᠭᠲᠠᠭᠤᠨ᠂ ᠲᠡᠩᠴᠡᠭᠦᠷᠢᠲᠡᠢ ᠬᠥᠭᠵᠢᠭᠰᠡᠨ ᠲᠤᠮᠤ ᠤᠯᠤᠰ ᠤᠨ ᠬᠠᠷᠢᠴᠠᠭ᠎ᠠ ᠪᠠᠶᠢᠭᠤᠯᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠬᠠᠮᠤᠭ ᠠᠴᠠ ᠬᠦᠰᠡᠵᠦ ᠪᠠᠶᠢᠭ᠎ᠠ ᠨᠢ ᠥᠪᠡᠷ ᠢ ᠪᠠᠨ ᠰᠠᠶᠢᠲᠤᠷ ᠬᠥᠭᠵᠢᠭᠦᠯᠬᠦ ᠶᠠᠪᠤᠳᠠᠯ ᠪᠣᠯᠤᠨ᠎ᠠ᠂ ᠬᠠᠷᠢᠨ ᠪᠤᠰᠤᠳ ᠢ ᠣᠷᠣᠯᠠᠬᠤ ᠶᠠᠪᠤᠳᠠᠯ ᠪᠢᠰᠢ ᠶᠤᠮ᠃ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠨᠡᠩ ᠤᠯᠠᠨ ᠬᠠᠮᠲᠤ ᠪᠠᠷ ᠬᠥᠭᠵᠢᠬᠦ ᠠᠵᠠ ᠲᠣᠬᠢᠶᠠᠯ ᠢ ᠡᠭᠦᠳᠬᠦ ᠶᠢᠨ ᠲᠥᠯᠥᠭᠡ ᠶᠤᠮ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠶᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢᠨ ᠬᠠᠮᠲᠤ ᠲᠣᠰ ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠨ᠎ᠠ᠃ ᠧᠦ᠋ᠷᠣᠫᠠ ᠶᠢᠨ ᠲᠠᠯ᠎ᠠ ᠶᠢᠨ ᠬᠢᠨ ᠤᠯᠠᠨ ᠤᠯᠤᠰ ᠤᠨ ᠬᠡᠷᠡᠭ ᠶᠠᠪᠤᠳᠠᠯ ᠳᠤ ᠨᠡᠩ ᠤᠯᠠᠨ ᠢᠳᠡᠪᠬᠢᠲᠡᠢ ᠦᠢᠯᠡᠳᠦᠯ ᠪᠠᠳᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠪᠡᠶ᠎ᠡ ᠪᠠᠨ ᠳᠠᠭᠠᠭᠠᠬᠤ ᠶᠢ ᠦᠨᠡᠨ ᠬᠦ ᠢᠯᠡᠷᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠪᠠ ᠬᠥᠭᠵᠢᠯ ᠴᠡᠴᠡᠭᠯᠡᠯ ᠢ ᠬᠠᠮᠲᠤ ᠪᠠᠷ ᠰᠠᠶᠢᠲᠤᠷ ᠬᠠᠮᠠᠭᠠᠯᠠᠬᠤ ᠶᠢ ᠬᠦᠰᠡᠵᠦ ᠪᠠᠶᠢᠨ᠎ᠠ᠃
     ᠭᠤᠷᠪᠠᠨ ᠤᠯᠤᠰ ᠤᠨ ᠤᠳᠤᠷᠢᠳᠬᠤ ᠬᠥᠮᠦᠰ ᠪᠠᠰᠠ ᠠᠹᠷᠢᠺᠠ ᠲᠢᠪ ᠤᠨ ᠵᠥᠪᠯᠡᠬᠦ ᠵᠦᠢᠯ ᠤᠨ ᠲᠤᠬᠠᠢ ᠰᠠᠨᠠᠯ ᠢᠶᠠᠨ ᠰᠣᠯᠢᠯᠴᠠᠵᠠᠢ᠃ ᠰᠢ ᠶᠢᠨ ᠫᠢᠩ᠂ ᠠᠹᠷᠢᠺᠠ ᠲᠢᠪ ᠪᠣᠯ ᠬᠥᠭᠵᠢᠵᠦ ᠪᠠᠶᠢᠭ᠎ᠠ ᠤᠯᠤᠰ ᠬᠠᠮᠤᠭ ᠤᠨ ᠲᠥᠪᠯᠡᠷᠡᠩᠭᠦᠶ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠪᠠ ᠠᠵᠤ ᠠᠬᠤᠶ ᠶᠢᠨ ᠰᠡᠷᠭᠦᠯᠲᠡ ᠶᠢ ᠪᠡᠶᠡᠯᠡᠭᠦᠯᠬᠦ ᠡᠭᠦᠷᠭᠡ ᠬᠠᠮᠤᠭ ᠤᠨ ᠪᠡᠷᠬᠡ ᠬᠠᠲᠠᠭᠤᠵᠢᠯᠲᠠᠶ ᠭᠠᠵᠠᠷ ᠣᠷᠣᠨ ᠮᠥᠨ᠂ ᠨᠠᠩ ᠴᠤ ᠬᠥᠭᠵᠢᠯᠲᠡ ᠶᠢᠨ ᠳᠠᠯᠳᠠ ᠬᠦᠴᠦᠨ ᠢᠶᠠᠷ ᠬᠠᠮᠤᠭ ᠤᠨ ᠶᠡᠭᠡ ᠡᠬᠡ ᠬᠠᠭᠤᠷᠠᠶ ᠮᠥᠨ᠃ ᠳᠤᠮᠳᠠᠳᠤ ᠤᠯᠤᠰ ᠠᠹᠷᠢᠺᠠ ᠲᠢᠪ ᠤᠨ 40 ᠭᠠᠷᠤᠢ ᠤᠯᠤᠰ ᠵᠢᠴᠢ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠥᠪᠯᠡᠯ ᠳᠤ ᠸᠠᠺᠼᠢᠨ ᠬᠠᠩᠭᠠᠭᠰᠠᠨ ᠪᠥᠭᠡᠳ ᠤᠳᠤ ᠪᠠᠰᠠ ᠸᠠᠺᠼᠢᠨ ᠬᠠᠩᠭᠠᠵᠤ ᠪᠠᠶᠢᠨ᠎ᠠ᠂ ᠠᠹᠷᠢᠺᠠ ᠲᠢᠪ ᠤᠨ ᠬᠢᠨ ᠤ ᠸᠠᠺᠼᠢᠨ ᠢ ᠲᠤᠰ ᠭᠠᠵᠠᠷ ᠲᠠᠭᠠᠨ ᠦᠢᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠢᠳᠡᠪᠬᠢᠲᠡᠢ ᠲᠡᠮᠵᠢᠨ᠎ᠠ᠃ ᠳᠤᠮᠳᠠᠳᠤ ᠤᠯᠤᠰ ᠨᠢᠭᠡᠨᠲᠡ ᠠᠹᠷᠢᠺᠠ ᠲᠢᠪ ᠤᠨ 19 ᠤᠯᠤᠰ ᠲᠠᠢ ᠥᠷᠢ ᠰᠢᠷᠢ ᠶᠢ ᠬᠤᠶᠢᠰᠢᠯᠠᠭᠤᠯᠬᠤ ᠵᠥᠪᠯᠡᠯᠴᠡᠭᠡᠷ ᠲᠤᠬᠢᠷᠠᠯᠴᠠᠭᠰᠠᠨ ᠪᠤᠶᠤ ᠥᠷᠢ ᠰᠢᠷᠢ ᠶᠢ ᠬᠤᠶᠢᠰᠢᠯᠠᠭᠤᠯᠬᠤ ᠬᠠᠮᠲᠤ ᠶᠢᠨ ᠲᠠᠨᠢᠯᠲᠠ ᠲᠠᠢ ᠪᠣᠯᠤᠭᠰᠠᠨ ᠪᠥᠭᠡᠳ ︽ᠠᠹᠷᠢᠺᠠ ᠲᠢᠪ ᠤᠨ ᠪᠣᠬᠢᠷᠲᠤᠯ ᠦᠭᠡᠢ ᠤᠷᠳᠤ ᠴᠠᠭᠠᠨ ᠬᠡᠷᠡᠮ︾ ᠵᠡᠷᠭᠡ ᠦᠷᠭᠦᠯᠵᠢᠯᠡᠬᠦ ᠬᠥᠭᠵᠢᠯᠲᠡ ᠶᠢᠨ ᠲᠥᠯᠥᠪᠯᠡᠭᠡ ᠳᠤ ᠪᠦᠲᠦᠭᠡᠯᠴᠢ ᠴᠢᠨᠠᠷᠲᠠᠢ ᠣᠷᠣᠯᠴᠠᠪᠠ᠃ ᠧᠦ᠋ᠷᠣᠫᠠ ᠲᠢᠪ ᠤᠨ ᠬᠢᠨ ᠠᠹᠷᠢᠺᠠ ᠲᠢᠪ ᠲᠠᠬᠢ ᠳᠡᠮᠵᠢᠯᠭᠡ ᠪᠠ ᠬᠠᠪᠰᠤᠷᠤᠯᠭ᠎ᠠ ᠪᠠᠨ ᠨᠡᠮᠡᠭᠳᠡᠭᠦᠯᠵᠦ᠂ ᠪᠠᠴᠢᠮ ᠬᠡᠷᠡᠭᠴᠡᠭᠡ ᠲᠠᠢ ᠠᠹᠷᠢᠺᠠ ᠲᠢᠪ ᠤᠨ ᠤᠯᠤᠰ ᠤᠳ ᠲᠤ ᠨᠡᠩ ᠤᠯᠠᠨ ᠸᠠᠺᠼᠢᠨ ᠬᠠᠩᠭᠠᠵᠤ᠂ ᠠᠹᠷᠢᠺᠠ ᠲᠢᠪ ᠢ ᠬᠠᠪᠰᠤᠷᠤᠨ ᠥᠷᠢ ᠥᠭᠴᠡᠭᠡᠨ ᠤ ᠳᠠᠷᠤᠯᠲᠠ ᠶᠢ ᠰᠠᠶᠢᠲᠤᠷ ᠠᠷᠭᠠᠴᠠᠭᠠᠵᠤ᠂ ᠠᠹᠷᠢᠺᠠ ᠲᠢᠪ ᠤᠨ ᠠᠵᠤ ᠠᠬᠤᠢ ᠶᠢᠨ ᠰᠡᠷᠭᠦᠯᠲᠡ ᠪᠠ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠡᠷᠲᠡᠬᠡᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠹᠷᠠᠨᠼᠢ᠂ ᠭᠧᠷᠮᠠᠨ ᠤ ᠳᠤᠮᠳᠠᠳᠤ ᠠᠹᠷᠢᠺᠠ ᠶᠢᠨ ᠬᠠᠮᠲᠤ ᠪᠠᠷ ᠰᠠᠨᠠᠭᠠᠴᠢᠯᠠᠭᠰᠠᠨ ︽ᠠᠹᠷᠢᠺᠠ ᠲᠢᠪ ᠤᠨ ᠬᠦᠭᠵᠢᠯᠲᠠ ᠶᠢ ᠲᠡᠮᠵᠢᠬᠦ ᠬᠠᠨᠢᠲᠠᠠ ᠤ ᠰᠠᠨᠠᠭᠠᠴᠢᠯᠠᠭ᠎ᠠ︾ ᠠᠵᠢᠯᠯᠠᠭ᠎ᠠ ᠳᠤ ᠣᠷᠣᠯᠴᠠᠵᠤ᠂ ᠭᠤᠷᠪᠠᠨ ᠲᠠᠯ᠎ᠠ᠂ ᠲᠦᠷᠪᠡᠨ ᠲᠠᠯ᠎ᠠ ᠪᠤᠶᠤ ᠤᠯᠠᠨ ᠲᠠᠯ᠎ᠠ ᠶᠢᠨ ᠬᠠᠮᠲᠤᠷᠠᠯᠴᠠᠭ᠎ᠠ ᠶᠢ ᠥᠷᠨᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠵᠢᠭᠠᠵᠤ ᠭᠠᠷᠭᠠᠪᠠ᠃
     ᠮᠠᠶᠢᠺᠷᠤᠨ᠂ ᠥᠩᠭᠡᠷᠡᠭᠰᠡᠨ ᠬᠡᠳᠦᠨ ᠠᠷᠪᠠᠨ ᠵᠢᠯ ᠤᠨ ᠲᠤᠷᠰᠢ᠂ ᠳᠤᠮᠳᠠᠳᠤ ᠤᠯᠤᠰ ᠤᠨ ᠬᠥᠭᠵᠢᠯᠲᠡ ᠯᠤᠲᠤ ᠶᠡᠭᠡ ᠠᠮᠵᠢᠯᠲᠠ ᠤᠯᠪᠠ᠂ ᠹᠷᠠᠨᠼᠢ ᠶᠢᠨ ᠲᠠᠯ᠎ᠠ ᠶᠢᠨ ᠬᠢᠨ ᠪᠣᠳᠠᠲᠠᠢ ᠶᠢ ᠡᠷᠬᠢᠮᠯᠡᠬᠦ ᠣᠪᠣᠷ ᠢᠶᠠᠷ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠬᠤ ᠪᠠᠷ ᠴᠢᠷᠮᠠᠶᠢᠵᠤ᠂ ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠲᠤᠬᠢᠷᠠᠯᠴᠠᠬᠤ ᠶᠢ ᠲᠡᠮᠵᠢᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠹᠷᠠᠨᠼᠢ ᠳᠤ ᠪᠡᠯᠡ ᠣᠷᠣᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠃ ᠹᠷᠠᠨᠼᠢ ᠶᠢᠨ ᠬᠢᠨ ᠳᠤᠷᠠᠲᠠᠶ᠎ᠠ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠠᠰᠠᠭᠤᠳᠠᠯ ᠤᠨ ᠲᠤᠬᠠᠢ ᠳᠤᠮᠳᠠᠳᠤ ᠯᠤᠭ᠎ᠠ ᠶᠢᠨ ᠰᠤᠯᠢᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠺᠦᠨᠮᠢᠩ ᠤᠨ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾᠎ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠪᠣᠯᠤᠨ ᠮᠠᠷᠰᠸᠢ ᠶᠢᠨ ᠳᠣᠯᠣᠳᠤᠭᠠᠷ ᠬᠤᠭᠤᠴᠠᠭᠠᠨ ᠤ ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠶᠡᠭᠡ ᠬᠤᠷᠠᠯ ᠴᠥᠮ ᠠᠮᠵᠢᠯᠲᠠ ᠤᠯᠬᠤ ᠶᠢ ᠳᠡᠮᠵᠢᠨ᠎ᠠ᠃ ᠬᠥᠭᠵᠢᠵᠦ ᠪᠠᠶᠢᠭ᠎ᠠ ᠤᠯᠤᠰ ᠤᠳ ᠤᠨ ᠸᠠᠺᠼᠢᠨ ᠢ ᠡᠷᠬᠡ ᠲᠡᠭᠰᠢ ᠪᠠᠷ ᠤᠯᠬᠤ ᠳᠤ ᠳᠤᠮᠳᠠᠳᠤ ᠤᠯᠤᠰ ᠤᠨ ᠦᠵᠡᠭᠦᠯᠦᠭᠰᠡᠨ ᠴᠢᠬᠤᠯᠠ ᠦᠢᠯᠡᠳᠦᠯ ᠢ ᠹᠷᠠᠨᠼᠢ ᠶᠢᠨ ᠬᠢᠨ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠹᠷᠠᠨᠼᠢ ᠶᠢᠨ ᠲᠠᠯ᠎ᠠ ᠬᠤᠷᠢᠨ ᠤᠯᠤᠰ ᠤᠨ ᠪᠦᠯᠦᠭᠯᠡᠯ ᠤᠨ ᠬᠤᠯᠪᠤᠭᠲᠠᠯ ᠪᠦᠬᠦᠢ ᠥᠷᠢ ᠰᠢᠷᠢ ᠶᠢ ᠬᠤᠶᠢᠰᠢᠯᠠᠭᠤᠯᠬᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠳᠤᠮᠳᠠᠳᠤ ᠶᠢᠨ ᠲᠠᠯ᠎ᠠ ᠶᠢᠨ ᠭᠠᠷᠭᠠᠭᠰᠠᠨ ᠴᠢᠷᠮᠠᠶᠢᠯᠭ᠎ᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠮᠳᠠᠳᠤ ᠶᠢᠨ ᠲᠠᠯ᠎ᠠ ᠲᠠᠢ ᠠᠹᠷᠢᠺᠠ ᠲᠢᠪ ᠤᠨ ᠪᠡᠯᠡ ᠨᠡᠶᠢᠯᠡᠭᠦᠯᠬᠦ᠂ ᠰᠤᠷᠭᠠᠨ ᠬᠥᠮᠦᠵᠢᠯ ᠢ ᠬᠠᠪᠰᠤᠷᠬᠤ ᠵᠡᠷᠭᠡ ᠠᠰᠠᠭᠤᠳᠠᠯ ᠤᠨ ᠲᠤᠬᠠᠢ ᠵᠣᠬᠢᠴᠠᠭᠤᠯᠭ᠎ᠠ ᠪᠠᠨ ᠳᠤᠷᠠᠲᠠᠶ᠎ᠠ ᠦᠷᠭᠦᠯᠵᠢᠯᠡᠨ ᠴᠢᠩᠭᠠᠳᠬᠠᠨ᠎ᠠ ᠭᠡᠵᠦ ᠢᠯᠡᠳᠬᠡᠪᠡ᠃      ᠮᠤᠺᠧᠷ᠂ ᠳᠤᠮᠳᠠᠳᠤ ᠤᠯᠤᠰ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠵᠤ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢ ᠪᠡᠶᠡᠯᠡᠭᠦᠯᠦᠭᠰᠡᠨ ᠳᠤ ᠪᠠᠶᠠᠷ ᠬᠦᠷᠭᠡᠵᠦ ᠪᠠᠶᠢᠨ᠎ᠠ᠃ ᠭᠧᠷᠮᠠᠨ ᠹᠷᠠᠨᠼᠢ ᠳᠤᠮᠳᠠᠳᠤ ᠤᠯᠤᠰ ᠤᠨ ᠤᠳᠤᠷᠢᠳᠬᠤ ᠬᠥᠮᠦᠰ ᠰᠣᠯᠢᠯᠴᠠᠭ᠎ᠠ ᠪᠠᠨ ᠦᠷᠭᠦᠯᠵᠢᠯᠡᠬᠦᠯᠬᠦ ᠨᠢ ᠲᠦᠢᠯ ᠤᠨ ᠴᠢᠬᠤᠯᠠ ᠶᠤᠮ᠃ ᠭᠧᠷᠮᠠᠨ ᠤ ᠬᠢᠨ ᠳᠤᠮᠳᠠᠳᠤ ᠶᠢᠨ ᠲᠠᠯ᠎ᠠ ᠲᠠᠢ ᠸᠠᠺᠼᠢᠨ ᠤ ᠭᠤᠣᠯᠴᠢ ᠦᠢᠯᠡᠳᠪᠦᠷᠢᠯᠡᠯ ᠬᠤᠪᠢᠶᠠᠷᠢᠯᠠᠯᠲᠠ ᠶᠢ ᠠᠬᠢᠭᠤᠯᠬᠤ᠂ ᠬᠥᠮᠦᠨ ᠪᠣᠯᠤᠨ ᠠᠷᠠᠯᠵᠢᠶᠠᠨ ᠤ ᠶᠠᠪᠤᠯᠴᠠᠭ᠎ᠠ ᠶᠢ ᠰᠡᠷᠭᠦᠭᠡᠬᠦ ᠲᠠᠯ᠎ᠠ ᠪᠠᠷ ᠳᠤᠷᠠᠲᠠᠶ᠎ᠠ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠧᠦ᠋ᠷᠣᠫᠠ ᠳᠤᠮᠳᠠᠳᠤ ᠶᠢᠨ ᠬᠠᠷᠢᠴᠠᠭ᠎ᠠ ᠮᠠᠰᠢ ᠴᠢᠬᠤᠯᠠ᠂ ᠬᠤᠶᠠᠷ ᠲᠠᠯ᠎ᠠ ᠶᠢᠨ ᠬᠠᠮᠲᠤ ᠶᠢᠨ ᠲᠠᠨᠢᠯᠲᠠ ᠮᠠᠰᠢ ᠤᠯᠠᠨ᠂ ᠬᠠᠮᠲᠤᠷᠠᠯᠴᠠᠵᠤ ᠪᠣᠯᠬᠤ ᠬᠦᠷᠢᠶ᠎ᠡ ᠴᠠᠷᠠᠭ᠎ᠠ ᠮᠠᠰᠢ ᠤᠯᠠᠨ ᠪᠠᠶᠢᠨ᠎ᠠ ᠂ ᠬᠠᠷᠢᠯᠴᠠᠨ ᠬᠦᠨᠳᠦᠳᠬᠡᠵᠦ᠂ ᠶᠠᠷᠢᠯᠴᠠᠭ᠎ᠠ ᠪᠠᠨ ᠴᠢᠩᠭᠠᠳᠬᠠᠬᠤ ᠪᠠᠷ ᠲᠠᠮᠵᠢᠨ ᠵᠥᠷᠢᠯᠳᠦᠭᠡᠨ ᠢᠶᠠᠨ ᠪᠠᠭᠠᠰᠬᠠᠪᠠᠯ ᠵᠣᠬᠢᠨ᠎ᠠ᠃ ᠭᠧᠷᠮᠠᠨ ᠤ ᠬᠢᠨ ᠬᠤᠷᠢᠨ ᠭᠤᠷᠪᠠᠳᠤᠭᠠᠷ ᠤᠳᠠᠭ᠎ᠠ ᠶᠢᠨ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ — ᠳᠤᠮᠳᠠᠳᠤ ᠤᠯᠤᠰ ᠤᠨ ᠤᠳᠤᠷᠢᠳᠬᠤ ᠬᠥᠮᠦᠰ ᠤᠨ ᠠᠭᠤᠯᠵᠠᠯᠲᠠ ᠶᠢ ᠳᠠᠷᠤᠢ ᠲᠦᠷᠭᠡᠨ ᠬᠤᠷᠠᠯᠳᠤᠭᠤᠯᠬᠤ ᠶᠢ ᠳᠡᠮᠵᠢᠨ᠎ᠠ᠂ ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠢ ᠳᠠᠷᠤᠢ ᠲᠦᠷᠭᠡᠨ ᠵᠥᠪᠰᠢᠶᠡᠷᠡᠬᠦ ᠶᠢ ᠬᠦᠰᠡᠵᠦ ᠪᠠᠶᠢᠨ᠎ᠠ᠃ ᠭᠧᠷᠮᠠᠨ ᠤ ᠬᠢᠨ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠡᠷᠡᠭ ᠶᠠᠪᠤᠳᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠂ ᠳᠤᠮᠳᠠᠳᠤ ᠤᠯᠤᠰ ᠯᠤᠭ᠎ᠠ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ᠂ ᠠᠹᠷᠢᠺᠠ ᠲᠢᠪ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠵᠡᠷᠭᠡ ᠠᠰᠠᠭᠤᠳᠠᠯ ᠤᠨ ᠲᠤᠬᠠᠢ ᠳᠤᠷᠠᠲᠠᠶ᠎ᠠ ᠢᠯᠡᠭᠦᠭᠡᠨ ᠨᠡᠪᠳᠡᠷᠡᠯᠴᠡᠵᠦ᠂ ᠲᠤᠮᠲᠠᠲᠤ ᠠᠹᠷᠢᠺᠠ ᠶᠢᠨ ᠲᠤᠷᠠᠲᠤᠭᠰᠠᠠ ︽ᠠᠹᠷᠢᠺᠠ ᠲᠢᠪ ᠤᠨ ᠬᠦᠭᠵᠢᠯᠲᠠ ᠶᠢ ᠲᠡᠮᠵᠢᠬᠦ ᠬᠠᠨᠢᠲᠠᠠ ᠤ ᠰᠠᠨᠠᠭᠠᠴᠢᠯᠠᠭ᠎ᠠ︾᠎ ᠳᠤ ᠤᠷᠤᠯᠴᠠᠬᠤ ᠶᠢ ᠳᠤᠷᠠᠲᠠᠶ᠎ᠠ ᠢᠲᠡᠪᠬᠢᠲᠠᠢ ᠰᠤᠲᠤᠯᠤᠨ᠎ᠠ ᠭᠡᠵᠦ ᠢᠯᠡᠳᠭᠡᠪᠡ᠃
     ᠭᠤᠷᠪᠠᠠ ᠤᠯᠤᠰ ᠤᠨ ᠤᠲᠤᠷᠢᠳᠬᠤ ᠬᠦᠮᠦᠰ ᠪᠠᠰᠠ ᠢᠷᠠᠠ ᠤ ᠴᠦᠮ᠎ᠠ ᠶᠢᠨ ᠵᠡᠪᠰᠡᠭ᠂ ᠠᠹᠭᠠᠨᠢᠰᠲ᠋ᠠᠠ᠂ ᠪᠢᠷᠮᠠ ᠵᠡᠷᠭᠡ ᠠᠰᠠᠭᠤᠲᠠᠯ ᠤᠨ ᠲᠤᠬᠠᠢ ᠰᠠᠨᠠᠯ ᠢᠶᠠᠨ ᠰᠤᠯᠢᠯᠴᠠᠵᠠᠢ᠃      ᠶᠠᠩ ᠵᠢᠶᠧ ‍ᠤᠤᠢ᠂ ᠸᠠᠩ ᠢ᠂ ᠡᡁᠧ ᠯᠢ ᠹᠧᠩ ᠨᠠᠷ ᠲᠦᠷᠦᠭᠦᠴᠤᠳ ᠤᠨ ᠬᠤᠷᠠᠯ ᠳᠤ ᠤᠷᠤᠯᠴᠠᠵᠠᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号