| ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ᠄ | 32 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠳᠤ ᠪᠦᠬᠦ ᠪᠦᠯᠬᠦᠮ ᠤᠨ ᠨᠥᠬᠦᠳ | ᠭᠠᠷᠮᠠᠭᠠᠶ ᠢᠯᠡᠷᠡᠯ ᠲᠠᠢ ᠪᠠᠶᠢᠵᠤ᠂ 38 ᠠᠯᠲᠠᠨ ᠮᠧᠳᠠᠯ᠂ 32 ᠮᠥᠩᠭᠦᠨ ᠮᠧᠳᠠᠯ᠂ 18 ᠬᠦᠷᠡᠯ ᠮᠧᠳᠠᠯ ᠤᠨ | ᠰᠢᠯᠢᠳᠡᠭ ᠬᠢᠷᠢ ᠪᠦᠲᠦᠮᠵᠢ ᠣᠯᠵᠤ᠂ ᠲᠠᠮᠢᠷ ᠤᠨ ᠬᠥᠳᠡᠯᠭᠡᠭᠡᠨ ᠤ ᠬᠢᠷᠢ ᠪᠦᠲᠦᠮᠵᠢ ᠪᠠ ᠣᠶᠤᠨ ᠤ ᠪᠣᠯᠪᠠᠰᠤᠨ ᠤ | ᠬᠤᠣᠰ ᠠᠮᠵᠢᠯᠲᠠ ᠶᠢ ᠪᠡᠶᠡᠯᠡᠭᠦᠯᠵᠦ᠂ ᠡᠬᠡ ᠤᠯᠤᠰ ᠪᠠ ᠠᠷᠠᠳ ᠲᠦᠮᠡᠨ ᠳᠡᠭᠡᠨ ᠢᠷᠠᠭᠤ ᠠᠯᠳᠠᠷ ᠢ ᠠᠪᠴᠢᠷᠠᠬᠰᠡᠨ | ᠪᠠᠶᠢᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠲᠠ ᠨᠠᠷ ᠲᠤ ᠬᠠᠯᠠᠭᠤᠨ ᠪᠠᠶᠠᠷ | ᠬᠦᠷᠭᠡᠬᠦ ᠶᠢᠨ ᠬᠠᠮᠲᠤ ᠳᠣᠲᠣᠨᠣ ᠲᠣᠬᠤᠨᠢᠭᠤᠯᠤᠯ ᠬᠦᠷᠭᠡᠵᠦ ᠪᠠᠶᠢᠨ᠎ᠠ︕ | ᠲᠠ ᠨᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠤᠷᠤᠯᠳᠤᠭᠠᠨ ᠳᠤ | ᠪᠡᠯᠡᠳᠭᠡᠵᠤ ᠤᠷᠤᠯᠳᠤᠭᠠᠨ ᠳᠤ ᠣᠷᠣᠯᠴᠠᠬᠤ ᠳᠤ ᠤᠴᠠᠷᠠᠭᠤᠯᠤᠭᠰᠠᠨ ᠬᠦᠨᠳᠦ ᠬᠡᠴᠡᠭᠦᠦ ᠥᠷᠢᠰᠥᠯᠳᠦᠭᠡᠨ ᠢ ᠢᠯᠡᠨ | ᠳᠠᠪᠠᠵᠤ᠂ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠵᠤ᠂ | ᠵᠣᠷᠢᠭᠲᠠᠶ ᠪᠠᠷ ᠲᠦᠷᠦᠭᠦᠯᠡᠵᠦ᠂ ᠵᠣᠷᠢᠭᠲᠠᠶ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠤᠷᠤᠯᠳᠤᠭᠠᠨ ᠳᠤ | ᠣᠷᠣᠯᠴᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠥᠩᠭᠡᠷᠡᠭᠰᠡᠨ 16 ᠡᠳᠦᠷ ᠲᠤ᠂ ᠡᠬᠡ ᠤᠯᠤᠰ | ᠪᠣᠯᠤᠨ ᠠᠷᠠᠳ ᠲᠦᠮᠡᠨ ᠲᠠ ᠨᠠᠷ ᠤᠨ ᠤᠷᠤᠯᠳᠤᠭᠠᠨ ᠤ ᠲᠠᠯᠠᠪᠤᠷ ᠲᠠᠬᠢ ᠰᠢᠯᠢᠳᠡᠭ ᠢᠯᠡᠷᠡᠯ ᠢ ᠲᠦᠢᠯ ᠢᠶᠠᠷ | ᠠᠩᠬᠠᠷᠴᠤ᠂ ᠮᠠᠨ ᠤ ᠤᠯᠤᠰ ᠤᠨ ᠲᠠᠮᠢᠷᠴᠢᠳ ᠤᠨ ᠣᠯᠤᠭᠰᠠᠨ ᠬᠢᠷᠢ ᠪᠦᠲᠦᠮᠵᠢ ᠨᠢᠭᠡ ᠪᠦᠷᠢ ᠳᠤ ᠪᠠᠶᠠᠷᠯᠡᠨ | ᠣᠮᠣᠭᠰᠢᠬᠰᠠᠨ ᠪᠠᠶᠢᠨ᠎ᠠ᠃ ᠲᠠ ᠨᠠᠷ ᠨᠠᠮ ᠪᠣᠯᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠵᠣᠷᠢᠭᠲᠠᠢ ᠪᠠᠷ ᠦᠷᠢᠰᠦᠯᠳᠦᠵᠦ᠂ ᠥᠪᠡᠷ ᠢ ᠪᠠᠨ ᠢᠯᠡᠨ ᠳᠠᠪᠠᠵᠤ᠂ ᠳᠤᠮᠳᠠᠳᠤ ᠤᠯᠤᠰ ᠤᠨ ᠬᠦᠴᠦᠨ ᠴᠢᠳᠠᠯ ᠢ | ᠪᠠᠳᠠᠷᠠᠭᠤᠯᠵᠤ᠂ ᠣᠮᠤᠭ ᠲᠡᠭᠦᠯᠳᠡᠷ ᠲᠡᠮᠡᠴᠡᠯ ᠤᠨ ᠵᠣᠷᠢᠭ᠂ ᠬᠠᠳᠠᠨ ᠪᠠᠲᠤ ᠣᠪᠣᠷ ᠰᠤᠷᠲᠠᠯ᠂ ᠭᠠᠷᠮᠠᠭᠠᠢ ᠤᠷ᠎ᠠ | ᠴᠢᠳᠠᠪᠤᠷᠢ ᠪᠠᠨ ᠢᠯᠡᠷᠡᠭᠦᠯᠵᠦ᠂ ᠣᠯᠢᠮᠫᠢᠺ ᠤᠨ ᠵᠣᠷᠢᠭ ᠰᠠᠨᠠᠭ᠎ᠠ ᠪᠣᠯᠤᠨ ᠳᠤᠮᠳᠠᠳᠤ ᠶᠢᠨ ᠪᠡᠶ᠎ᠡ ᠶᠢᠨ ᠲᠠᠮᠢᠷ ᠤᠨ | ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠵᠤ᠂ ︽ᠡᠭᠦᠷᠭᠡ ᠬᠠᠷᠢᠭᠤᠴᠠᠯᠭ᠎ᠠ ᠪᠠᠨ ᠡᠬᠦᠷᠭᠡᠯᠡᠵᠤ᠂ | ᠡᠷᠡᠮᠡᠬᠡᠶᠢᠯᠡᠨ ᠲᠡᠮᠡᠴᠡᠬᠦ︾ ᠠᠮᠢᠳᠤᠷᠠᠬᠤᠢ ᠶᠢᠨ ᠲᠠᠩᠭᠠᠷᠢᠭ ᠢᠶᠠᠨ ᠪᠡᠶᠡᠯᠡᠭᠦᠯᠪᠡ᠃ ᠲᠠ ᠨᠠᠷ ᠳᠡᠯᠡᠬᠡᠢ ᠶᠢᠨ ᠡᠯ᠎ᠡ | ᠤᠯᠤᠰ ᠡᠯ᠎ᠡ ᠭᠠᠵᠠᠷ ᠣᠷᠣᠨ ᠤ ᠲᠠᠮᠢᠷᠴᠢᠳ ᠲᠠᠢ ᠬᠠᠮᠲᠤ ᠤᠷᠤᠯᠳᠤᠵᠤ᠂ ᠬᠠᠷᠢᠯᠴᠠᠨ ᠵᠥᠪᠳᠡᠯᠴᠡᠵᠦ᠂ | ᠰᠣᠯᠢᠯᠴᠠᠭ᠎ᠠ ᠪᠠᠨ ᠠᠬᠢᠭᠤᠯᠵᠤ᠂ ᠨᠥᠬᠦᠷᠯᠡᠯ ᠢᠶᠠᠨ ᠵᠤᠵᠠᠭᠠᠳᠬᠠᠵᠠᠢ᠃ ᠲᠠ ᠨᠠᠷ ᠤᠨ ᠭᠠᠷᠮᠠᠭᠠᠢ ᠢᠯᠡᠷᠡᠯ | ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠯᠤᠰ ᠢᠶᠠᠨ ᠬᠠᠶᠢᠷᠠᠯᠠᠬᠤ | ᠬᠠᠯᠠᠭᠤᠨ ᠰᠡᠳᠬᠢᠯᠭᠡ ᠶᠢ ᠤᠯᠠᠮ ᠴᠢᠨᠠᠬᠰᠢᠳᠠ ᠬᠥᠭᠵᠢᠭᠡᠵᠦ᠂ ᠪᠦᠬᠦ ᠨᠠᠮ ᠪᠦᠬᠦ ᠤᠯᠤᠰ ᠤᠨ ᠦᠨᠳᠦᠰᠦᠲᠡᠨ | ᠨᠦᠭᠦᠳ ᠤᠨ ᠠᠷᠠᠳ ᠲᠦᠮᠡᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠳᠤ ᠪᠦᠯᠬᠦᠮᠳᠡᠨ ᠲᠡᠮᠡᠴᠡᠵᠥ᠂ ᠰᠡᠳᠬᠢᠯ ᠨᠢᠭᠡᠳᠤᠨ ᠬᠦᠴᠦ ᠪᠠᠨ ᠬᠠᠮᠲᠤᠳᠬᠠᠬᠤ ᠳᠤ | ᠤᠶᠤᠨ ᠰᠠᠨᠠᠭᠠᠨ ᠤ ᠬᠦᠴᠦᠨ ᠴᠢᠳᠠᠯ ᠨᠡᠮᠡᠷᠢᠯᠡᠪᠠ᠃ | ᠣᠳᠣᠬᠠᠨ ᠳᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠶᠠᠭ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠣᠮᠤᠭ ᠲᠡᠭᠦᠯᠳᠡᠷ ᠤᠷᠤᠭᠰᠢᠯᠠᠵᠤ ᠪᠠᠶᠢᠨ᠎ᠠ᠃ ᠲᠠ | ᠨᠠᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠢᠷᠠᠭᠤ ᠠᠯᠳᠠᠷᠲᠤ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ | ᠪᠠᠷᠳᠠᠮᠨᠠᠬᠤ ᠦᠭᠡᠢ ᠪᠠᠴᠢᠮᠳᠠᠬᠤ ᠦᠭᠡᠢ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠮᠠᠨ ᠤ ᠤᠯᠤᠰ ᠤᠨ | ᠥᠷᠢᠰᠥᠯᠳᠦᠭᠡᠨᠳᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ | ᠤᠯᠤᠰ ᠲᠠᠭᠠᠨ ᠢᠷᠠᠭᠤ ᠠᠯᠳᠠᠷ ᠣᠯᠭᠤᠬᠤ ᠴᠢᠳᠠᠪᠤᠷᠢ ᠪᠠᠨ ᠳᠡᠭᠡᠭᠰᠢᠯᠡᠭᠦᠯᠵᠦ᠂ ᠥᠷᠭᠡᠨ ᠤᠯᠠᠨ ᠠᠷᠠᠳ ᠲᠦᠮᠡᠨ | ᠢᠯᠠᠩᠭᠤᠶ᠎ᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ | ᠰᠡᠳᠬᠢᠯᠭᠡ ᠶᠢ ᠬᠥᠭᠵᠢᠭᠡᠵᠦ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠲᠠᠶᠢᠴᠢᠯᠠᠵᠥ᠂ ᠠᠷᠠᠳ | ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠭᠡᠨ | ᠪᠠᠶᠢᠭᠤᠯᠤᠯᠲᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠬᠦᠴᠦᠨ ᠢᠶᠠᠨ ᠡᠷᠭᠦᠬᠦ ᠶᠢ ᠬᠦᠰᠡᠵᠦ ᠪᠠᠶᠢᠨ᠎ᠠ᠃ | ᠡᠬᠡ ᠤᠯᠤᠰ ᠪᠣᠯᠤᠨ ᠠᠷᠠᠳ ᠲᠦᠮᠡᠨ ᠴᠢᠨᠢ ᠲᠠ ᠨᠠᠷ ᠤᠨ ᠠᠮᠤᠷ ᠲᠦᠪᠰᠢᠨ ᠤᠷᠤᠭᠰᠢᠲᠠᠶ ᠪᠤᠴᠠᠵᠤ | ᠢᠷᠡᠬᠦ ᠶᠢ ᠬᠦᠰᠡᠨ ᠬᠦᠯᠢᠶᠠᠵᠤ ᠪᠠᠶᠢᠨ᠎ᠠ︕ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ | 2021 ᠣᠨ ᠤ 8 ᠰᠠᠷ᠎ᠠ ᠶᠢᠨ 8 ᠤ ᠡᠳᠦᠷ | ︵ᠰᠢᠨᠬᠤᠸᠠ ᠬᠤᠷᠢᠶᠠᠨ ᠤ ᠪᠡᠬᠡᠵᠢᠩ ᠤᠨ 8 ᠰᠠᠷ᠎ᠠ ᠶᠢᠨ 8 ᠤ ᠴᠠᠬᠢᠯᠭᠠᠨ ᠮᠡᠳᠡᠭᠡ︶ | | | | |