ᠯᠢ ᠬᠦᠢ
ᠨᠡᠶᠢᠲᠡᠯᠡᠭᠰᠡᠨ ᠴᠠᠭ᠄
2021/8/11
   ᠲᠤᠰᠢᠶᠠᠯ      ᠬᠤᠰᠢᠭᠤ ᠲᠡᠳ᠋ ᠳᠠᠷᠤᠭ᠎ᠠ ᠠᠵᠢᠯ ᠤᠨ ᠬᠤᠪᠢᠶᠠᠷᠢᠯᠠᠯ     ᠬᠤᠰᠢᠭᠤ ᠳᠠᠷᠤᠭ᠎ᠠ ᠶᠢ ᠬᠠᠮᠵᠢᠨ ᠰᠣᠶᠣᠯ ᠵᠢᠭᠤᠯᠴᠢᠯᠠᠯ᠂ ᠠᠵᠢᠯᠲᠠᠨ ᠤ ᠶᠠᠪᠤᠳᠠᠯ ᠬᠥᠳᠡᠯᠮᠦᠷᠢ᠂ ᠡᠮ ᠡᠮᠨᠡᠯᠭᠡ ᠶᠢᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠠᠵᠢᠯ ᠢ ᠬᠠᠷᠢᠭᠤᠴᠠᠵᠤ᠂ ᠣᠷᠳᠣᠰ ᠤᠨ ᠰᠣᠶᠣᠯ ᠤᠨ ᠠᠵᠤ ᠦᠶᠯᠡᠰ ᠤᠨ ᠬᠥᠭᠵᠢᠯᠲᠡ ᠶᠢᠨ ᠲᠥᠪ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠶᠯᠡᠰ ᠤᠨ ᠲᠥᠪ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠡᠮᠨᠡᠯᠭᠡ ᠶᠢᠨ ᠪᠠᠲᠤᠯᠠᠭ᠎ᠠ ᠎ ᠶᠢᠨ ᠲᠣᠪᠴᠢᠶ᠎ᠠ᠂ ᠰᠣᠶᠣᠯ ᠦᠵᠡᠰᠬᠦᠯᠡᠩ ᠤᠨ ᠦᠶᠯᠡᠰ ᠤᠨ ᠬᠥᠭᠵᠢᠯᠲᠡ ᠶᠢᠨ ᠲᠥᠪ᠂ ᠡᠵᠡᠨ ᠬᠤᠷᠤᠭ᠎ᠠ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠤᠨ ᠡᠷᠳᠡᠨᠢ ᠶᠢᠨ ᠲᠤᠪᠴᠢ ᠰᠤᠶᠤᠯ ᠤᠨ ᠠᠵᠤ ᠦᠶᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢ ᠪᠣᠳᠠᠲᠠᠶ ᠬᠤᠪᠢᠳᠠᠨ ᠬᠠᠮᠢᠶᠠᠷᠤᠨ᠎ᠠ᠃ ᠬᠤᠪᠢ ᠬᠦᠮᠦᠨ ᠤ ᠲᠠᠨᠢᠯᠴᠠᠭᠤᠯᠭ᠎ᠠ     ᠯᠢ ᠬᠦᠶ᠂ ᠡᠷᠡᠭᠲᠡᠶ᠂ ᠬᠢᠲᠠᠳ ᠦᠨᠳᠦᠰᠦᠲᠡᠨ᠂ 1976 ᠣᠨ ᠤ 12 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠳᠠᠯᠠᠳ ᠬᠤᠰᠢᠭᠤᠨ ᠤ ᠬᠦᠮᠦᠨ᠂ ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2006 ᠣᠨ ᠤ 6 ᠰᠠᠷ᠎ᠠ ᠳᠤ ᠨᠠᠮ ᠳᠤ ᠣᠷᠣᠵᠤ᠂ 1998 ᠣᠨ ᠤ 9 ᠰᠠᠷ᠎ᠠ ᠳᠤ ᠠᠵᠢᠯ ᠳᠤ ᠣᠷᠣᠵᠠᠶ  ᠃ ᠤᠳᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ  ᠃     1994 . 09 ᠊᠊᠊᠊ 1998 . 06 ᠥᠪᠥᠷ ᠮᠣᠩᠭᠤᠯ ᠤᠨ ᠪᠠᠷᠢᠯᠭ᠎ᠠ ᠶᠢᠨ ᠰᠤᠷᠭᠠᠭᠤᠯᠢ ᠶᠢᠨ ᠵᠠᠰᠠᠯ ᠴᠢᠮᠡᠭᠯᠡᠯ ᠤᠨ ᠲᠤᠰᠬᠠᠢ ᠮᠡᠷᠭᠡᠵᠢᠯ ᠳᠤ ᠰᠤᠷᠤᠯᠴᠠᠪᠠ     1998 . 06 ᠊᠊᠊᠊ 1998 . 09 ᠠᠵᠢᠯ ᠬᠤᠪᠢᠶᠠᠷᠢᠯᠠᠬᠤ ᠶᠢ ᠬᠦᠯᠢᠶᠡᠪᠡ᠃     1998 . 09 ᠊᠊᠊᠊ 2007 . 10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠵᠤᠤ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠪᠠᠷᠠᠭᠠᠨ ᠤ ᠦᠨ᠎ᠡ ᠶᠢᠨ ᠲᠣᠪᠴᠢᠶ᠎ᠠ ᠳᠤ ᠠᠵᠢᠯᠯᠠᠪᠠ᠃     2007 . 10 ᠊᠊᠊᠊ 2010 . 01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠦᠢᠯᠡᠳᠪᠦᠷᠢ ᠬᠤᠳᠠᠯᠳᠤᠭᠠᠨ ᠤ ᠲᠣᠪᠴᠢᠶᠠᠨ ᠤ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ᠃     2010 . 01 ᠊᠊᠊᠊ 2010 . 09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ᠃     2010 . 09 ᠊᠊᠊᠊ 2011 . 12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ᠃     2011 . 12 ᠊᠊᠊᠊ 2019 . 04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠠᠭᠤᠷᠢ ᠠᠵᠤ ᠦᠢᠯᠡᠰ ᠤᠨ ᠰᠠᠯᠠᠭᠠᠨ ᠤ ᠳᠠᠷᠤᠭ᠎ᠠ᠃     2019 . 04 ᠊᠊᠊᠊ 2019 . 06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠪᠠᠶᠢᠴᠠᠭᠠᠨ ᠰᠤᠳᠤᠯᠤᠭᠴᠢ᠃     2019 . 06 ᠊᠊᠊᠊ 2021 . 06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠃     2021 . 06 ᠊᠊᠊᠊ 2021 . 07 ᠥᠪᠥᠷ ᠮᠣᠩᠭᠤᠯ ᠤᠨ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠎ ᠤ ᠨᠠᠮ ᠤᠨ ᠳᠤᠭᠤᠶᠢᠯᠠᠩ ᠤᠨ ᠬᠡᠰᠢᠬᠦᠨ᠂ ᠬᠤᠰᠢᠭᠤ ᠲᠡᠳ᠋ ᠳᠠᠷᠤᠭ᠎ᠠ ᠪᠠᠷ ᠵᠢᠱᠢᠭᠳᠡᠪᠡ᠃     2021 . 07 ᠥᠪᠥᠷ ᠮᠣᠩᠭᠤᠯ ᠤᠨ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ  ᠬᠡᠰᠢᠬᠦᠨ᠂ ᠬᠤᠰᠢᠭᠤ ᠳᠡᠳ᠋ ᠳᠠᠷᠤᠭ᠎ᠠ᠃
ᠢᠷᠡᠯᠲᠡ᠄ ᠲᠤᠰ ᠰᠦᠯᠵᠢᠶ᠎ᠡ