ᠭᠤᠤ ᠰᠢᠶᠤᠤ ᠬᠤᠩ
ᠨᠡᠶᠢᠲᠡᠯᠡᠭᠰᠡᠨ ᠴᠠᠭ᠄
2021/8/12
ᠲᠤᠰᠢᠶᠠᠯ      ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠎ ᠤᠨ ᠤᠳᠤᠷᠢᠳᠬᠤ ᠲᠤᠭᠤᠶᠢᠯᠠᠩ ᠤᠨ ᠬᠡᠰᠢᠬᠦᠨ᠂ ᠲᠡᠳ᠋ ᠡᠷᠬᠢᠯᠡᠭᠴᠢᠠᠵᠢᠯ ᠤᠨ ᠬᠤᠪᠢᠶᠠᠷᠯᠠᠯ      ᠡᠷᠬᠢᠯᠡᠭᠴᠢ ᠶᠢ ᠬᠠᠪᠰᠤᠷᠤᠨ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯ᠂ ᠠᠵᠢᠯᠳᠠᠨ ᠢ ᠲᠤᠮᠢᠯᠠᠵᠤ ᠪᠠᠭᠤᠯᠭᠠᠬᠤ ᠂ ᠲᠦᠯᠦᠬᠡᠯᠡᠭᠴᠢᠳ ᠲᠠᠢ ᠬᠠᠷᠢᠯᠴᠠᠬᠤ᠂ ᠬᠤᠭᠤᠴᠠᠭ᠎ᠠ ᠰᠤᠯᠢᠬᠤ ᠰᠤᠩᠭᠤᠭᠤᠯᠢ᠂ ᠲᠠᠷᠢᠶᠠᠯᠠᠩ ᠮᠠᠯ ᠠᠵᠤ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠠᠯ᠎ᠠ ᠶᠢᠨ ᠠᠵᠢᠯ ᠢ ᠬᠠᠷᠢᠭᠤᠴᠠᠵᠤ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠠᠯᠪᠠᠨ ᠬᠡᠷ᠂ ᠰᠤᠩᠭᠤᠭᠤᠯᠢ ᠲᠤᠮᠢᠯᠠᠵᠤ ᠪᠠᠭᠤᠯᠭᠠᠬᠤ ᠬᠠᠷᠢᠯᠴᠠᠬᠤ ᠠᠵᠢᠯ ᠤᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠤᠷᠴᠢᠨ ᠲᠤᠭᠤᠷᠢᠨ ᠤ ᠡᠬᠢ ᠪᠠᠶᠠᠯᠢᠭ ᠤᠨ ᠠᠵᠢᠯ ᠤᠨ ᠵᠦᠪᠯᠡᠯ ︵ᠲᠠᠷᠢᠶᠠᠯᠠᠩ ᠮᠠᠯ ᠠᠵᠤ ᠠᠬᠤᠢ ᠶᠢᠨ ᠠᠵᠢᠯ︶᠎ ᠢ ᠬᠤᠪᠢᠳᠠᠨ ᠬᠠᠮᠢᠶᠠᠷᠤᠨ᠎ᠠ᠃ᠬᠤᠪᠢ ᠬᠦᠮᠦᠨ ᠤ ᠲᠤᠪᠴᠢ ᠨᠠᠮᠳᠠᠷ      ᠭᠤᠤ ᠰᠢᠶᠤᠤ ᠬᠤᠩ᠂ ᠡᠮᠡᠭᠳᠠᠢ᠂ ᠬᠢᠳᠠᠳ ᠦᠨᠳᠦᠰᠦᠳᠡᠨ᠂ 1965 ᠤᠨ ᠤ 5 ᠰᠠᠷ᠎ᠠ ᠳᠤ ᠲᠦᠷᠦᠵᠦ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠃      1983.05 -- 1993.11 ᠡᠵᠡᠨ ᠬᠤᠷᠤᠭ᠎ᠠ ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶᠠᠨ ᠳᠤ ᠠᠵᠢᠯᠯᠠᠵᠤ ᠪᠠᠶᠢᠪᠠ᠃      1993.11 -- 1999.06 ᠡᠵᠡᠨ ᠬᠤᠷᠤᠭ᠎ᠠ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠡᠭᠦᠷᠭᠡᠯᠡᠵᠤ ᠪᠠᠶᠢᠪᠠ᠃     1999.06 -- 2000.07 ᠡᠵᠡᠨ ᠬᠤᠷᠤᠭ᠎ᠠ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶᠠᠨ ᠤ ᠳᠡᠳ᠋ ᠳᠠᠷᠤᠭ᠎ᠠ᠂ ᠨᠠᠮ ᠤᠨ ᠡᠭᠦᠷ ᠤᠨ ᠱᠦᠵᠢ ᠶᠢᠨ ᠲᠤᠰᠢᠶᠠᠯ ᠡᠭᠦᠷᠭᠡᠯᠡᠵᠤ ᠪᠠᠶᠢᠪᠠ᠃      2000.07 -- 2005.11 ᠡᠵᠡᠨ ᠬᠤᠷᠤᠭ᠎ᠠ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶᠠᠨ ᠳᠠᠷᠤᠭ᠎ᠠ ᠶᠢᠨ ᠲᠤᠰᠢᠶᠠᠯ ᠡᠭᠦᠷᠭᠡᠯᠡᠵᠤ ᠪᠠᠶᠢᠪᠠ  ᠃      2005.11 -- 2010.01 ᠡᠵᠡᠨ ᠬᠤᠷᠤᠭ᠎ᠠ ᠬᠤᠰᠢᠭᠤᠨ ᠤ ᠬᠦᠮᠦᠨ ᠠᠮᠠ ᠬᠢᠭᠡᠳ ᠲᠦᠯᠦᠪᠭᠡᠲᠦ ᠦᠷᠡᠵᠢᠯ ᠤᠨ ᠲᠤᠪᠴᠢᠶᠠᠨ ᠳᠠᠷᠤᠭ᠎ᠠ ᠶᠢᠨ ᠲᠤᠰᠢᠶᠠᠯ ᠡᠭᠦᠷᠭᠡᠯᠡᠵᠤ ᠪᠠᠶᠢᠪᠠ᠃      2010.01 -- 2012.11 ᠡᠵᠡᠨ ᠬᠤᠷᠤᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠳᠠᠷᠤᠭ᠎ᠠ ᠶᠢᠨ ᠲᠤᠰᠢᠶᠠᠯ ᠡᠭᠦᠷᠭᠡᠯᠡᠵᠤ ᠪᠠᠶᠢᠪᠠ᠃      2012.11-- 2021.06  ᠡᠵᠡᠨ ᠬᠤᠷᠤᠭ᠎ᠠ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠎ ᠤᠨ ᠲᠤᠭᠤᠶᠢᠯᠠᠩ ᠤᠨ ᠬᠡᠰᠢᠬᠦᠨ᠂ ᠳᠡᠳ᠋ ᠲᠡᠷᠢᠭᠦᠯᠡᠭᠴᠢ ᠶᠢᠨ ᠲᠤᠰᠢᠶᠠᠯ ᠡᠭᠦᠷᠭᠡᠯᠡᠵᠤ ᠪᠠᠶᠢᠪᠠ᠃      2021.06 -- 2022.01  ᠡᠵᠡᠨ ᠬᠤᠷᠤᠭ᠎ᠠ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠬᠦᠨ᠂ ᠲᠡᠳ᠋ ᠡᠷᠬᠢᠯᠡᠭᠴᠢ ᠶᠢᠨ ᠨᠡᠷ᠎ᠡ ᠵᠢᠱᠢᠭᠳᠡᠭᠴᠢ᠂ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠃      2022.01   ᠡᠵᠡᠨ ᠬᠤᠷᠤᠭ᠎ᠠ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠬᠦᠨ᠂ ᠲᠡᠳ᠋ ᠡᠷᠬᠢᠯᠡᠭᠴᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号