ᠾᠧ ᠰᠢᠶᠠᠩ ᠭᠥᠸᠧ
ᠨᠡᠶᠢᠲᠡᠯᠡᠭᠰᠡᠨ ᠴᠠᠭ᠄
2021/8/12
ᠲᠤᠰᠢᠶᠠᠯ     ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠎ ᠶᠢᠨ ᠬᠤᠷᠢᠶᠠᠨ ᠤ ᠱᠦᠵᠢᠠᠵᠢᠯ ᠤᠨ ᠬᠤᠪᠢᠶᠠᠷᠯᠠᠯ     ᠤᠬᠠᠭᠤᠯᠬᠤ᠂ ᠦᠵᠡᠯ ᠰᠠᠨᠠᠭ᠎ᠠ ᠵᠡᠷᠬᠡ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠵᠢᠯ ᠪᠠ ᠰᠤᠷᠭᠠᠨ ᠬᠦᠮᠦᠵᠢᠯ ᠪᠡᠶ᠎ᠡ ᠶᠢᠨ ᠲᠠᠮᠢᠷ᠂ ᠡᠷᠡᠬᠦᠯ ᠬᠠᠮᠠᠭᠠᠯᠠᠯ ᠡᠷᠡᠬᠦᠯ ᠴᠢᠬᠢᠷᠠᠭ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ᠂ ᠰᠤᠶᠤᠯ ᠵᠢᠭᠤᠯᠴᠢᠯᠠᠯ ᠤᠨ ᠠᠵᠢᠯ ᠵᠢᠴᠢ ᠪᠦᠬᠦ ᠬᠤᠰᠢᠭᠤᠨ ᠤ ᠪᠤᠯᠪᠠᠰᠤᠨ ᠬᠤᠳᠠ ᠶᠢᠨ ᠡᠬᠦᠳᠦᠨ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ ᠰᠦᠯᠵᠢᠶᠡᠨ ᠤ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠦᠪ᠂ ᠤᠳᠬ᠎ᠠ ᠤᠷᠠᠯᠢᠭ ᠤᠨ ᠬᠢᠨ ᠤ ᠬᠤᠯᠪᠤᠭᠠᠳᠤ ᠬᠤᠷᠠᠯ᠂ ᠬᠠᠮ ᠵᠠᠭᠤᠴᠢᠯᠠᠭᠤᠷ ᠤᠨ ᠲᠦᠪ ᠢ ᠬᠤᠪᠢᠳᠠᠨ ᠬᠠᠮᠢᠶᠠᠷᠤᠨ᠎ᠠ᠃ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠠ᠂ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠰᠤᠶᠤᠯ ᠪᠠ ᠵᠢᠭᠤᠯᠴᠢᠯᠠᠯ ᠤᠨ ᠲᠤᠪᠴᠢᠶ᠎ᠠ᠂ ᠤᠷᠳᠤᠰ ᠡᠷᠳᠡᠨᠢ ᠶᠢᠨ ᠲᠤᠪᠴᠢ ᠰᠤᠶᠤᠯ ᠤᠨ ᠠᠵᠤ ᠦᠢᠯᠡᠰ ᠤᠨ ᠬᠦᠷᠢᠶᠡᠯᠡᠩ᠂ ᠡᠵᠡᠨ ᠬᠤᠷᠤᠭ᠎ᠠ ᠬᠤᠰᠢᠭᠤᠨ ᠤ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠠᠵᠢᠯ ᠲᠦᠷᠦᠯ ᠢ ᠬᠤᠪᠢᠳᠠᠨ ᠬᠠᠮᠢᠶᠠᠷᠤᠨ᠎ᠠ᠃ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠤᠨ ᠲᠠᠢ ᠬᠠᠷᠢᠯᠴᠠᠨ᠎ᠠ᠂ ᠠᠯᠳᠠᠨᠰᠢᠷᠡᠭᠡ ᠪᠠᠯᠭᠠᠰᠤ ᠶᠢ ᠲᠠᠭᠠᠭᠠᠴᠢᠯᠠᠨ ᠬᠤᠯᠪᠤᠭᠠᠯᠠᠨ᠎ᠠ᠃ᠲᠤᠪᠴᠢ ᠨᠠᠮᠳᠠᠷ     ᠾᠧ ᠰᠢᠶᠠᠩ ᠭᠥᠸᠧ᠂ ᠡᠷᠡᠭᠳᠠᠢ᠂ ᠮᠤᠩᠭᠤᠯ ᠦᠨᠳᠦᠰᠦᠳᠡᠨ᠂ 1972 ᠤᠨ ᠤ 6 ᠰᠠᠷ᠎ᠠ ᠳᠤ ᠲᠦᠷᠦᠵᠦ᠂ ᠦᠪᠦᠷ ᠮᠤᠩᠭᠤᠯ ᠤᠨ ᠲᠦᠩᠯᠢᠶᠤᠤ ᠬᠤᠳᠠ ᠶᠢᠨ ᠬᠦᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠳᠠᠷ᠂ 1994 ᠤᠨ ᠤ 8 ᠰᠠᠷ᠎ᠠ ᠳᠤ ᠠᠵᠢᠯ ᠳᠤ ᠭᠠᠷᠴᠤ᠂ 1998 ᠤᠨ ᠤ 9 ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠪᠠ᠃      1991.09 ᠊᠊ 1994.07  ᠦᠪᠦᠷ ᠮᠤᠩᠭᠤᠯ ᠤᠨ ᠪᠤᠭᠤᠳᠤ ᠬᠤᠳᠠ ᠶᠢᠨ ᠪᠠᠭᠰᠢ ᠶᠢᠨ ᠮᠡᠷᠬᠡᠵᠢᠯ ᠤᠨ ᠲᠤᠰᠬᠠᠢ ᠰᠤᠷᠭᠠᠭᠤᠯᠢ ᠳᠤ ᠰᠤᠷᠤᠯᠴᠠᠵᠤ ᠪᠠᠶᠢᠪᠠ᠃      1994.08 ᠊᠊ 1995.08  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠤᠰᠢᠨ ᠬᠤᠰᠢᠭᠤᠨ ᠤ ᠲᠠᠪᠴᠠᠭ ᠪᠠᠯᠭᠠᠰᠤᠨ ᠤ ᠲᠤᠮᠳᠠᠳᠤ ᠰᠤᠷᠭᠠᠭᠤᠯᠢ ᠳᠤ ᠪᠠᠭᠰᠢᠯᠠᠵᠤ ᠪᠠᠶᠢᠪᠠ᠃      1995.08 ᠊᠊᠊ 2004.03  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠤᠰᠢᠨ ᠬᠤᠰᠢᠭᠤᠨ ᠤ ᠵᠠᠰᠠᠭ ᠤᠨ ᠤᠷᠳᠤᠨ ᠳᠤ ᠠᠵᠢᠯᠯᠠᠵᠤ᠂ 1999.02 ᠲᠡᠳ᠋ ᠰᠠᠯᠠᠭᠠᠨ ᠲᠡᠰ ᠤᠨ ᠨᠠᠷᠢᠨ ᠪᠢᠴᠢᠬᠡᠴᠢ ᠂ 2002.06 ᠵᠠᠰᠠᠭ ᠤᠨ ᠤᠷᠳᠤᠨ ᠤ ᠠᠯᠪᠠᠨ ᠤᠨ ᠬᠡᠷ ᠤᠨ ᠲᠡᠳ᠋ ᠡᠷᠬᠢᠯᠡᠭᠴᠢ ᠶᠢᠨ ᠲᠤᠰᠢᠶᠠᠯ ᠡᠬᠦᠷᠬᠡᠯᠡᠵᠦ᠂ ︵ᠲᠤᠰ ᠬᠤᠭᠤᠴᠠᠭᠠᠨ ᠳᠤ᠄ 1994.01 ᠊᠊᠊ 1996.06 ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠎ ᠶᠢᠨ ᠬᠢᠳᠠᠳ ᠬᠡᠯᠡ ᠤᠳᠬ᠎ᠠ ᠵᠤᠬᠢᠶᠠᠯ ᠤᠨ ᠲᠤᠰᠬᠠᠢ ᠮᠡᠷᠬᠡᠵᠢᠯ ᠢ ᠰᠤᠷᠤᠯᠴᠠᠵᠤ ᠪᠠᠶᠢᠪᠠ᠃︶      2004.03 ᠊᠊᠊ 2005.10 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠤᠰᠢᠨ ᠬᠤᠰᠢᠭᠤᠨ ᠤ ᠲᠤᠭ ᠪᠠᠯᠭᠠᠰᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠲᠠᠷᠤᠭ᠎ᠠ ᠎ ᠶᠢᠨ ᠲᠤᠰᠢᠶᠠᠯ ᠢ ᠡᠬᠦᠷᠬᠡᠯᠡᠵᠦ ᠪᠠᠶᠢᠪᠠ᠃      2005.10 ᠊᠊᠊ 2006.09  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠤᠰᠢᠨ ᠬᠤᠰᠢᠭᠤᠨ ᠤ ᠰᠦᠯᠳᠡ ᠰᠤᠮᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠰᠤᠮᠤᠨ ᠲᠠᠷᠤᠭ᠎ᠠ ᠶᠢᠨ ᠲᠤᠰᠢᠶᠠᠯ ᠢ ᠡᠬᠦᠷᠬᠡᠯᠡᠵᠦ ᠪᠠᠶᠢᠪᠠ᠃      2006.09 ᠊᠊᠊᠊ 2009.06 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ᠃      2009.06 ᠊᠊᠊ 2016.06 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠤᠰᠢᠨ ᠬᠤᠰᠢᠭᠤᠨ ᠤ ᠵᠠᠰᠠᠭ ᠤᠨ ᠤᠷᠳᠤᠨ ᠲᠡᠳ᠋ ᠲᠠᠷᠤᠭ᠎ᠠ ︵ᠲᠤᠰ ᠬᠤᠭᠤᠴᠠᠭᠠᠨ ᠳᠤ᠄ 2008.09 ᠊᠊᠊ 2010.01 ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠰᠤᠳᠤᠯᠬᠤ ᠰᠤᠷᠤᠭᠴᠢ ᠶᠢᠨ ᠬᠦᠷᠢᠶᠡᠯᠡᠩ ᠤᠨ ᠨᠡᠶᠢᠳᠡ ᠎ ᠶᠢᠨ ᠬᠠᠮᠢᠶᠠᠷᠤᠯᠳᠠ ᠶᠢᠨ ᠲᠤᠰᠬᠠᠢ ᠮᠡᠷᠬᠡᠵᠢᠯ ᠳᠤ ᠰᠤᠷᠤᠯᠴᠠᠵᠤ ᠪᠠᠶᠢᠪᠠ᠃      2016.06 ᠊᠊᠊ 2021.06    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠎ ᠶᠢᠨ ᠲᠤᠰᠢᠶᠠᠯ ᠢ ᠡᠬᠦᠷᠬᠡᠯᠡᠵᠦ ᠪᠠᠶᠢᠨ᠎ᠠ᠃      2021.06 ᠊᠊᠊  ᠤᠳᠤ ᠪᠤᠯᠳᠠᠯ᠎ᠠ  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号