ᠵᠧᠦ ᠯᠢ ᠮᠢᠩ
ᠨᠡᠶᠢᠲᠡᠯᠡᠭᠰᠡᠨ ᠴᠠᠭ᠄
2021/8/12
ᠲᠤᠰᠢᠶᠠᠯ     ᠬᠤᠰᠢᠭᠤ ᠲᠡᠳ᠋ ᠳᠠᠷᠤᠭ᠎ᠠ ᠠᠵᠢᠯ ᠤᠨ ᠬᠤᠪᠢᠶᠠᠷᠢᠯᠠᠯ      ᠬᠤᠰᠢᠭᠤ ᠳᠠᠷᠤᠭ᠎ᠠ ᠶᠢ ᠬᠠᠪᠰᠤᠷᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠳᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠤᠷᠤᠨ ᠰᠠᠭᠤᠴᠠ ᠶᠢᠨ ᠪᠠᠳᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠪ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ᠂ ᠴᠡᠴᠡᠷᠯᠢᠭᠵᠢᠭᠦᠯᠭᠡ ᠨᠤᠭᠤᠭᠠᠷᠠᠭᠤᠯᠤᠯᠳᠠ ᠶᠢᠨ ᠲᠥᠪ᠂ ᠬᠤᠲᠠ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ ᠲᠥᠪ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠣᠭᠤᠳᠬᠤ ᠮᠡᠳᠡᠭᠡ ᠵᠠᠩᠭᠢ ᠶᠢᠨ ᠪᠠᠳᠤᠯᠠᠭ᠎ᠠ ᠶᠢᠨ ᠲᠥᠪ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠲᠣᠪᠴᠢᠶ᠎ᠠ᠂ ᠬᠡᠷ ᠪᠠᠶᠢᠰᠢᠩ ᠲᠠᠲᠠᠪᠤᠷᠢᠯᠠᠬᠤ ᠦᠶᠯᠡᠴᠢᠯᠡᠭᠡᠨ ᠤ ᠲᠥᠪ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠣᠷᠣᠯᠠᠨ ᠪᠠᠶᠢᠭᠤᠯᠬᠤ ᠲᠥᠪ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠪᠠᠯᠠ ᠣᠷᠣᠭᠤᠯᠤᠯᠲᠠ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠱᠧᠩ ᠶᠤᠸᠠᠨ ᠤᠰᠤᠨ ᠤ ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠬᠤᠶ ᠵᠥᠩ ᠦᠶᠯᠡᠴᠢᠯᠡᠭᠡᠨ ᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠵᠢᠦ ᠲᠠᠢ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠶᠢᠨ ᠲᠤ ᠾᠧ ᠾᠧ ᠬᠡᠮᠵᠢᠨ ᠵᠢᠷᠤᠭᠯᠠᠬᠤ ᠬᠢᠵᠠᠭᠠᠷᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠱᠠᠩ ᠱᠠᠨ ᠤᠰᠤ ᠬᠠᠩᠭᠠᠬᠤ ᠬᠢᠵᠠᠭᠠᠷᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠰᠢᠨ ᠶᠦᠩ ᠭᠠᠵᠠᠷ ᠰᠢᠷᠣᠶ ᠶᠢᠨ ᠡᠬᠢ ᠪᠠᠶᠠᠯᠢᠭ ᠢ ᠬᠤᠷᠢᠶᠠᠨ ᠬᠠᠳᠠᠭᠠᠯᠠᠵᠤ ᠪᠠᠯᠠ ᠣᠷᠣᠭᠤᠯᠬᠤ ᠬᠢᠵᠠᠭᠠᠷᠲᠤ ᠺᠣᠮᠫᠠᠨᠢ ᠂ ᠤᠷᠳᠤᠰ ᠬᠤᠳᠠ ᠶᠢᠨ ᠱᠧᠩ ᠳ᠋ᠢ ᠶᠤᠸᠠᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠵᠠᠭᠠᠷᠲᠤ ᠺᠣᠮᠫᠠᠨᠢ ᠶᠢ ᠪᠤᠳᠠᠳᠠᠢ ᠬᠤᠪᠢᠳᠠᠨ ᠬᠠᠮᠢᠶᠠᠷᠤᠨ᠎ᠠ᠃ ᠬᠤᠪᠢ ᠬᠦᠮᠦᠨ ᠤ ᠲᠠᠨᠢᠯᠴᠠᠭᠤᠯᠭ᠎ᠠ     ᠵᠧᠦ ᠯᠢ ᠮᠢᠩ᠂ ᠡᠷᠡᠭᠲᠡᠶ᠂ ᠮᠣᠩᠭᠤᠯ ᠦᠨᠳᠦᠰᠦᠲᠡᠨ᠂ 1981 ᠣᠨ ᠤ 10 ᠰᠠᠷ᠎ᠠ ᠳᠤ ᠳᠦᠷᠦᠵᠡᠶ᠂ ᠯᠢᠶᠣᠤᠨᠢᠩ ᠮᠤᠵᠢ ᠶᠢᠨ ᠵᠠᠩ ᠡᠤ ᠰᠢᠶᠠᠨ ᠤ ᠬᠦᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2007 ᠣᠨ ᠤ 8 ᠰᠠᠷ᠎ᠠ ᠳᠤ ᠠᠵᠢᠯ ᠳᠤ ᠣᠷᠣᠵᠤ᠂ 2004 ᠣᠨ ᠤ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ  ᠃ ᠤᠳᠤ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ  ᠃    2000.09 ᠊᠊᠊᠊ 2004.07 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠲᠤᠰᠬᠠᠢ ᠮᠡᠷᠭᠡᠵᠢᠯ ᠳᠤ ᠰᠣᠷᠣᠯᠴᠠᠪᠠ᠃    2004.07 ᠊᠊᠊᠊ 2004.09 ᠠᠵᠢᠯ ᠣᠯᠭᠤᠯᠲᠠ ᠶᠢ ᠭᠦᠯᠢᠶᠡᠪᠡ᠃    2004.09 ᠊᠊᠊᠊ 2007.07 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠵᠠᠷᠭᠤ ᠶᠢᠨ ᠬᠠᠤᠯᠢ ᠎ ᠶᠢᠨ ᠤᠬᠠᠭᠠᠨ ᠤ ᠲᠤᠰᠬᠠᠢ ᠮᠡᠷᠭᠡᠵᠢᠯ ᠳᠤ ᠰᠣᠷᠣᠯᠴᠠᠪᠠ᠃    2007. 08 ᠊᠊᠊᠊ 2019.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠎ ᠶᠢᠨ ᠬᠢᠨᠠᠨ ᠪᠠᠶᠢᠴᠠᠭᠠᠬᠤ ᠲᠣᠪᠴᠢᠶ᠎ᠠ ᠳᠤ ᠠᠵᠢᠯᠯᠠᠵᠤ᠂ 2010.05 ᠬᠡᠷᠡᠭ ᠰᠢᠭᠦᠨ ᠰᠢᠶᠳᠪᠦᠷᠢᠯᠡᠬᠦ ᠲᠠᠰᠤᠭ ᠤᠨ ᠳᠡᠳ᠋ ᠰᠠᠯᠠᠭᠠᠨ ᠤ ᠲᠠᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠭᠴᠢ ᠶᠢᠨ ᠲᠤᠰᠢᠶᠠᠯ ᠢ ᠬᠠᠷᠢᠭᠤᠴᠠᠪᠠ᠃  2012.12 ᠬᠡᠷᠡᠭ ᠰᠢᠬᠦᠨ ᠰᠢᠢᠳᠪᠦᠷᠢᠯᠡᠬᠦ ᠲᠠᠰᠤᠭ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ 2016.12᠂ ᠴᠢᠬᠡᠴᠢ ᠵᠠᠰᠠᠭ ᠤᠨ ᠬᠥᠮᠦᠵᠢᠯ ᠎ ᠤᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ 2018.01᠂ ᠬᠡᠷᠡᠭ ᠰᠢᠬᠦᠨ ᠰᠢᠢᠳᠪᠦᠷᠢᠯᠡᠬᠦ ᠲᠠᠰᠤᠭ ᠤᠨ ᠳᠡᠳ᠋ ᠡᠷᠬᠢᠯᠡᠭᠴᠢ ᠎ ᠶᠢᠨ ᠲᠤᠰᠢᠶᠠᠯ ᠢ ᠡᠭᠦᠷᠭᠡᠯᠡᠪᠡ ︵ᠲᠤᠰ ᠬᠤᠭᠤᠴᠠᠭᠠᠨ ᠳᠤ 2018.03 ᠊᠊᠊᠊ 2018.06 ᠣᠷᠳᠣᠰ ᠬᠤᠲᠠ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠎ ᠤᠨ ᠠᠩᠭᠢ ᠳᠤ ᠰᠤᠷᠤᠯᠴᠠᠪᠠ︶᠃    2019.01 ᠊᠊᠊᠊ 2021.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠡᠷᠡᠭ ᠰᠢᠬᠦᠨ ᠰᠢᠢᠳᠪᠦᠷᠢᠯᠡᠬᠦ ᠲᠠᠰᠤᠭ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ ︵ᠲᠤᠰ ᠬᠤᠭᠤᠴᠠᠭᠠᠨ ᠳᠤ 2020.12 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠪᠥᠬᠦ ᠣᠷᠣᠨ ᠤ ᠬᠤᠶᠠᠳᠤᠭᠠᠷ ᠬᠤᠭᠤᠴᠠᠭᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠥᠭᠡᠨ ᠲᠣᠭᠠᠲᠤ ᠦᠨᠳᠦᠰᠦᠲᠡᠨ ᠤ ᠺᠠᠳ᠋ᠷ ᠤᠨ ᠳᠠᠪᠲᠠᠨ ᠪᠣᠯᠪᠠᠰᠤᠷᠠᠬᠤ ᠠᠩᠭᠢ ᠳᠤ ᠰᠤᠷᠤᠯᠴᠠᠪᠠ︶᠃     2021.07 ᠣᠲᠣ ᠪᠣᠯᠲᠠᠯ᠎ᠠ   ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠳᠠᠷᠤᠭ᠎ᠠ ᠪᠠᠷ ᠲᠤᠮᠢᠯᠠᠭᠳᠠᠪᠠ᠃
ᠢᠷᠡᠯᠲᠡ᠄ ᠲᠤᠰ ᠰᠦᠯᠵᠢᠶ᠎ᠡ