ᠬᠠᠨ ᠯᠢ
ᠨᠡᠶᠢᠲᠡᠯᠡᠭᠰᠡᠨ ᠴᠠᠭ᠄
2021/8/12
ᠲᠤᠰᠢᠶᠠᠯ      ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠵᠢᠯ ᠤᠨ ᠬᠤᠪᠢᠶᠠᠷᠯᠠᠯ      ᠲᠡᠷᠢᠭᠦᠯᠡᠭᠴᠢ ᠶᠢ ᠬᠠᠮᠵᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠢᠭᠤᠯᠴᠢᠯᠠᠯ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠦᠬᠡ ᠶᠢᠨ ᠰᠤᠷᠤᠯᠴᠠᠯᠭ᠎ᠠ ᠪᠠ ᠨᠡᠶᠢᠭᠡᠮ ᠤᠨ ᠠᠵᠢᠯ ᠦᠢᠯᠡᠰ ᠤᠨ ᠵᠥᠪᠯᠡᠯ ᠢ ᠪᠣᠳᠠᠲᠠᠶ ᠬᠤᠪᠢᠳᠠᠨ ᠬᠠᠮᠢᠶᠠᠷᠴᠤ᠂ ᠱᠦᠶ ᠠᠨ ᠰᠢᠨ᠎ᠡ ᠬᠤᠲᠠ ᠶᠢᠨ ᠨᠠᠮ ᠤᠨ ᠠᠵᠢᠯ ᠤᠨ ᠬᠤᠷᠢᠶ᠎ᠠ᠂ ᠨᠠᠷᠢᠨᠳᠤᠬᠤᠢ ᠪᠠᠯᠭᠠᠰᠤᠨ ᠤ ᠬᠠᠮᠢᠶ᠎ᠠ ᠪᠥᠬᠦᠶ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠵᠢᠯᠣᠭᠤᠳᠤᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠣᠷᠳᠣᠰ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠥᠪ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠡᠵᠡᠨ ᠬᠤᠷᠤᠭ᠎ᠠ ᠬᠤᠰᠢᠭᠤᠨ ᠤ ᠬᠤᠶ ᠵᠥᠩ ᠦᠢᠯᠡᠴᠢᠯᠡᠬᠡᠨ ᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠯᠢ ᠢᠦᠶ ᠰᠤᠷᠭᠠᠨ ᠬᠥᠮᠦᠵᠢᠯ ᠤᠨ ᠦᠢᠯᠡᠴᠢᠯᠡᠬᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠵᠢᠦ ᠲᠠᠢ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠱᠠᠩ ᠱᠠᠨ ᠤᠰᠤ ᠬᠠᠩᠭᠠᠬᠤ ᠬᠢᠵᠠᠭᠠᠷᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠶᠢᠨ ᠲᠤ ᠾᠧ ᠬᠡᠮᠵᠢᠨ ᠵᠢᠷᠤᠬᠤ ᠬᠢᠵᠠᠭᠠᠷᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠰᠢᠨ ᠶᠦᠩ ᠭᠠᠵᠠᠷ ᠰᠢᠷᠣᠶ ᠶᠢᠨ ᠡᠬᠢ ᠪᠠᠶᠠᠯᠢᠭ ᠢ ᠬᠤᠷᠢᠶᠠᠨ ᠬᠠᠳᠠᠭᠠᠯᠠᠬᠤ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠣᠷᠳᠣᠰ ᠤᠨ ᠮᠧᠩ ᠰᠢ ᠵᠧᠩ ᠾᠧ ᠰᠠᠭᠤᠷᠢ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠦᠳᠠᠨ ᠤ ᠶᠠᠪᠤᠳᠠᠯ ᠤᠨ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠭᠰᠡᠨ ᠬᠤᠯᠪᠣᠭ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠣᠮᠫᠠᠨᠢ᠂ ᠰᠦᠯᠵᠢᠶᠡᠨ ᠤ ᠺᠣᠮᠫᠠᠨᠢ᠂ ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠺᠣᠮᠫᠠᠨᠢ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠺᠣᠮᠫᠠᠨᠢ᠂ ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠳ᠋ᠦᠩ ᠮᠸᠢ ᠰᠠᠯᠪᠤᠷᠢ ᠪᠠᠩᠬᠢ᠂ ᠵᠠᠮ ᠬᠠᠷᠢᠯᠴᠠᠭᠠᠨ ᠤ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ ᠵᠡᠷᠭᠡ ᠨᠢᠭᠡᠴᠢ᠂ ᠠᠵᠤ ᠠᠬᠤᠶᠢᠯᠠᠯ ᠪᠠ ᠳᠠᠭᠠᠳᠬᠠᠯ ᠤᠨ ᠪᠠᠶᠢᠭᠤᠯᠤᠮᠵᠢ ᠲᠠᠢ ᠬᠠᠷᠢᠯᠴᠠᠨ᠎ᠠ᠃ᠬᠤᠪᠢ ᠬᠦᠮᠦᠨ ᠤ ᠲᠤᠪᠴᠢ ᠨᠠᠮᠳᠠᠷ      ᠬᠠᠨ ᠯᠢ᠂ ᠡᠮᠡᠭᠳᠠᠢ᠂ ᠬᠢᠳᠠᠳ ᠦᠨᠳᠦᠰᠦᠳᠡᠨ᠂ 1970 ᠤᠨ ᠤ 1 ᠰᠠᠷ᠎ᠠ ᠳᠤ ᠲᠦᠷᠦᠵᠦ᠂ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠃      1991.07---1992.07  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠪᠠᠭᠰᠢᠯᠠᠵᠤ ᠪᠠᠶᠢᠪᠠ᠃      1992.07---2002.03   ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠠᠭᠰᠢᠯᠠᠵᠤ ᠪᠠᠶᠢᠪᠠ᠃      2002.03---2004.07    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠭᠰᠢᠯᠠᠵᠤ ᠪᠠᠶᠢᠪᠠ᠃      2004.07---2005.11    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠲᠤᠬᠤᠢ ᠶᠢᠨ ᠵᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ  ᠳᠡᠳ᠋ ᠪᠠᠯᠭᠠᠰᠤᠨ ᠳᠠᠷᠤᠭ᠎ᠠ ᠶᠢᠨ ᠲᠤᠰᠢᠶᠠᠯ ᠡᠭᠦᠷᠭᠡᠯᠡᠵᠤ ᠪᠠᠶᠢᠪᠠ᠃      2005.11---2008.05    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ  ᠪᠠᠯᠭᠠᠰᠤᠨ ᠳᠡᠳ᠋ ᠳᠠᠷᠤᠭ᠎ᠠ ᠶᠢᠨ ᠲᠤᠰᠢᠶᠠᠯ ᠡᠭᠦᠷᠭᠡᠯᠡᠵᠤ ᠪᠠᠶᠢᠪᠠ᠃      2008.05 ---2011.08    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠤᠳᠬ᠎ᠠ ᠤᠷᠠᠯᠢᠭ ᠤᠨ ᠬᠤᠯᠪᠤᠭᠠᠨ ᠤ ᠲᠡᠷᠢᠭᠦᠯᠡᠭᠴᠢ ᠶᠢᠨ ᠲᠤᠰᠢᠶᠠᠯ ᠡᠭᠦᠷᠭᠡᠯᠡᠵᠤ ᠪᠠᠶᠢᠪᠠ᠃      2011.08 ---2012.11   ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠤᠳᠬ᠎ᠠ ᠤᠷᠠᠯᠢᠭ ᠤᠨ ᠬᠤᠯᠪᠤᠭᠠᠨ ᠤ ᠲᠡᠷᠢᠭᠦᠯᠡᠭᠴᠢ ᠶᠢᠨ ᠲᠤᠰᠢᠶᠠᠯ ᠡᠭᠦᠷᠭᠡᠯᠡᠵᠤ ᠣᠷᠳᠣᠰ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠡᠯᠡᠳᠭᠡᠨ ᠪᠠᠶᠢᠭᠤᠯᠬᠤ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠬᠠᠪᠰᠤᠷᠭᠠᠵᠤ ᠪᠠᠶᠢᠪᠠ᠃      2012.11 --- 2013.04 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠢᠨ ᠲᠤᠰᠢᠶᠠᠯ ᠡᠭᠦᠷᠭᠡᠯᠡᠵᠤ ᠬᠤᠰᠢᠭᠤᠨ ᠤ ᠤᠳᠬ᠎ᠠ ᠤᠷᠠᠯᠢᠭ ᠤᠨ ᠬᠤᠯᠪᠤᠭᠠᠨ ᠤ ᠲᠡᠷᠢᠭᠦᠯᠡᠭᠴᠢ ᠶᠢᠨ ᠲᠤᠰᠢᠶᠠᠯ ᠬᠠᠪᠰᠤᠷᠭᠠᠵᠤ ᠪᠠᠶᠢᠪᠠ᠃      2013.04 --- 2021.07 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ︵ᠲᠤᠰ ᠬᠤᠭᠤᠴᠠᠭᠠᠨ ᠳᠤ 2016.04 ᠊᠊᠊᠊ 2016.12 ᠤᠷᠳᠤᠰ ᠬᠤᠳᠠ ᠶᠢᠨ ᠢᠳᠡᠬᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠲᠡᠳ᠋ ᠲᠠᠷᠤᠭ᠎ᠠ ᠶᠢᠨ ᠲᠤᠰᠢᠶᠠᠯ ᠢ ᠲᠦᠷ ᠡᠬᠦᠷᠬᠡᠯᠡᠪᠡ︶᠃      2021.07 --- 2022.01  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠲᠡᠳ᠋ ᠲᠡᠷᠢᠬᠦᠯᠡᠭᠴᠢ ᠶᠢᠨ ᠨᠡᠷ᠎ᠡ ᠵᠢᠱᠢᠭᠳᠡᠭᠴᠢ᠃      2022.01 --- ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠲᠡᠳ᠋ ᠲᠡᠷᠢᠬᠦᠯᠡᠭᠴᠢ᠃
ᠢᠷᠡᠯᠲᠡ᠄ ᠲᠤᠰ ᠰᠦᠯᠵᠢᠶ᠎ᠡ