| ᠲᠤᠰᠢᠶᠠᠯ | ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ | | | ᠠᠵᠢᠯ ᠤᠨ ᠬᠤᠪᠢᠶᠠᠷᠯᠠᠯ | ᠲᠡᠷᠢᠬᠦᠯᠡᠭᠴᠢ ᠶᠢ ᠬᠠᠪᠰᠤᠷᠤᠨ ᠨᠢᠬᠡᠳᠦᠮᠠᠯ ᠹᠷᠤᠨᠲ᠂ ᠦᠨᠳᠦᠰᠦᠳᠡᠨ ᠱᠠᠰᠢᠨ ᠰᠤᠷᠳᠠᠬᠤᠨ᠂ ᠶᠡᠷᠦᠩᠬᠡᠶᠢᠯᠡᠨ ᠵᠠᠰᠠᠯᠳᠠ ᠵᠠᠰᠠᠬᠤ ᠲᠤᠭᠳᠠᠭᠤᠨ ᠢ ᠬᠠᠮᠠᠭᠠᠯᠠᠬᠤ | ᠂ ᠬᠠᠤᠯᠢ ᠪᠠᠷ ᠬᠤᠰᠢᠭᠤ ᠪᠠᠨ ᠵᠠᠰᠠᠬᠤ᠂ ᠪᠠᠶᠢᠭᠠᠯᠢ ᠶᠢᠨ ᠡᠬᠢ ᠪᠠᠶᠠᠯᠢᠭ᠂ ᠬᠦᠳᠡᠭᠡ ᠲᠤᠰᠬᠤᠨ ᠢ ᠬᠦᠭᠵᠢᠬᠦᠯᠦᠨ ᠮᠡᠨᠳᠤᠭᠤᠯᠬᠤ᠂ ᠲᠠᠷᠢᠶᠠᠯᠠᠩ ᠮᠠᠯ ᠠᠵᠤ ᠠᠬᠤᠢ | ᠤᠢ ᠰᠢᠭᠤᠢ ᠤᠰᠤᠨ ᠠᠰᠢᠭᠯᠠᠯᠳᠠ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠵᠡᠷᠬᠡ ᠠᠵᠢᠯ ᠢ ᠬᠠᠷᠢᠭᠤᠴᠠᠵᠤ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠦᠨᠳᠦᠰᠦᠲᠡᠨ ᠱᠠᠰᠢᠨ ᠰᠤᠷᠲᠠᠬᠤᠨ ᠬᠠᠤᠯᠢ ᠪᠠᠷ ᠵᠠᠰᠠᠬᠤ ᠪᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠢ ᠪᠣᠳᠠᠲᠠᠶ ᠬᠤᠪᠢᠳᠠᠨ ᠬᠠᠮᠢᠶᠠᠷᠤᠨ᠎ᠠ | ᠃ ᠡᠵᠡᠨ ᠬᠤᠷᠤᠭ᠎ᠠ ᠪᠠᠯᠭᠠᠰᠤ᠂ ᠬᠤᠨᠢᠴᠢᠨᠭᠤᠤᠯ ᠪᠠᠯᠭᠠᠰᠤ ᠶᠢᠨ ᠬᠤᠯᠪᠤᠭᠳᠠᠯ ᠪᠥᠬᠦᠶ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠵᠢᠯᠣᠭᠤᠳᠤᠨ᠎ᠠ᠃ | ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠥᠷᠥ | ᠬᠠᠤᠯᠢ ᠴᠠᠭᠠᠵᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠯᠲᠡᠶ ᠲᠥᠯᠥᠪᠯᠡᠨ ᠬᠥᠭᠵᠢᠭᠦᠯᠬᠦ ᠲᠥᠪ᠂ ᠬᠥᠮᠦᠨ ᠠᠮᠠ ᠰᠢᠯᠵᠢᠭᠦᠯᠬᠦ | ᠠᠯᠪᠠᠨ ᠬᠡᠷ᠂ ᠰᠣᠶᠣᠯ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢᠨ ᠲᠥᠪ᠂ ᠤᠯᠤᠰ ᠲᠠᠭᠠᠨ ᠪᠤᠴᠠᠭᠰᠠᠨ ᠳᠤᠮᠳᠠᠳᠤ ᠶᠢᠨ ᠬᠠᠷᠢᠶᠠᠲᠤ ᠶᠢᠨ ᠬᠤᠯᠪᠣᠭᠠᠲᠤ | ᠬᠤᠷᠠᠯ᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ | ᠶᠡᠭᠡ ᠠᠩᠭᠢ᠂ ᠵᠡᠪᠰᠡᠭᠲᠦ ᠴᠠᠭᠳᠠᠭᠠᠨ ᠤ ᠳᠤᠮᠳᠠ ᠠᠩᠭᠢ᠂ ᠪᠡᠯᠡᠳᠬᠡᠯ ᠠᠯᠪᠠᠨ ᠤ 90 ᠳ᠋ᠣᠭᠡᠷ ᠬᠤᠷᠢᠶᠠᠨ ᠤ ᠶᠡᠭᠡ ᠫᠤᠤᠲᠤ ᠴᠡᠷᠢᠭ ᠤᠨ ᠪᠠᠲᠯᠢᠶᠣᠨ᠂ | ᠠᠭᠤᠷᠬᠠᠶ ᠶᠢᠨ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠴᠠᠭ ᠠᠭᠤᠷ ᠤᠨ ᠲᠣᠪᠴᠢᠶ᠎ᠠ᠂ ᠨᠠᠪᠴᠢᠨ ᠲᠠᠮᠠᠬᠢ ᠲᠤᠰᠬᠠᠶ ᠬᠤᠳᠠᠯᠳᠤᠬᠤ | ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ ᠣᠷᠳᠣᠰ ᠬᠤᠲᠠ ᠶᠢᠨ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠤ ᠬᠠᠮᠢᠶᠠᠷᠤᠯᠲᠠ ᠶᠢᠨ | ᠵᠥᠪᠯᠡᠯ᠂ ᠣᠷᠳᠣᠰ ᠬᠤᠲᠠ ᠶᠢᠨ ᠱᠧᠩ ᠶᠤᠸᠠᠨ ᠤᠰᠤᠨ ᠤ ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠶᠦᠨ | ᠳ᠋ᠦᠩ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ | ᠬᠤᠷᠤᠭ᠎ᠠ ᠬᠤᠰᠢᠭᠤᠨ ᠤ ᠬᠤᠸᠠ ᠹᠧᠩ ᠠᠮᠤ ᠲᠣᠰᠣ ᠬᠤᠳᠠᠯᠳᠤᠨ ᠠᠪᠬᠤ ᠪᠠ ᠪᠣᠷᠣᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ | ᠬᠤᠰᠢᠭᠤᠨ ᠤ ᠱᠧᠩ ᠳ᠋ᠢ ᠴᠠᠬᠢᠯᠭᠠᠨ ᠬᠦᠴᠦᠨ ᠤ ᠤᠭᠰᠠᠷᠠᠯᠲᠠ ᠬᠠᠮᠠᠭᠠᠯᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠾᠧ ᠰᠢᠶᠤᠤ ᠴᠠᠬᠢᠯᠭᠠᠨ | ᠬᠦᠴᠦᠨ ᠤ ᠪᠠᠶᠢᠭᠤᠯᠤᠯᠲᠠ ᠶᠢᠨ ᠺᠣᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠣᠮᠫᠠᠨᠢ᠂ ᠲᠠᠷᠢᠶᠠᠯᠠᠩ ᠤᠨ ᠪᠠᠩᠬᠢ ᠶᠢᠨ ᠡᠵᠡᠨ ᠬᠤᠷᠤᠭ᠎ᠠ | ᠬᠤᠰᠢᠭᠤᠨ ᠤ ᠰᠠᠯᠪᠤᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠳ᠋ᠦᠩ ᠮᠸᠢ ᠰᠠᠯᠪᠤᠷᠢ ᠪᠠᠩᠬᠢ᠂ ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠤ | ᠬᠤᠳᠠᠯᠳᠤᠭᠠᠨ ᠤ ᠪᠠᠩᠬᠢ᠂ ᠡᠵᠡᠨ ᠬᠤᠷᠤᠭ᠎ᠠ ᠶᠢᠨ ᠶᠢᠨ ᠬᠦ᠋ ᠲᠣᠰᠬᠤᠨ ᠪᠠᠯᠭᠠᠰᠤᠨ ᠤ ᠪᠠᠩᠬᠢ᠂ ᠡᠵᠡᠨ ᠬᠤᠷᠤᠭ᠎ᠠ ᠶᠢᠨ ᠯᠢᠦ ᠯᠢᠩ ᠲᠣᠰᠬᠤᠨ ᠪᠠᠯᠭᠠᠰᠤᠨ ᠤ | ᠪᠠᠩᠬᠢ ᠵᠡᠷᠭᠡ ᠨᠢᠬᠡᠴᠢ ᠪᠠ ᠠᠵᠤ ᠠᠬᠤᠶᠢᠯᠠᠯ ᠲᠠᠢ ᠬᠠᠷᠢᠯᠴᠠᠨ᠎ᠠ᠃ | | | ᠬᠤᠪᠢ ᠬᠦᠮᠦᠨ ᠤ ᠲᠤᠪᠴᠢ ᠨᠠᠮᠳᠠᠷ | ᠰᠢᠶᠧ ᠯᠢ ᠶᠤᠸᠠᠨ᠂ ᠡᠮᠡᠭᠳᠠᠢ᠂ ᠬᠢᠳᠠᠳ ᠦᠨᠳᠦᠰᠦᠳᠡᠨ᠂ 1970 ᠤᠨ ᠤ 2 ᠰᠠᠷ᠎ᠠ ᠳᠤ ᠲᠦᠷᠦᠵᠦ᠂ ᠲᠤᠮᠳᠠᠳᠤ ᠤᠯᠤᠰ ᠤᠨ ᠠᠷᠠᠳᠴᠢᠯᠠᠭᠰᠠᠨ | ᠬᠤᠯᠪᠤᠭ᠎ᠠ ᠶᠢᠨ ᠬᠡᠰᠢᠬᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠃ | 1987.10 -- 1996.02 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠣᠯᠠᠨ ᠵᠦᠢᠯ ᠤᠨ ᠡᠵᠡᠩᠨᠡᠨ | ᠬᠠᠮᠢᠶᠠᠷᠬᠤ ᠦᠷᠳᠡᠭᠡᠨ ᠳᠤ ᠠᠵᠢᠯᠯᠠᠵᠤ ᠪᠠᠶᠢᠪᠠ᠃ ︵ᠲᠤᠰ ᠬᠤᠭᠤᠴᠠᠭᠠᠨ ᠳᠤ 1992.03 -- 1995.01 ᠦᠪᠦᠷ ᠮᠣᠩᠭᠤᠯ ᠤᠨ ᠦᠪᠡᠷᠳᠡᠭᠡᠨ ᠵᠠᠰᠠᠬᠤ | ᠣᠷᠣᠨ ᠤ ᠲᠠᠷᠢᠶᠠᠯᠠᠩ ᠠᠵᠤ ᠠᠬᠤᠢ ᠶᠢᠨ ᠷᠠᠳᠢᠣ᠋ ᠨᠡᠪᠲᠡᠷᠡᠭᠦᠯᠭᠡ ᠲᠧᠯᠧᠰ ᠰᠤᠷᠭᠠᠭᠤᠯᠢ ᠶᠢᠨ ᠬᠦᠳᠡᠭᠡ ᠠᠵᠤ ᠠᠬᠤᠢ ᠶᠢᠨ ᠤᠬᠠᠭᠠᠨ ᠤ ᠲᠤᠰᠬᠠᠢ ᠮᠡᠷᠭᠡᠵᠢᠯ | ᠰᠤᠷᠤᠯᠴᠠᠪᠠ︶ | 1996.02 -- 2001.06 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠪᠣᠬᠢᠷᠳᠤᠯ ᠦᠭᠡᠢ | ᠡᠨᠧᠷᠭᠢ ᠶᠢᠨ ᠰᠢᠯᠭᠠᠨ ᠬᠡᠮᠵᠢᠬᠦ ᠬᠠᠮᠢᠶᠠᠷᠤᠯᠳᠠ ᠶᠢᠨ ᠥᠷᠳᠡᠭᠡᠨ ᠳᠤ ᠠᠵᠢᠯᠯᠠᠵᠤ ᠪᠠᠶᠢᠪᠠ᠃ | 2001.06 -- 2005.04 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠤᠯᠠᠭᠠᠨᠮᠥ᠋ᠷᠡᠨ ᠪᠠᠯᠭᠠᠰᠤᠨ ᠤ | ᠳᠡᠳ᠋ ᠳᠠᠷᠤᠭ᠎ᠠ ᠶᠢᠨ ᠲᠤᠰᠢᠶᠠᠯ ᠢ ᠡᠬᠦᠷᠬᠡᠯᠡᠵᠦ ᠪᠠᠶᠢᠪᠠ᠃ | 2005.04 -- 2017.10 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠡᠷᠡᠭᠦᠯ ᠬᠠᠮᠠᠭᠠᠯᠠᠯ ᠤᠨ ᠵᠦᠪᠯᠡᠯ ᠤᠨ | ᠡᠷᠬᠢᠯᠡᠭᠴᠢ ᠶᠢᠨ ᠲᠤᠰᠢᠶᠠᠯ ᠡᠭᠦᠷᠭᠡᠯᠡᠵᠤ ᠪᠠᠶᠢᠪᠠ᠃ | 2017.10 -- ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ | ᠶᠢᠨ ᠳᠡᠳ᠋ ᠲᠡᠷᠢᠭᠦᠯᠡᠭᠴᠢ ᠶᠢᠨ ᠲᠤᠰᠢᠶᠠᠯ ᠡᠭᠦᠷᠭᠡᠯᠡᠵᠤ ᠪᠠᠶᠢᠨ᠎ᠠ᠃ | | | | | | |