ᠸᠠᠩ ᠯᠢ ᠵᠦᠩ
ᠨᠡᠶᠢᠲᠡᠯᠡᠭᠰᠡᠨ ᠴᠠᠭ᠄
2021/8/12
ᠲᠤᠰᠢᠶᠠᠯ      ᠤᠳᠤ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ᠃ ᠠᠵᠢᠯ ᠤᠨ ᠬᠤᠪᠢᠶᠠᠷᠯᠠᠯ      ᠲᠡᠷᠢᠭᠦᠯᠡᠭᠴᠢ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠶ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂  ᠬᠤᠳᠠᠯᠳᠤᠭᠠᠨᠴᠢᠨ ᠤᠷᠢᠵᠤ ᠪᠠᠯᠠ ᠣᠷᠣᠭᠤᠯᠬᠤ᠂ ᠠᠶᠤᠯᠭᠦᠶ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠪᠠ ᠠᠵᠤ ᠠᠬᠤᠶ ᠶᠢᠨ ᠵᠥᠪᠯᠡᠯ ᠢ ᠪᠣᠳᠠᠲᠠᠶ ᠬᠤᠪᠢᠳᠠᠨ ᠬᠠᠮᠢᠶᠠᠷᠴᠤ᠂ ᠤᠯᠠᠭᠠᠨᠮᠥ᠋ᠷᠡᠨ ᠪᠠᠯᠭᠠᠰᠤ᠂ ᠰᠤᠪᠤᠷᠭ᠎ᠠ ᠪᠠᠯᠭᠠᠰᠤᠨ ᠤ ᠬᠤᠯᠪᠤᠭᠳᠠᠯ ᠪᠥᠬᠦᠶ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠵᠢᠯᠣᠭᠤᠳᠤᠨ᠎ᠠ᠃  ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠮ ᠲᠡᠭᠡᠭᠡᠪᠦᠷᠢ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠡᠵᠡᠨ ᠬᠤᠷᠤᠭ᠎ᠠ ᠬᠤᠰᠢᠭᠤᠨ ᠤ ᠶᠡᠭᠡ ᠠᠩᠭᠢ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠠᠵᠢᠯ ᠤᠨ ᠲᠣᠭᠤᠷᠢᠭ᠂ ᠠᠭᠤᠷᠬᠠᠶ ᠶᠢᠨ ᠣᠷᠣᠨ ᠤ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠣᠷᠳᠣᠰ ᠤᠨ ᠠᠭᠠᠷ ᠠᠶᠠᠯᠠᠯ ᠤᠨ ᠭᠠᠷᠠᠮ ᠤᠨ ᠡᠳ᠋ ᠪᠠᠷᠠᠭ᠎ᠠ ᠶᠢᠨ ᠬᠦᠢᠯᠬᠡᠬᠡᠨ ᠤ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠵᠢᠶᠠᠩᠰᠦ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠱᠧᠩ ᠶᠤᠸᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠵᠥᠪᠯᠡᠯ᠂ ᠨᠡᠭᠦᠷᠡᠰᠦᠨ ᠤ ᠡᠳ᠋ ᠪᠠᠷᠠᠭᠠᠨ ᠤ ᠬᠦᠢᠯᠬᠡᠬᠡᠨ ᠤ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠠᠰᠠᠭ ᠡᠳ᠋ ᠪᠠᠷᠠᠭᠠᠨ ᠤ ᠬᠦᠢᠯᠬᠡᠬᠡᠨ ᠤ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠱᠧᠩ ᠶᠤᠸᠠᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠱᠧᠩ ᠶᠤᠸᠠᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠬᠤᠶ ᠢ ᠠᠵᠤ ᠦᠢᠯᠡᠳᠪᠦᠷᠢ ᠶᠢᠨ ᠲᠡᠭᠡᠭᠡᠪᠦᠷᠢ ᠶᠢᠨ ᠡᠳ᠋ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠳ᠋ᠦᠩ ᠮᠸᠢ ᠰᠠᠯᠪᠤᠷᠢ ᠪᠠᠩᠬᠢ᠂ ᠤᠯᠤᠰ ᠤᠨ ᠡᠨᠧᠷᠬᠢ ᠶᠢᠨ ᠱᠧᠨ ᠳ᠋ᠦᠩ ᠨᠡᠭᠦᠷᠡᠰᠦᠨ ᠤ ᠪᠦᠯᠦᠭᠯᠡᠯ᠂ ᠱᠧᠨ ᠬᠤᠸᠠ ᠨᠡᠭᠦᠷᠡᠰᠦ ᠪᠠᠷ ᠲᠣᠰᠣ ᠦᠢᠯᠡᠳᠬᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠣᠷᠳᠣᠰ ᠤᠨ ᠬᠤᠪᠢᠶᠠᠷᠢ ᠺᠣᠮᠫᠠᠨᠢ᠂ ᠣᠷᠳᠣᠰ ᠡᠵᠡᠨ ᠬᠤᠷᠤᠭ᠎ᠠ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠢᠵᠠᠭᠠᠷᠲᠤ ᠺᠣᠮᠫᠠᠨᠢ᠂ ᠱᠧᠨ ᠬᠤᠸᠠ ᠪᠦᠦ ᠱᠧᠨ ᠲᠡᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠡᠭᠦᠨᠭᠠᠷ ᠠᠴᠠ ᠰᠠᠶᠢᠨᠳᠤᠷ᠎ᠠ ᠬᠦᠷᠬᠦ ᠲᠡᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠳ᠋ᠦᠩ ᠦ᠋ ᠲᠡᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠤᠨ ᠡᠮᠦᠨ᠎ᠡ ᠬᠡᠰᠡᠭ ᠤᠨ ᠲᠡᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠥᠪᠥᠷ ᠮᠣᠩᠭᠤᠯ ᠤᠨ ᠣᠷᠳᠣᠰ ᠬᠤᠲᠠ ᠶᠢᠨ ᠬᠤᠪᠢᠶᠠᠷᠢ ᠺᠣᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠡᠵᠡᠩᠨᠡᠯᠲᠡ ᠶᠢᠨ ᠭᠠᠵᠠᠷ ᠵᠡᠷᠭᠡ ᠨᠢᠬᠡᠴᠢ ᠪᠠ ᠠᠵᠤ ᠠᠬᠤᠶᠢᠯᠠᠯ ᠲᠠᠢ ᠬᠠᠷᠢᠯᠴᠠᠨ᠎ᠠ᠃ ᠬᠤᠪᠢ ᠬᠦᠮᠦᠨ ᠤ ᠲᠤᠪᠴᠢ ᠨᠠᠮᠳᠠᠷ      ᠸᠠᠩ ᠯᠢ ᠵᠦᠩ᠂ ᠡᠷᠡᠭᠳᠠᠢ᠂ ᠬᠢᠳᠠᠳ ᠦᠨᠳᠦᠰᠦᠳᠡᠨ᠂ 1967 ᠤᠨ ᠤ 11 ᠰᠠᠷ᠎ᠠ ᠳᠤ ᠲᠦᠷᠦᠵᠦ᠂  ᠶᠡᠭᠡ ᠰᠤᠷᠭᠠᠭᠤᠯᠢ ᠶᠢᠨ ᠵᠢᠩᠭᠢᠨᠢ ᠠᠩᠭᠢ ᠶᠢᠨ ᠰᠤᠷᠤᠯᠭ᠎ᠠ ᠶᠢᠨ ᠨᠠᠮᠳᠠᠷ ᠲᠠᠢ᠃      1990.07 ᠊᠊᠊᠊᠊ 1991.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠠᠵᠢᠯᠯᠠᠪᠠ︔      1991.11 ᠊᠊᠊᠊᠊ 2004.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ ᠠᠵᠢᠯᠯᠠᠪᠠ︔      2004.02 ᠊᠊᠊᠊᠊ 2005.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠰᠠᠯᠠᠭᠠᠨ ᠤ ᠲᠤᠷᠰᠢᠨ ᠪᠠᠶᠢᠴᠠᠭᠠᠭᠴᠢ︔      2005.11 ᠊᠊᠊᠊᠊ 2010.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ︔ ︵ᠲᠤᠰ ᠬᠤᠭᠤᠴᠠᠭᠠᠨ ᠳᠤ᠄ 2006.03 ᠰᠠᠷ᠎ᠠ ᠳᠤ ᠵᠢᠩᠬᠢᠨᠢ ᠰᠠᠯᠠᠭᠠᠨ ᠤ ᠲᠤᠷᠰᠢᠨ ᠪᠠᠶᠢᠴᠠᠭᠠᠭᠴᠢ ᠶᠢᠨ ᠲᠤᠰᠢᠶᠠᠯ ᠢ ᠡᠭᠦᠷᠭᠡᠯᠡᠪᠡ︶᠃      2010.01 ᠊᠊᠊᠊᠊᠊ 2011.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠷᠢᠨᠳᠤᠬᠤᠢ ᠪᠠᠯᠭᠠᠰᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ︔      2011.09 ᠊᠊᠊᠊᠊᠊ 2012.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ︔      2012.08 ᠊᠊᠊᠊᠊ 2015.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠳᠠᠷᠤᠭ᠎ᠠ︔       2015.12 ᠊᠊᠊᠊᠊ 2016.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔      2016.07 ᠊᠊᠊᠊᠊ 2018.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠡᠭᠦᠷᠡᠰᠦᠨ ᠤ ᠲᠣᠪᠴᠢᠶ᠎ᠠ ᠶᠢᠨ ᠳᠠᠷᠤᠭ᠎ᠠ︔      2018.01 ᠊᠊᠊᠊᠊ 2019.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠠᠵᠤ ᠠᠬᠤᠶ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠡᠭᠦᠷᠡᠰᠦᠨ ᠤ ᠲᠣᠪᠴᠢᠶ᠎ᠠ ᠶᠢᠨ ᠳᠠᠷᠤᠭ᠎ᠠ︔      2019.03 ᠊᠊᠊᠊᠊ 2021.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔ ︵ᠲᠤᠰ ᠬᠤᠭᠤᠴᠠᠭᠠᠨ ᠳᠤ᠄ 2019.03 ᠰᠠᠷ᠎ᠠ ᠳᠤ ᠳᠡᠳ᠋ ᠭᠠᠵᠠᠷ ᠤᠨ ᠲᠠᠰ ᠤᠨ ᠲᠤᠰᠢᠶᠠᠯ ᠢᠶᠠᠷ ᠳᠡᠪᠰᠢᠵᠦ᠂ 2019.06 ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠪᠤᠯᠪᠠ︶᠃      2021.06 ᠊᠊᠊᠊᠊ 2021.07 ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠶᠢᠨ ᠨᠡᠷ᠎ᠡ ᠵᠢᠱᠢᠭᠳᠡᠭᠴᠢ᠂ ᠬᠤᠰᠢᠭᠤᠨ ᠤ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔      2021.07 ᠊᠊᠊᠊᠊ 2021.10 ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠢᠨ ᠨᠡᠷ᠎ᠡ  ᠵᠢᠱᠢᠭᠳᠡᠭᠴᠢ᠂ ᠬᠤᠰᠢᠭᠤᠨ ᠤ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔        2021.10 ᠊᠊᠊᠊᠊ 2022.01 ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠢᠨ ᠨᠡᠷ᠎ᠡ ᠵᠢᠱᠢᠭᠳᠡᠭᠴᠢ︔      2022.01 ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠪᠡ᠃
ᠢᠷᠡᠯᠲᠡ᠄ ᠲᠤᠰ ᠰᠦᠯᠵᠢᠶ᠎ᠡ