︽ᠰᠢᠨ᠎ᠡ ᠴᠠᠭ ᠦᠶ᠎ᠡ ᠶᠢ ᠤᠳᠤᠷᠢᠳᠤᠨ ᠰᠢᠨ᠎ᠡ ᠠᠶᠠᠨ ᠵᠠᠮ ᠢᠶᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠶᠢᠨ ᠫᠢᠩ ᠤᠨ ᠡᠨᠡ ᠵᠢᠯ ᠠᠴᠠ ᠨᠠᠭᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ︾  ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠠᠴᠠ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠵᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠦᠷᠢᠯᠳᠦᠭᠦᠯᠦᠶ᠎ᠡ
ᠨᠡᠶᠢᠲᠡᠯᠡᠭᠰᠡᠨ ᠴᠠᠭ᠄
2021/8/13
     ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠃ ᠶᠡᠷᠦᠩᠬᠡᠶ ᠱᠦᠵᠢ ᠰᠢ ᠶᠢᠨ ᠫᠢᠩ ᠵᠢᠭᠠᠬᠤ ᠳᠤ ᠪᠠᠨ᠄ ︽ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠵᠦ᠂ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠤᠯᠤᠰ ᠤᠨ ᠬᠥᠭᠵᠢᠯᠲᠡ ᠶᠢᠨ ᠠᠩᠬᠠᠨ ᠤ ᠠᠯᠬᠤᠮ ᠢ ᠰᠠᠶᠢᠲᠤᠷ ᠠᠯᠬᠤᠬᠤ ᠪᠣᠯ ᠲᠦᠢᠯ ᠤᠨ ᠴᠢᠬᠤᠯᠠ ᠶᠤᠮ᠃ ᠨᠢᠭᠡᠳᠦᠭᠡᠷ ᠠᠯᠬᠤᠮ ᠳᠤ ᠣᠨᠣᠴᠠᠲᠠᠢ ᠯᠠᠪᠳᠠᠭᠤᠨ ᠠᠯᠬᠤᠵᠤ᠂ ᠰᠢᠨ᠎ᠡ ᠳᠦᠷᠰᠦ ᠪᠠᠶᠢᠳᠠᠯ ᠢ ᠪᠤᠶ ᠪᠣᠯᠭᠠᠵᠤ᠂ ᠰᠢᠨ᠎ᠡ ᠦᠷ᠎ᠡ ᠪᠦᠲᠦᠮᠵᠢ ᠶᠢ ᠣᠯᠬᠤ ᠬᠡᠷᠡᠭᠲᠡᠶ︾ ᠭᠡᠵᠡᠶ᠃ ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠵᠤ᠂ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ ᠰᠡᠷᠭᠦᠨ ᠰᠠᠶᠢᠵᠢᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠯᠠᠪᠳᠠᠭᠤᠨ ᠪᠠᠲᠤᠲᠠᠢ ᠪᠠᠷ ᠡᠬᠢᠯᠡᠵᠡᠢ᠃ ︽ᠰᠣᠨᠢᠨ ᠮᠡᠳᠡᠭᠡᠨ ᠤ ᠨᠡᠪᠲᠡᠷᠡᠭᠦᠯᠭᠡ︾᠎ ᠶᠢᠨ ᠰᠢᠷᠢᠰ ᠮᠡᠳᠡᠭᠡᠯᠡᠯ ︽ᠰᠢᠨ᠎ᠡ ᠴᠠᠭ ᠦᠶ᠎ᠡ ᠶᠢ ᠤᠳᠤᠷᠢᠳᠤᠨ ᠰᠢᠨ᠎ᠡ ᠠᠶᠠᠨ ᠵᠠᠮ ᠢᠶᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠶᠢᠨ ᠫᠢᠩ ᠤᠨ ᠡᠨᠡ ᠵᠢᠯ ᠠᠴᠠ ᠨᠠᠭᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ︾᠎ ᠤᠨ ᠭᠤᠷᠪᠠᠳᠤᠭᠠᠷ ᠪᠦᠯᠦᠭ ︽ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠠᠴᠠ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠵᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠴᠣᠭᠴᠠᠯᠠᠶ᠎ᠠ︾᠎ ᠶᠢ ᠥᠨᠥᠳᠦᠷ ︵8 ᠳ᠋ᠤᠭᠠᠷ ᠰᠠᠷ᠎ᠠ ᠶᠢᠨ 11᠎ ᠤ ᠡᠳᠦᠷ︶ ᠨᠡᠪᠲᠡᠷᠡᠭᠦᠯᠪᠡ᠃      ᠶᠡᠷᠦᠩᠬᠡᠶ ᠱᠦᠵᠢ ᠰᠢ ᠶᠢᠨ ᠫᠢᠩ ᠵᠢᠭᠠᠬᠤ ᠳᠤ ᠪᠠᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠂ ᠴᠢᠨᠠᠷᠯᠢᠭ ᠬᠥᠭᠵᠢᠯᠲᠡ ᠶᠢ ᠠᠬᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠥᠬᠦ ᠨᠠᠮ ᠪᠥᠬᠦ ᠤᠯᠤᠰ ᠤᠨ ᠡᠷᠬᠡᠪᠰᠢ ᠴᠢᠩᠭ᠎ᠠ ᠪᠥᠭᠡᠳ ᠰᠠᠶᠢᠲᠤᠷ ᠠᠳᠬᠤᠬᠤ ᠴᠢᠬᠤᠯᠠᠲᠠᠢ ᠠᠵᠢᠯ ᠮᠥᠨ ᠭᠡᠵᠡᠢ᠃      ᠡᠨᠡ ᠵᠢᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠡᠨᠡ ᠬᠦ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠮᠠᠭᠠᠳᠯᠠᠯᠲᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠭᠡᠬᠦ ᠡᠨᠡ ᠬᠦ ᠰᠢᠰᠲ᠋ᠧᠮᠲᠦ ᠤᠨᠤᠯ ᠤᠨ ᠲᠣᠭᠲᠠᠯᠴᠠᠭ᠎ᠠ ᠶᠢ ᠪᠦᠷᠢᠨ ᠲᠡᠭᠦᠯᠳᠡᠷ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠭᠤᠣᠯᠳᠠᠯᠭ᠎ᠠ ᠲᠠᠢ ᠴᠢᠬᠤᠯᠠᠴᠢᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠮᠠᠨ ᠤ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠢᠮᠠᠭᠲᠠ ᠠᠳᠬᠤᠵᠤ᠂ ᠳᠤᠮᠳᠠᠳᠤ ᠤᠯᠤᠰ ᠤᠨ ᠠᠵᠤ ᠠᠬᠤᠢ ᠶᠢᠨ ᠠᠶᠠᠯᠠᠯ ᠤᠨ ᠣᠩᠭᠤᠴᠠ ᠶᠢ ᠵᠢᠯᠣᠭᠤᠳᠤᠨ ᠰᠠᠯᠬᠢ ᠳᠠᠪᠠᠯᠭᠠᠨ ᠢ ᠰᠥᠷᠥᠨ ᠯᠠᠪᠳᠠᠭᠤᠨ ᠲᠣᠭᠲᠠᠭᠤᠨ ᠢᠶᠠᠷ ᠤᠷᠤᠭᠰᠢᠯᠠᠭᠤᠯᠪᠠ᠃      7 ᠳ᠋ᠤᠭᠠᠷ ᠰᠠᠷ᠎ᠠ ᠶᠢᠨ 15᠎ ᠤ ᠡᠳᠦᠷ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠳᠤᠮᠳᠠᠳᠤ ᠤᠯᠤᠰ ᠤᠨ ᠠᠵᠤ ᠠᠬᠤᠶ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠨᠡᠶᠢᠲᠡᠯᠡᠵᠦ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 12.7%᠎ ᠪᠠᠷ ᠨᠡᠮᠡᠭᠳᠡᠵᠦ᠂ ᠳᠡᠯᠡᠬᠡᠢ ᠶᠢᠨ ᠠᠵᠤ ᠠᠬᠤᠢ ᠶᠢᠨ ᠪᠠᠭᠤᠷᠠᠢ ᠰᠡᠷᠭᠦᠯᠲᠡ ᠶᠢᠨ ᠠᠬᠤᠢ ᠪᠠᠶᠢᠳᠠᠯ ᠳᠣᠣᠷ᠎ᠠ᠂ ᠡᠨᠡ ᠪᠣᠯ ᠬᠢᠯᠪᠡᠷ ᠪᠤᠰᠤ ᠪᠠᠷ ᠣᠯᠤᠭᠰᠠᠨ ᠠᠮᠵᠢᠯᠲᠠ ᠶᠢᠨ ᠬᠠᠭᠤᠳᠠᠰᠤ ᠪᠣᠯᠤᠨ᠎ᠠ᠃      ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠪᠠ ᠤᠯᠠᠨ ᠤᠯᠤᠰ ᠤᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠣᠯ ᠨᠠᠮ ᠤᠨ ᠲᠥᠪ ᠬᠤᠷᠢᠶᠠᠨ ᠠᠴᠠ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠮᠥᠨ᠃      ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠥᠨᠳᠥᠷ ᠲᠦᠪᠰᠢᠨ ᠠᠴᠠ ᠪᠡᠶ᠎ᠡ ᠪᠠᠨ ᠳᠠᠭᠠᠭᠠᠵᠤ ᠬᠦᠴᠦᠷᠬᠡᠭᠵᠢᠯ ᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠭᠤᠸᠠᠩᠰᠢ ᠶᠢᠨ ᠯᠢᠦ ᠬᠦᠩ ᠪᠦᠯᠦᠭᠯᠡᠯ ᠳᠤ ᠰᠢᠨᠵᠢᠯᠡᠨ ᠪᠠᠶᠢᠴᠠᠭᠠᠬᠤ ᠳᠤ ᠪᠠᠨ᠂ ᠰᠢᠨ᠎ᠡ ᠶᠢ ᠡᠭᠦᠳᠬᠦ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠴᠢᠬᠤᠯᠠᠴᠢᠯᠠᠪᠠ᠃      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠦᠷᠭᠦᠯᠵᠢᠯᠡᠨ ᠴᠢᠩᠭᠠᠷᠠᠪᠠ᠃ ᠳᠡᠭᠡᠳᠦ ᠮᠡᠷᠭᠡᠵᠢᠯ ᠤᠨ ᠦᠢᠯᠡᠳᠬᠡᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 22.6%᠎ ᠪᠠᠷ ᠨᠡᠮᠡᠭᠳᠡᠵᠦ᠂ ᠪᠥᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 6.7 ᠵᠠᠭᠤᠨ ᠤ ᠴᠡᠭ ᠲᠦᠷᠭᠡᠨ ᠪᠣᠯᠪᠠ᠃      ᠡᠨᠡ ᠵᠢᠯ ᠠᠴᠠ ᠨᠠᠭᠠᠰᠢ᠂ ︽ᠲᠢᠶᠠᠨ ᠸᠧᠨ ᠨᠢᠭᠡᠳᠦᠭᠡᠷ︾ ᠭᠠᠯ ᠭᠠᠷᠠᠭ ᠲᠤ ᠠᠮᠵᠢᠯᠲᠠ ᠲᠠᠢ ᠪᠠᠷ ᠪᠠᠭᠤᠭᠰᠠᠨ ᠠᠴᠠ ᠳᠤᠮᠳᠠᠳᠤ ᠤᠯᠤᠰ ᠤᠨ ᠬᠥᠮᠦᠨ ᠠᠩᠬ᠎ᠠ ᠤᠳᠠᠭ᠎ᠠ ᠥᠪᠡᠷ ᠤᠨ ᠰᠠᠨᠰᠠᠷ ᠤᠨ ᠦᠷᠳᠡᠭᠡ ᠳᠤ ᠪᠠᠨ ᠣᠷᠣᠬᠤ ᠬᠦᠷᠲᠡᠯ᠎ᠡ᠂ ᡀᠠᠰᠠ— ᠯᠢᠨ ᡁᠢ ᠲᠡᠮᠦᠷ ᠵᠠᠮ ᠨᠡᠪᠲᠡᠷᠡᠵᠦ ᠠᠰᠢᠭᠯᠠᠯᠲᠠ ᠳᠤ ᠣᠷᠣᠭᠰᠠᠨ ᠠᠴᠠ ᠶᠢᠨ ᠱᠠ ᠵᠢᠶᠠᠩ ᠮᠥᠷᠡᠨ ᠤ ᠪᠠᠢ ᠡᡁᠧ ᠲᠠᠨ ᠤᠰᠤᠨ ᠴᠠᠬᠢᠯᠭᠠᠨ ᠦᠷᠳᠡᠭᠡ ᠶᠢᠨ ᠲᠦᠷᠦᠭᠦᠦ ᠪᠦᠯᠦᠭ ᠮᠠᠰᠢᠨ ᠴᠣᠭᠴᠠᠯᠠᠪᠤᠷᠢ ᠠᠰᠢᠭᠯᠠᠯᠲᠠ ᠳᠤ ᠣᠷᠣᠵᠤ ᠴᠠᠬᠢᠯᠭᠠᠨ ᠭᠠᠷᠭᠠᠬᠤ ᠬᠦᠷᠲᠡᠯ᠎ᠡ᠂ ᠶᠡᠷᠦᠩᠬᠡᠢ ᠱᠦᠵᠢ ᠢᠮᠠᠭᠲᠠ ᠥᠨᠳᠥᠷ ᠲᠦᠪᠰᠢᠨ ᠠᠴᠠ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠴᠢᠭᠯᠡᠯ ᠢ ᠲᠣᠳᠣᠷᠬᠠᠢ ᠵᠢᠭᠠᠨ ᠥᠭᠴᠡᠢ᠃      ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ ᠶᠢᠨ ᠵᠠᠩᠭᠢᠯᠠᠭ᠎ᠠ ᠨᠢ ᠠᠵᠤ ᠠᠬᠤᠶ ᠶᠢᠨ ᠣᠷᠴᠢᠯ ᠤᠨ ᠰᠠᠭᠠᠳ ᠦᠭᠡᠶ ᠨᠡᠪᠲᠡᠷᠡᠬᠦ ᠳᠤ ᠪᠠᠶᠢᠳᠠᠭ᠂ ᠡᠭᠦᠨ ᠳᠤ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠣᠯ ᠭᠤᠣᠯᠯᠠᠬᠤ ᠦᠢᠯᠡᠳᠦᠯ ᠦᠵᠡᠭᠦᠯᠵᠦ ᠪᠠᠶᠢᠭ᠎ᠠ ᠶᠤᠮ᠃      ᠡᠨᠡ ᠵᠢᠯ ᠠᠴᠠ ᠨᠠᠭᠠᠰᠢ᠂ ᠶᠡᠷᠦᠩᠬᠡᠢ ᠱᠦᠵᠢ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠦᠲᠦᠮᠵᠢᠲᠡᠢ ᠪᠠᠶᠢᠭᠤᠯᠤᠯ ᠢ ᠪᠠᠶᠢᠭᠤᠯᠵᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠠᠩᠭᠠᠬᠤ ᠪᠠ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠶᠢ ᠨᠡᠩ ᠳᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠳᠠᠬᠢ ᠳᠣᠲᠣᠭᠠᠳᠤ ᠬᠡᠷᠡᠭᠴᠡᠭᠡ ᠶᠢᠨ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 80.9%᠎ ᠳᠤ ᠬᠦᠷᠴᠡᠢ᠃      ᠡᠨᠡ ᠵᠢᠯ ᠠᠴᠠ ᠨᠠᠭᠠᠰᠢ ᠶᠡᠷᠦᠩᠬᠡᠢ ᠱᠦᠵᠢ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠪᠠᠨ ᠥᠷᠭᠡᠳᠬᠡᠵᠦ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠬᠢᠶᠠᠯ ᠬᠠᠩᠭᠠᠬᠤ ᠪᠣᠯᠣᠨ᠎ᠠ ᠭᠡᠵᠦ ᠣᠯᠠᠨᠲᠠ ᠴᠢᠬᠤᠯᠠᠴᠢᠯᠠᠪᠠ᠃ ᠡᠨᠡ ᠵᠢᠯ ᠤᠨ 5 ᠳ᠋ᠤᠭᠠᠷ ᠰᠠᠷ᠎ᠠ ᠳᠤ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠬᠡᠷᠡᠭᠯᠡᠭᠡᠨ ᠤ ᠵᠦᠢᠯ ᠤᠨ ᠦᠵᠡᠰᠬᠦᠯᠡᠩ ᠬᠠᠶᠢᠨᠠᠨ ᠳᠤ ᠶᠠᠪᠤᠭᠳᠠᠪᠠ᠂ ᠡᠨᠡ ᠪᠣᠯ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠳᠠᠷᠠᠭᠠᠬᠢ ᠳᠤᠮᠳᠠᠳᠤ ᠤᠯᠤᠰ ᠤᠨ ᠵᠣᠬᠢᠶᠠᠨ ᠪᠠᠶᠢᠭᠤᠯᠤᠭᠰᠠᠨ ᠪᠠᠰᠠ ᠨᠢᠭᠡᠨ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠲᠠᠪᠴᠠᠩ ᠪᠣᠯᠤᠨ᠎ᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 27.1%᠎ ᠪᠠᠷ ᠨᠡᠮᠡᠭᠳᠡᠵᠦ᠂ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠬᠡᠪᠴᠢᠶ᠎ᠡ ᠲᠡᠦᠬᠡ ᠶᠢᠨ ᠠᠳᠠᠯᠢ ᠬᠤᠭᠤᠴᠠᠭᠠᠨ ᠤ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃      ᠡᠨᠡ ᠵᠢᠯ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠠᠨᠠᠯ ᠨᠡᠶᠢᠲᠡᠯᠡᠵᠦ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠴᠢᠨᠠᠷᠯᠢᠭ ᠬᠥᠭᠵᠢᠯᠲᠡ ᠶᠢ ᠠᠬᠢᠭᠤᠯᠬᠤ᠂ ᠫᠦᠳᠦ᠋ᠩ ᠰᠢᠨ᠎ᠡ ᠲᠣᠭᠤᠷᠢᠭ ᠤᠨ ᠥᠨᠳᠥᠷ ᠬᠢᠷᠢ ᠲᠦᠪᠰᠢᠨ ᠪᠥᠬᠦᠶ ᠥᠭᠡᠷᠡᠴᠢᠯᠡᠯᠲᠡ ᠨᠡᠭᠡᠭᠡᠯᠲᠡ ᠶᠢ ᠳᠡᠮᠵᠢᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ ᠣᠷᠣᠨ ᠢ ᠴᠣᠭᠴᠠᠯᠠᠨ ᠪᠠᠶᠢᠭᠤᠯᠬᠤ᠂ ᠵᠧᠵᠢᠶᠠᠩ ᠤᠨ ᠴᠢᠨᠠᠷᠯᠢᠭ ᠢᠶᠠᠷ ᠬᠥᠭᠵᠢᠭᠦᠯᠦᠨ ᠬᠠᠮᠲᠤ ᠪᠠᠷ ᠴᠢᠨᠡᠭᠡᠯᠢᠭᠵᠢᠬᠦ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠶᠢ ᠳᠡᠮᠵᠢᠬᠦ ᠪᠠᠷ ᠲᠣᠭᠲᠠᠪᠠ᠃ ᠶᠡᠷᠦᠩᠬᠡᠢ ᠱᠦᠵᠢ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠤᠨ ᠴᠢᠨᠠᠷᠯᠢᠭ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠳᠡᠭᠡᠷ ᠪᠣᠯ ᠴᠥᠮ ᠵᠣᠬᠢᠴᠠᠩᠭᠤᠶ ᠬᠥᠭᠵᠢᠯᠲᠡ ᠶᠢ ᠠᠬᠢᠭᠤᠯᠬᠤ᠂ ᠬᠥᠭᠵᠢᠯᠲᠡ ᠶᠢ ᠬᠠᠮᠲᠤ ᠪᠠᠷ ᠡᠳ᠋ᠯᠡᠬᠦ ᠴᠢᠬᠤᠯᠠ ᠪᠠᠶᠢᠷᠢᠯᠠᠭᠤᠯᠤᠯᠲᠠ ᠮᠥᠨ᠃      ᠡᠨᠡ ᠵᠢᠯ ᠤᠨ 4 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠳᠤ ᠪᠠᠨ᠂ ᠡᠷᠬᠡᠪᠰᠢ ᠶᠡᠭᠡ ᠬᠦᠴᠦ ᠵᠠᠷᠤᠴᠠᠭᠤᠯᠵᠤ ᠪᠠᠶᠢᠭᠠᠳ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠶᠡᠷᠦᠩᠬᠡᠶ ᠱᠦᠵᠢ ᠴᠢᠬᠤᠯᠠᠴᠢᠯᠠᠬᠤ ᠳᠤ ᠪᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠨᠠᠮ ᠤᠨ ᠲᠥᠪ ᠬᠤᠷᠢᠶ᠎ᠠ ᠠᠴᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠤᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠢ ᠶᠢᠨ ᠬᠥᠭᠵᠢᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ ᠭᠡᠵᠡᠢ᠃ ᠡᠨᠡ ᠵᠢᠯ ᠤᠨ 7 ᠳ᠋ᠤᠭᠠᠷ ᠰᠠᠷ᠎ᠠ ᠳᠤ᠂ ᠪᠥᠬᠦ ᠳᠡᠯᠡᠬᠡᠶ ᠶᠢᠨ ᠬᠡᠪᠴᠢᠶ᠎ᠡ ᠪᠠᠷ ᠬᠠᠮᠤᠭ ᠤᠨ ᠶᠡᠭᠡ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠪᠣᠯᠤᠭᠰᠠᠨ ᠤ ᠬᠤᠪᠢ ᠳᠤ᠂ ᠪᠥᠬᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠰᠦᠯᠵᠢᠶᠡᠨ ᠳᠡᠭᠡᠷᠡᠬᠢ ᠠᠷᠠᠯᠵᠢᠶ᠎ᠠ ᠶᠢ ᠵᠢᠩᠬᠢᠨᠢ ᠪᠠᠷ ᠡᠬᠢᠯᠡᠭᠦᠯᠪᠡ᠃      ᠡᠨᠡ ᠵᠢᠯ ᠤᠨ 7 ᠳ᠋ᠤᠭᠠᠷ ᠰᠠᠷ᠎ᠠ ᠶᠢᠨ 9᠎ ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠤ ᠪᠠᠨ᠂ ᠨᠠᠮ ᠤᠨ ᠲᠥᠪ ᠬᠤᠷᠢᠶ᠎ᠠ ᠠᠴᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠥᠷᠭᠡᠳᠬᠡᠨ ᠪᠠᠶᠢᠭᠤᠯᠬᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠭᠰᠡᠨ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠬᠦ᠂ ᠠᠵᠤ ᠠᠬᠤᠢ ᠶᠢᠨ ᠣᠷᠴᠢᠯ ᠰᠠᠭᠠᠳ ᠦᠭᠡᠢ ᠨᠡᠪᠲᠡᠷᠡᠬᠦ ᠶᠢ ᠠᠬᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ᠂ ᠥᠨᠳᠥᠷ ᠲᠦᠪᠰᠢᠨ ᠢᠶᠠᠷ ᠭᠠᠳᠠᠭᠠᠳᠤ ᠨᠡᠬᠡᠬᠡᠯᠳᠡ ᠬᠢᠬᠦ ᠶᠢ ᠬᠡᠷᠡᠭᠵᠢᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠰᠠᠶᠢᠨ ᠡᠬᠢᠯᠡᠯᠲᠡ ᠲᠠᠢ ᠪᠣᠯᠵᠠᠢ ᠭᠡᠵᠦ ᠵᠢᠭᠠᠵᠤ ᠭᠠᠷᠭᠠᠪᠠ᠃      ᠶᠡᠷᠦᠩᠬᠡᠢ ᠱᠦᠵᠢ ᠴᠢᠬᠤᠯᠠᠴᠢᠯᠠᠬᠤ ᠳᠤ ᠪᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠡᠷᠡᠰ ᠬᠠᠲᠠᠭᠤ ᠲᠡᠮᠡᠴᠡᠯ ᠤᠨ ᠵᠣᠷᠢᠭ ᠪᠣᠯᠤᠨ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠷᠢᠮᠲᠠᠯᠠᠬᠤ ᠴᠢᠬᠤᠯᠠᠲᠠᠢ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠪᠣᠯᠤᠨ᠎ᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠳᠠᠶ᠎ᠠ ᠡᠨᠡ ᠬᠦ ᠵᠠᠩᠭᠢᠯᠠᠭ᠎ᠠ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠨᠠᠮ ᠲᠥᠷᠥ ᠶᠢᠨ ᠦᠢᠯᠡᠰ ᠤᠨ ᠬᠥᠭᠵᠢᠯᠲᠡ ᠶᠢᠨ ᠲᠡᠦᠬᠡᠨ ᠳᠡᠭᠡᠷᠡᠬᠢ ᠰᠠᠨᠠᠭᠠᠴᠢᠯᠠᠭᠠᠲᠤ ᠡᠷᠬᠡ ᠶᠢ ᠢᠮᠠᠭᠲᠠ ᠪᠠᠲᠤ ᠡᠵᠡᠮᠰᠢᠬᠦ ᠪᠣᠯᠤᠨ᠎ᠠ ᠭᠡᠵᠡᠢ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号