ᠰᠢ ᠶᠢᠨ ᠫᠢᠩ ︽ᠤᠯᠠᠨ ᠤᠯᠤᠰ ᠤᠨ ᠵᠠᠯᠠᠭᠤᠴᠤᠳ ᠤᠨ ᠤᠳᠤᠷᠢᠳᠤᠭᠴᠢ ᠶᠢᠨ ᠶᠠᠷᠢᠯᠴᠠᠭ᠎ᠠ︾᠎ ᠶᠢᠨ ᠲᠦᠷᠦᠯ ᠵᠦᠢᠯ ᠤᠨ ᠭᠠᠳᠠᠭᠠᠳᠤ ᠶᠢᠨ ᠬᠠᠷᠢᠶᠠᠳᠤ ᠵᠠᠯᠠᠭᠤᠴᠤᠳ ᠤᠨ ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/8/13
     ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ 10᠎ ᠤ ᠡᠳᠦᠷ ︽ᠤᠯᠠᠨ ᠤᠯᠤᠰ ᠤᠨ ᠵᠠᠯᠠᠭᠤᠴᠤᠳ ᠤᠨ ᠤᠳᠤᠷᠢᠳᠤᠭᠴᠢ ᠶᠢᠨ ᠶᠠᠷᠢᠯᠴᠠᠭ᠎ᠠ︾᠎ ᠶᠢᠨ ᠲᠦᠷᠦᠯ ᠵᠦᠢᠯ ᠤᠨ ᠭᠠᠳᠠᠭᠠᠳᠤ ᠶᠢᠨ ᠬᠠᠷᠢᠶᠠᠳᠤ ᠵᠠᠯᠠᠭᠤᠴᠤᠳ ᠤᠨ ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠤ ᠳᠤᠮᠳᠠᠳᠤ ᠤᠯᠤᠰ ᠤᠨ ᠡᠯ᠎ᠡ ᠭᠠᠵᠠᠷ ᠲᠤ ᠢᠳᠡᠪᠬᠢᠲᠡᠢ ᠬᠦᠷᠴᠦ ᠰᠤᠷᠪᠤᠯᠵᠢᠯᠠᠨ᠂ ᠳᠤᠮᠳᠠᠳᠤ ᠤᠯᠤᠰ ᠤᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠦᠭᠰᠡᠨ ᠢ ᠮᠠᠭᠲᠠᠨ ᠰᠠᠶᠢᠰᠢᠶᠠᠵᠤ᠂ ᠲᠡᠳᠡᠨ ᠢ ᠰᠣᠯᠢᠯᠴᠠᠭ᠎ᠠ ᠲᠤᠯᠢᠳᠠᠯ ᠢᠶᠠᠨ ᠴᠢᠩᠭᠠᠳᠬᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃      ᠰᠢ ᠶᠢᠨ ᠫᠢᠩ ᠵᠠᠬᠢᠳᠠᠯ ᠳᠠᠭᠠᠨ᠂ ᠲᠠ ᠨᠠᠷ ᠴᠥᠮ ᠳᠤᠮᠳᠠᠳᠤ ᠤᠯᠤᠰ ᠲᠤ ᠰᠤᠷᠤᠯᠴᠠᠵᠤ᠂ ᠠᠵᠢᠯᠯᠠᠵᠤ᠂ ᠠᠮᠢᠳᠤᠷᠠᠵᠤ ᠪᠠᠶᠢᠨ᠎ᠡ᠂ ᠡᠨᠡ ᠤᠳᠠᠭ᠎ᠠ ᠵᠠᠪᠰᠢᠶᠠᠨ ᠢᠶᠠᠷ ᠡᠯ᠎ᠡ ᠭᠠᠵᠠᠷ ᠢᠶᠠᠷ ᠭᠦᠨᠵᠡᠭᠡᠶᠢᠷᠡᠨ ᠠᠶᠢᠯᠴᠢᠯᠠᠵᠤ᠂ ᠳᠤᠮᠳᠠᠳᠤ ᠤᠯᠤᠰ ᠤᠨ ᠲᠤᠬᠠᠢ ᠲᠠᠨᠢᠯᠲᠠ ᠪᠠ ᠣᠶᠢᠯᠠᠭᠠᠯᠲᠠ ᠪᠠᠨ ᠭᠦᠨᠵᠡᠭᠡᠶᠢᠷᠡᠭᠦᠯᠦᠭᠰᠡᠨ ᠳᠤ ᠪᠢ ᠮᠠᠰᠢ ᠪᠠᠶᠠᠷᠯᠠᠵᠤ ᠪᠠᠶᠢᠨ᠎ᠡ ᠭᠡᠵᠤ ᠬᠡᠯᠡᠪᠡ᠃      ᠰᠢ ᠶᠢᠨ ᠫᠢᠩ᠂ ᠲᠠ ᠨᠠᠷ ᠤᠨ ᠢᠷᠡᠭᠦᠯᠦᠭᠰᠡᠨ ᠵᠠᠬᠢᠳᠠᠯ ᠳᠠᠭᠠᠨ ᠬᠡᠯᠡᠭᠰᠡᠨᠴᠢᠯᠡᠨ᠂ ᠳᠤᠮᠳᠠᠳᠤ ᠤᠯᠤᠰ ᠤᠨ ᠠᠷᠠᠳ ᠲᠦᠮᠡᠨ ᠥᠪᠡᠷ ᠤᠨ ᠤᠶᠤᠨ ᠤᠬᠠᠭᠠᠨ ᠪᠣᠯᠤᠨ ᠬᠦᠴᠦ ᠬᠥᠯᠥᠰᠥ ᠳᠡᠭᠡᠨ ᠲᠦᠰᠢᠭᠯᠡᠵᠦ᠂ ᠳᠤᠮᠳᠠᠳᠤ ᠶᠢᠨ ᠡᠬᠡ ᠭᠠᠵᠠᠷ ᠳᠡᠭᠡᠷ᠎ᠡ ᠪᠠᠶᠠᠨ ᠲᠠᠩᠰᠤᠭ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠳᠦᠭᠡᠨ ᠪᠠᠶᠢᠭᠤᠯᠵᠤ᠂ ᠪᠠᠶᠠᠯᠢᠭ ᠰᠠᠶᠢᠬᠠᠨ ᠰᠣᠶᠣᠯ ᠢ ᠡᠭᠦᠳᠴᠦ᠂ ᠬᠦᠰᠡᠨ ᠮᠥᠷᠥᠭᠡᠳᠴᠦ ᠪᠠᠶᠢᠭᠰᠠᠨ ᠴᠢᠨᠡᠭᠡᠯᠢᠭ ᠠᠮᠢᠳᠤᠷᠠᠯ ᠢᠶᠠᠨ ᠪᠡᠶᠡᠯᠡᠭᠦᠯᠪᠡ᠃ ᠵᠣᠯ ᠵᠢᠷᠭᠠᠯ ᠲᠠᠢ ᠠᠮᠢᠳᠤᠷᠠᠶ᠎ᠠ ᠭᠡᠪᠡᠯ ᠲᠡᠮᠡᠴᠡᠬᠦ ᠬᠡᠷᠡᠭᠲᠡᠶ᠃ ᠳᠤᠮᠳᠠᠳᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠥᠮᠦᠨ ᠠᠮᠠ ᠤᠯᠠᠨ ᠪᠣᠯᠬᠤᠷ ᠬᠥᠭᠵᠢᠭᠦᠯᠦᠨ ᠮᠠᠨᠳᠤᠭᠤᠯᠬᠤ ᠭᠡᠪᠡᠯ ᠬᠠᠮᠤᠭ ᠤᠨ ᠴᠢᠬᠤᠯᠠ ᠨᠢ ᠤᠯᠤᠰ ᠤᠨ ᠪᠠᠶᠢᠳᠠᠯ ᠳᠠᠭᠠᠨ ᠰᠠᠭᠤᠷᠢᠯᠠᠵᠤ᠂ ᠥᠪᠡᠷ ᠤᠨ ᠵᠠᠮ ᠢᠶᠠᠷ ᠢᠶᠠᠨ ᠵᠠᠮᠨᠠᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ ᠶᠠᠪᠤᠬᠤ ᠲᠤᠲᠤᠮ ᠥᠷᠭᠡᠨ ᠠᠭᠤᠳᠠᠮ ᠪᠣᠯᠵᠣ᠂ ᠲᠣᠰ ᠪᠡᠶ᠎ᠡ ᠪᠠᠨ ᠨᠠᠩ ᠰᠠᠶᠢᠨ ᠬᠥᠭᠵᠢᠭᠦᠯᠵᠦ᠂ ᠳᠡᠯᠡᠬᠡᠶ ᠳ᠋ᠠᠬᠢᠨ ᠳᠤ ᠪᠤᠶᠠᠨ ᠦᠢᠯᠡᠳᠬᠦ ᠪᠣᠯᠤᠨ᠎ᠠ ᠭᠡᠳᠡᠭ ᠢ ᠦᠢᠯᠡᠳᠦᠯᠭᠡ ᠬᠡᠷᠡᠴᠢᠯᠡᠵᠤ ᠪᠠᠶᠢᠨ᠎ᠡ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠵᠠᠯᠠᠭᠤ ᠨᠠᠰᠤ ᠬᠡᠵᠢᠶᠡᠳᠡ ᠬᠦᠰᠡᠯ ᠵᠡᠭᠦᠳᠦ ᠪᠢᠯᠬᠠᠮ᠎ᠡ ᠪᠠᠶᠢᠳᠠᠭ᠃ ᠳᠤᠮᠳᠠᠳᠤ ᠤᠯᠤᠰ ᠤᠨ ᠡᠪ ᠬᠠᠮᠲᠤ ᠨᠠᠮ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠦᠭᠰᠡᠨ ᠪᠣᠯᠪᠠᠴᠤ ᠪᠢᠳᠡᠨ ᠤ ᠤᠭ ᠰᠠᠨᠠᠭ᠎ᠠ ᠪᠣᠯᠤᠨ ᠬᠦᠰᠡᠯ ᠵᠡᠭᠦᠳᠦ ᠶᠠᠪᠤᠬᠤ ᠲᠤᠳᠤᠮ ᠪᠠᠬᠢᠵᠢᠪᠡ᠃ ᠵᠠᠭᠤᠨ ᠵᠢᠯ ᠪᠣᠯ ᠶᠠᠭ ᠴᠤᠭ ᠵᠢᠪᠬᠤᠭ᠎ᠠ ᠪᠠᠳᠠᠷᠠᠩᠭᠤᠶ᠃ ᠰᠢᠨ᠎ᠡ ᠠᠶᠠᠨ ᠳᠤ᠂ ᠪᠢᠳᠡ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠬᠥᠮᠦᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ ᠃ ᠪᠢᠳᠡ ᠨᠡᠩ ᠤᠯᠠᠨ ᠤᠯᠤᠰ ᠤᠨ ᠵᠠᠯᠠᠭᠤᠴᠤᠳ ᠤᠨ ᠳᠤᠮᠳᠠᠳᠤ ᠤᠯᠤᠰ ᠲᠤ ᠢᠷᠡᠵᠤ ᠰᠣᠯᠢᠯᠴᠠᠬᠤ ᠶᠢ ᠪᠠᠶᠠᠷᠯᠠᠨ ᠤᠭᠲᠤᠵᠤ ᠪᠠᠶᠢᠨ᠎ᠡ᠂ ᠳᠤᠮᠳᠠᠳᠤ ᠭᠠᠳᠠᠭᠠᠳᠤ ᠶᠢᠨ ᠵᠠᠯᠠᠭᠤᠴᠤᠳ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠳᠤᠮᠳᠠ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠬᠠᠮᠲᠤ ᠪᠠᠷ ᠦᠰᠦᠨ ᠪᠤᠶᠢᠵᠢᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠡ ᠭᠡᠵᠤ ᠢᠯᠡᠳᠭᠡᠪᠡ᠃      ︽ᠣᠯᠠᠨ ᠤᠯᠤᠰ ᠤᠨ ᠵᠠᠯᠠᠭᠤᠴᠤᠳ ᠤᠨ ᠤᠳᠤᠷᠢᠳᠤᠭᠴᠢ ᠶᠢᠨ ᠶᠠᠷᠢᠯᠴᠠᠭ᠎ᠠ︾᠎ ᠶᠢᠨ ᠲᠥᠷᠥᠯ ᠵᠦᠢᠯ ᠪᠣᠯ ᠳᠤᠮᠳᠠᠳᠤ ᠤᠯᠤᠰ ᠤᠨ ᠣᠶᠤᠨ ᠤ ᠬᠥᠮᠥᠷᠭᠡ ᠶᠢᠨ ᠪᠠᠶᠢᠭᠤᠯᠤᠮᠵᠢ ᠠᠴᠠ ᠡᠭᠦᠰᠭᠡᠭᠰᠡᠨ ᠳᠤᠮᠳᠠᠳᠤ ᠭᠠᠳᠠᠭᠠᠳᠤ ᠶᠢᠨ ᠵᠠᠯᠠᠭᠤᠴᠤᠳ ᠤᠨ ᠰᠣᠯᠢᠯᠴᠠᠭᠠᠨ ᠤ ᠲᠣᠭᠲᠠᠴᠠ ᠪᠣᠯᠤᠨ᠎ᠠ᠃ ᠤᠢᠢᠷ᠎ᠠ ᠶᠢᠨ ᠡᠳᠦᠷ᠂ 28 ᠤᠯᠤᠰ ᠠᠴᠠ ᠢᠷᠡᠭᠰᠡᠨ 36 ᠲᠦᠷᠦᠯ ᠵᠦᠢᠯ ᠤᠨ ᠭᠠᠳᠠᠭᠠᠳᠤ ᠶᠢᠨ ᠬᠠᠷᠢᠶᠠᠳᠤ ᠵᠠᠯᠠᠭᠤᠴᠤᠳ ᠤᠨ ᠲᠥᠯᠥᠭᠡᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠬᠳᠠᠬᠰᠡᠨ ᠵᠠᠭᠤᠨ ᠵᠢᠯ ᠤᠨ ᠤᠢ ᠳᠤ ᠪᠠᠶᠠᠷ ᠬᠦᠷᠭᠡᠵᠦ᠂ ᠲᠡᠳᠡᠨ ᠤ ᠳᠤᠮᠳᠠᠳᠤ ᠤᠯᠤᠰ ᠤᠨ ᠡᠯ᠎ᠡ ᠭᠠᠵᠠᠷ ᠲᠤ ᠠᠶᠢᠯᠴᠢᠯᠠᠭᠰᠠᠨ ᠲᠦᠷᠦᠭᠳᠡᠯ ᠢᠶᠠᠨ ᠶᠠᠷᠢᠵᠤ ᠂ ᠬᠥᠭᠦᠷᠭᠡ ᠶᠢᠨ ᠦᠢᠯᠡᠳᠦᠯ ᠢᠶᠠᠨ ᠪᠠᠳᠠᠷᠠᠭᠤᠯᠵᠤ᠂ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠶᠠᠷᠢᠯᠴᠠᠭ᠎ᠠ ᠶᠢ ᠨᠡᠩ ᠰᠠᠶᠢᠲᠤᠷ ᠠᠬᠢᠭᠤᠯᠬᠤ ᠶᠢ ᠬᠦᠰᠡᠵᠦ ᠪᠠᠶᠢᠬᠤ ᠪᠠᠨ ᠢᠯᠡᠳᠬᠡᠪᠡ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号