| ᠯᠢ ᠺᠧ ᠴᠢᠶᠠᠩ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠴᠢᠬᠤᠯᠠ ᠴᠣᠬᠤᠯᠠᠪᠤᠷᠢ ᠥᠭᠴᠦ | ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠵᠢᠯ ᠣᠯᠭᠤᠯᠲᠠ ᠶᠢ ᠥᠷᠭᠡᠳᠬᠡᠬᠦ ᠪᠠ ᠬᠥᠮᠦᠨ ᠤ ᠬᠦᠴᠦᠨ ᠤ ᠡᠬᠢ ᠪᠠᠶᠠᠯᠢᠭ ᠤᠨ | ᠲᠤᠬᠢᠷᠠᠭᠤᠯᠤᠯᠳᠠ ᠶᠢ ᠰᠢᠯᠢᠳᠡᠭᠵᠢᠭᠦᠯᠬᠦ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ | ᠬᠤ᠋ ᠴᠦᠨ ᠬᠤᠸᠠ ᠸᠢᠳᠢᠣ᠋ ᠪᠠᠷ ᠶᠠᠷᠢᠶ᠎ᠠ ᠲᠠᠯᠪᠢᠪᠠ | | | ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ 7 ᠳ᠋ᠤᠭᠠᠷ ᠰᠠᠷ᠎ᠠ ᠶᠢᠨ 28 ᠤ ᠡᠳᠦᠷ ᠠᠴᠠ | 29 ᠤ ᠡᠳᠦᠷ ᠪᠣᠯᠲᠠᠯ᠎ᠠ ᠴᠦᠩᠴᠢᠩ ᠬᠤᠲᠠ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠤᠯᠣᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠺᠧ ᠴᠢᠶᠠᠩ ᠴᠢᠬᠤᠯᠠ ᠴᠣᠬᠤᠯᠠᠪᠤᠷᠢ ᠥᠭᠪᠡ᠃ ᠴᠣᠬᠤᠯᠠᠪᠤᠷᠢ ᠳᠤ ᠪᠠᠨ᠄ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠨᠢ ᠨᠡᠶᠢᠭᠡᠮᠴᠢᠯᠡᠭᠰᠡᠨ ᠠᠵᠢᠯ ᠣᠯᠭᠤᠯᠲᠠ ᠶᠢ ᠠᠬᠢᠭᠤᠯᠬᠤ᠂ | ᠮᠠᠨ ᠤ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠬᠤ᠂ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠵᠤ᠂ ᠠᠵᠢᠯ | ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠵᠢᠯᠤᠭᠤᠳᠤᠯᠭ᠎ᠠ ᠪᠣᠯᠭᠠᠵᠤ᠂ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ | ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ᠂ ᠴᠢᠳᠠᠪᠤᠷᠢᠲᠠᠨ ᠤ ᠵᠠᠬ᠎ᠠ ᠳᠡᠯᠭᠡᠭᠦᠷ᠂ ᠡᠳᠦᠷ ᠤᠨ ᠬᠦᠴᠦᠨ ᠤ ᠵᠠᠬ᠎ᠠ | ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠳᠡᠮᠵᠢᠵᠦ᠂ ᠠᠵᠢᠯ ᠣᠯᠭᠤᠯᠲᠠ ᠶᠢ ᠥᠷᠭᠡᠳᠬᠡᠬᠦ ᠪᠠ | ᠬᠥᠮᠦᠨ ᠤ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠨᠠᠩ ᠰᠠᠶᠢᠲᠤᠷ ᠠᠬᠢᠭᠤᠯᠵᠤ | ᠂ ᠲᠦᠭ ᠲᠦᠮᠡᠨ ᠬᠥᠳᠡᠯᠮᠦᠷᠢᠴᠢᠨ ᠪᠠ ᠡᠯ᠎ᠡ ᠲᠥᠷᠥᠯ ᠤᠨ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠵᠤ | ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠨ᠂ ᠰᠢᠨ᠎ᠡ ᠬᠥᠳᠡᠯᠭᠡᠭᠴᠢ ᠬᠦᠴᠦᠨ ᠤ | ᠪᠤᠶᠢᠵᠢᠯᠲᠠ ᠶᠢ ᠳᠠᠶᠢᠴᠢᠯᠠᠵᠤ᠂ ᠮᠠᠨ ᠤ ᠤᠯᠤᠰ ᠤᠨ ᠠᠵᠤ ᠠᠬᠤᠶ ᠶᠢᠨ ᠶᠡᠷᠦᠩᠬᠡᠶᠢᠯᠡᠭᠰᠡᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ᠂ ᠴᠢᠨᠠᠷᠯᠢᠭ | ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶᠠᠨ ᠤ ᠳᠡᠳ᠋ ᠶᠡᠷᠦᠩᠬᠡᠢ ᠰᠠᠶᠢᠳ ᠬᠤ᠋ ᠴᠦᠨ ᠬᠤᠸᠠ ᠸᠢᠳᠢᠣ᠋ ᠪᠠᠷ ᠶᠠᠷᠢᠶ᠎ᠠ ᠲᠠᠯᠪᠢᠪᠠ᠃ ᠲᠡᠷᠡ | ᠴᠢᠬᠤᠯᠠᠴᠢᠯᠠᠬᠤ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠢ | ᠬᠥᠭᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯ ᠣᠯᠭᠤᠯᠲᠠ ᠶᠢᠨ ᠶᠡᠭᠡ ᠲᠠᠯ᠎ᠠ ᠶᠢᠨ | ᠲᠣᠭᠲᠠᠭᠤᠨ ᠪᠠᠶᠢᠳᠠᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ | ᠭᠡᠵᠡᠶ᠃ | ᠬᠤ᠋ ᠴᠦᠨ ᠬᠤᠸᠠ ᠵᠢᠭᠠᠬᠤ ᠳᠤ ᠪᠠᠨ᠂ ᠣᠶᠢᠷ᠎ᠠ ᠶᠢᠨ ᠵᠢᠯ ᠤᠳ ᠠᠴᠠ ᠨᠠᠭᠠᠰᠢ ᠮᠠᠨ ᠤ ᠤᠯᠤᠰ ᠤᠨ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠢᠯᠡᠳᠲᠡ ᠦᠷ᠎ᠡ | ᠪᠦᠲᠦᠮᠵᠢ ᠣᠯᠵᠤ᠂ ᠠᠵᠢᠯ ᠣᠯᠭᠤᠯᠲᠠ ᠶᠢᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠬᠦᠴᠦᠲᠡᠶ ᠠᠬᠢᠭᠤᠯᠵᠤ᠂ | ᠦᠢᠯᠡᠴᠢᠯᠡᠭᠡᠨ ᠤ ᠠᠭᠤᠯᠭ᠎ᠠ ᠪᠠ ᠵᠠᠭᠪᠤᠷ ᠨᠢ ᠤᠯᠠᠮ ᠠᠴᠠ ᠤᠯᠠᠮ ᠪᠠᠶᠠᠯᠢᠭᠵᠢᠵᠤ᠂ ᠠᠵᠢᠯ ᠲᠥᠷᠥᠯ ᠤᠨ ᠬᠡᠪᠴᠢᠶ᠎ᠡ | ᠲᠠᠰᠤᠷᠠᠯᠲᠠ ᠥᠬᠡᠶ ᠥᠷᠭᠡᠳᠴᠦ᠂ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠠᠯᠬᠤᠮ ᠠᠯᠬᠤᠮ ᠢᠶᠠᠷ | ᠲᠡᠭᠦᠯᠳᠡᠷᠵᠢᠵᠦ ᠪᠤᠢ᠃ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠲᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠴᠢᠨᠠᠷᠯᠢᠭ | ᠬᠥᠭᠵᠢᠯᠲᠡ ᠶᠢ ᠠᠬᠢᠭᠤᠯᠬᠤ ᠨᠢ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠲᠤ ᠨᠡᠩ | ᠥᠨᠳᠥᠷ ᠱᠠᠭᠠᠷᠳᠠᠯᠭ᠎ᠠ ᠳᠤᠷᠠᠳᠤᠭᠰᠠᠨ ᠪᠥᠭᠡᠳ ᠨᠡᠩ ᠥᠷᠭᠡᠨ ᠠᠭᠤᠳᠠᠮ ᠲᠠᠪᠴᠠᠩ ᠬᠠᠩᠭᠠᠭᠰᠠᠨ ᠪᠠᠶᠢᠨ᠎ᠠ᠃ | ᠠᠵᠢᠯ ᠣᠯᠭᠤᠯᠲᠠ ᠶᠢ ᠠᠬᠢᠭᠤᠯᠬᠤ ᠭᠡᠬᠦ ᠡᠨᠡ ᠬᠦ ᠦᠨᠳᠦᠰᠦᠨ ᠠᠵᠢᠯ ᠤᠨ ᠲᠣᠭᠤᠷᠢᠨ ᠳᠤ ᠬᠥᠮᠦᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠤᠬᠠᠭᠠᠯᠠᠨ ᠲᠥᠯᠥᠪᠯᠡᠵᠦ᠂ ᠠᠵᠢᠯ | ᠣᠯᠭᠤᠯᠲᠠ ᠳᠤ ᠦᠢᠯᠡᠴᠢᠯᠡᠬᠦ ᠬᠡᠪᠴᠢᠶ᠎ᠡ ᠪᠠ ᠶᠠᠰᠤ ᠴᠢᠨᠠᠷ ᠢᠶᠠᠷ ᠠᠵᠢᠯ ᠲᠦᠷᠦᠯ ᠤᠨ ᠬᠥᠭᠵᠢᠯᠲᠡ ᠶᠢᠨ ᠦᠷ᠎ᠡ | ᠪᠦᠲᠦᠮᠵᠢ ᠶᠢ ᠬᠡᠮᠵᠢᠬᠦ ᠲᠡᠷᠢᠭᠦᠨ ᠴᠢᠬᠤᠯᠠ ᠪᠠᠷᠢᠮᠵᠢᠶ᠎ᠠ ᠪᠣᠯᠭᠠᠬᠤ ᠬᠡᠷᠡᠭᠲᠡᠶ᠃ ᠠᠵᠢᠯ ᠣᠯᠭᠤᠯᠲᠠ ᠶᠢᠨ ᠪᠠᠶᠢᠳᠠᠯ ᠤᠨ | ᠬᠤᠪᠢᠷᠠᠯᠲᠠ ᠳᠤ ᠵᠣᠬᠢᠴᠠᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠦᠷᠭᠡᠳᠬᠡᠵᠦ᠂ ᠬᠥᠳᠡᠯᠮᠦᠷᠢᠴᠢᠳ ᠤᠨ ᠤᠷ᠎ᠠ ᠴᠢᠳᠠᠪᠤᠷᠢ ᠪᠠ ᠬᠡᠪ | ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠳᠡᠯᠮᠦᠷᠢ ᠬᠦᠴᠦᠨ ᠤ ᠰᠠᠭᠠᠳ ᠦᠭᠡᠢ ᠰᠢᠯᠵᠢᠯᠲᠡ ᠶᠢ | ᠠᠬᠢᠭᠤᠯᠤᠨ᠂ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ | ᠵᠥᠷᠢᠴᠡᠯ ᠢ ᠪᠦᠲᠦᠮᠵᠢᠲᠡᠶ ᠨᠠᠮᠳᠠᠭᠤᠯᠬᠤ ᠬᠡᠷᠡᠭᠲᠡᠶ᠃ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠬᠦᠴᠦᠨ ᠢ ᠢᠳᠡᠪᠬᠢᠲᠡᠶ ᠪᠤᠶᠢᠵᠢᠭᠤᠯᠤᠨ ᠪᠤᠵᠠᠭᠠᠶᠢᠷᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠡᠯ᠎ᠡ ᠲᠥᠷᠥᠯ ᠤᠨ ᠪᠠᠶᠢᠭᠤᠯᠤᠮᠵᠢ ᠶᠢᠨ ᠵᠣᠬᠢᠴᠠᠩᠭᠤᠶ ᠪᠠᠷ ᠬᠥᠭᠵᠢᠬᠦ ᠶᠢ ᠳᠡᠮᠵᠢᠵᠦ᠂ ᠬᠥᠮᠥᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠥᠨᠳᠥᠷ | ᠪᠠᠷᠢᠮᠵᠢᠶᠠᠲᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠬᠦᠴᠦᠯᠡᠨ | ᠪᠠᠶᠢᠭᠤᠯᠵᠤ᠂ ᠤᠯᠠᠨ ᠲᠡᠰ ᠳᠠᠪᠬᠤᠷᠭ᠎ᠠ ᠪᠠ ᠤᠯᠠᠨ ᠡᠰᠢᠵᠢᠭᠰᠡᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠪᠠᠶᠢᠷᠢᠰᠢᠯ ᠢ ᠲᠦᠷᠭᠡᠪᠴᠢᠯᠡᠨ ᠪᠤᠢ ᠪᠣᠯᠭᠠᠵᠤ᠂ ᠵᠠᠬ᠎ᠠ ᠳᠡᠯᠭᠡᠭᠦᠷ ᠤᠨ ᠢᠲᠡᠭᠡᠮᠵᠢ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠬᠥᠳᠡᠯᠮᠦᠷᠢᠴᠢᠳ ᠤᠨ ᠨᠡᠶᠢᠭᠡᠮ ᠤᠨ | ᠪᠠᠲᠤᠯᠠᠭ᠎ᠠ ᠶᠢ ᠦᠨᠡᠨ ᠬᠦ ᠴᠢᠩᠭᠠᠳᠬᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠶ ᠬᠠᠮᠠᠭᠠᠯᠠᠵᠤ᠂ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ | ᠭᠡᠵᠡᠢ᠃ | | | | | | |