2021 ᠣᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠬᠡᠷᠡᠭᠵᠢᠭᠦᠯᠬᠦ ᠲᠥᠷᠥᠯ ᠵᠦᠶᠯ ᠤᠨ ᠠᠬᠢᠴᠠ
ᠨᠡᠶᠢᠲᠡᠯᠡᠭᠰᠡᠨ ᠴᠠᠭ᠄
2021/8/30
     2021 ᠣᠨ ᠳᠤ ᠮᠠᠨ ᠤ ᠲᠣᠪᠴᠢᠶ᠎ᠠ ᠶᠢᠨ ᠨᠢᠭᠡᠨᠲᠡ ᠬᠡᠷᠡᠭᠵᠢᠭᠦᠯᠦᠭᠰᠡᠨ ᠭᠤᠤᠯ ᠲᠥᠷᠥᠯ ᠵᠦᠶᠯ ᠳᠤ ᠨᠡᠭᠦᠷᠡᠰᠦ ᠮᠠᠯᠲᠠᠭᠰᠠᠨ ᠠᠴᠠ ᠳᠣᠷᠣᠭᠰᠢ ᠰᠠᠭᠤᠭᠰᠠᠨ ᠣᠷᠣᠨ ᠪᠣᠯᠬᠤ ᠠᠯᠳᠠᠨᠰᠢᠷᠡᠭᠡ ᠪᠠᠯᠭᠠᠰᠤ ᠠᠴᠠ ᠱᠧᠩ ᠶᠤᠸᠠᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠬᠥᠷᠬᠦ ᠵᠠᠮ ᠤᠨ ᠲᠥᠷᠥᠯ ᠵᠦᠶᠯ᠂ ᠵᠠᠮ ᠤᠨ ᠭᠠᠳᠠᠷᠭᠤ ᠴᠥᠮᠥᠷᠡᠵᠦ ᠶᠡᠭᠡ ᠪᠠᠷ ᠵᠠᠰᠠᠬᠤ ᠲᠥᠷᠥᠯ ᠵᠦᠶᠯ ᠪᠠ ᠵᠠᠰᠠᠮᠠᠯ ᠵᠠᠮ ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠪᠣᠶ᠂ ᠪᠣᠳᠠᠲᠠᠶ ᠲᠥᠷᠥᠯ ᠵᠦᠶᠯ ᠤᠨ ᠠᠬᠢᠴᠠ ᠶᠢᠨ ᠪᠠᠶᠢᠳᠠᠯ ᠨᠢ ᠳᠣᠤᠷᠠᠬᠢ ᠮᠡᠲᠦ᠄      ᠨᠢᠭᠡ ᠳᠤ᠂ ᠠᠯᠳᠠᠨᠰᠢᠷᠡᠭᠡ ᠪᠠᠯᠭᠠᠰᠤ ᠠᠴᠠ ᠱᠧᠩ ᠶᠤᠸᠠᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠬᠥᠷᠬᠦ ᠬᠥᠳᠡᠭᠡ ᠲᠣᠰᠬᠤᠨ ᠤ ᠵᠠᠰᠠᠮᠠᠯ ᠵᠠᠮ      ᠠᠯᠳᠠᠨᠰᠢᠷᠡᠭᠡ ᠪᠠᠯᠭᠠᠰᠤ ᠠᠴᠠ ᠱᠧᠩ ᠶᠤᠸᠠᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠬᠥᠷᠬᠦ ᠬᠥᠳᠡᠭᠡ ᠲᠣᠰᠬᠤᠨ ᠤ ᠵᠠᠰᠠᠮᠠᠯ ᠵᠠᠮ ᠪᠣᠯ ᠠᠯᠳᠠᠨᠰᠢᠷᠡᠭᠡ ᠪᠠᠯᠭᠠᠰᠤ᠂ ᠬᠢᠶ᠎ᠠ ᠪᠠᠭᠰᠢ ᠠᠴᠠ ᠨᠠᠷᠢᠨ ᠲᠣᠬᠤᠶ ᠪᠠᠯᠭᠠᠰᠤ᠂ ᠱᠧᠩ ᠶᠤᠸᠠᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠢ ᠬᠤᠯᠪᠣᠬᠤ ᠴᠢᠬᠤᠯᠠ ᠵᠠᠮ ᠪᠣᠯᠤᠨ᠎ᠠ᠂ ᠲᠣᠰ ᠲᠥᠷᠥᠯ ᠵᠦᠶᠯ ᠢ ᠳᠥᠷᠪᠡᠨ ᠬᠡᠰᠡᠭ ᠬᠤᠪᠢᠶᠠᠨ ᠬᠡᠷᠡᠭᠵᠢᠭᠦᠯᠵᠦ᠂ ᠪᠥᠬᠦ ᠣᠷᠳᠣ ᠎ ᠨᠢ 58 . 2 ᠺᠢᠯᠣᠮᠧᠲᠷ᠂ ᠶᠡᠷᠦᠩᠬᠡᠶ ᠪᠠᠯᠠ ᠣᠷᠣᠭᠤᠯᠤᠯᠲᠠ ᠨᠢ 2 . 8 ᠳ᠋ᠦᠩᠰᠢᠭᠤᠷ ᠲᠥᠭᠦᠷᠢᠭ᠂ ᠡᠭᠦᠨ ᠳᠤ ᠰᠠᠩᠭᠠᠢ ᠠᠴᠠ ᠡᠷᠬᠢᠬᠦᠯᠬᠡᠨ ᠲᠤᠬᠤᠢ ᠬᠥᠷᠬᠦ ᠬᠡᠰᠡᠭ ᠨᠢ ᠨᠢᠭᠡᠨᠲᠡ ᠪᠠᠷᠢᠯᠭ᠎ᠠ ᠳᠠᠭᠤᠰᠴᠤ᠂ ᠦᠯᠡᠳᠡᠭᠰᠡᠨ ᠬᠡᠰᠡᠭ ᠨᠢ ᠶᠠᠭ ᠵᠠᠮ ᠤᠨ ᠰᠠᠭᠤᠷᠢ ᠪᠠᠷᠢᠯᠭ᠎ᠠ ᠵᠢᠴᠢ ᠪᠦᠲᠦᠴᠡ ᠪᠣᠳᠠᠰ ᠤᠨ ᠪᠠᠷᠢᠯᠭ᠎ᠠ ᠬᠢᠵᠦ ᠪᠣᠶ᠂ ᠣᠲᠣ ᠪᠣᠯᠲᠠᠯ᠎ᠠ 1 . 6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ  ᠃      ᠬᠤᠶᠠᠷ ᠲᠤ᠂ ᠡᠵᠡᠨ ᠬᠤᠷᠤᠭ᠎ᠠ ᠬᠤᠰᠢᠭᠤᠨ ᠤ ᠮᠢᠩᠭᠠᠨ ᠮᠣᠳᠣ ᠠᠴᠠ ᠪᠠᠳᠤ ᠶᠢᠨ ᠲᠤᠬᠤᠢ ᠬᠦᠷᠬᠦ ᠵᠠᠰᠠᠮᠠᠯ ᠵᠠᠮ ᠤᠨ ᠭᠠᠳᠠᠷᠭᠤ ᠴᠥᠮᠥᠷᠡᠵᠦ ᠶᠡᠭᠡ ᠪᠠᠷ ᠵᠠᠰᠠᠬᠤ ᠪᠠᠷᠢᠯᠭ᠎ᠠ ᠶᠢ ᠳᠠᠭᠤᠰᠬᠠᠨ᠎ᠠ      ᠡᠵᠡᠨ ᠬᠤᠷᠤᠭ᠎ᠠ ᠬᠤᠰᠢᠭᠤᠨ ᠤ ᠮᠢᠩᠭᠠᠨᠮᠤᠳᠤ ᠠᠴᠠ ᠪᠠᠳᠤ ᠶᠢᠨ ᠲᠤᠬᠤᠢ ᠬᠦᠷᠬᠦ ᠵᠠᠰᠠᠮᠠᠯ ᠵᠠᠮ ᠤᠨ ᠭᠠᠳᠠᠷᠭᠤ ᠴᠥᠮᠥᠷᠡᠵᠦ ᠶᠡᠭᠡ ᠵᠠᠰᠠᠯᠲᠠ ᠬᠢᠬᠦ ᠢᠨᠵᠧᠨᠧᠷᠢᠩ 7 ᠰᠠᠷ᠎ᠠ ᠶᠢᠨ 1᠎ ᠤ ᠡᠳᠦᠷ ᠲᠠᠯᠠᠪᠠᠢ ᠳᠤ ᠣᠷᠣᠵᠤ ᠪᠡᠯᠡᠳᠬᠡᠯ ᠬᠢᠵᠦ᠂ ᠣᠳᠣᠬᠠᠨ ᠪᠣᠯᠲᠠᠯ᠎ᠠ ᠶᠠᠭ ᠡᠯᠡᠰᠦ ᠬᠠᠶᠢᠷ ᠢ ᠪᠢᠲᠡᠭᠦᠮᠵᠢᠯᠡᠵᠦ ᠪᠠᠷᠢᠯᠭ᠎ᠠ ᠪᠠᠷᠢᠵᠤ ᠪᠠᠶᠢᠨ᠎ᠠ᠃      ᠭᠤᠷᠪᠠ ᠳᠤ 2021 ᠣᠨ ᠤ ᠡᠵᠡᠨ ᠬᠤᠷᠤᠭ᠎ᠠ ᠬᠤᠰᠢᠭᠤᠨ ᠤ ᠵᠠᠰᠠᠮᠠᠯ ᠵᠠᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠪᠡᠶᠡᠯᠡᠭᠦᠯᠦᠨ᠎ᠡ᠃      ᠡᠵᠡᠨ ᠬᠤᠷᠤᠭ᠎ᠠ ᠬᠤᠰᠢᠭᠤᠨ ᠤ ᠵᠠᠰᠠᠮᠠᠯ ᠵᠠᠮ ᠢ ᠰᠡᠯᠪᠢᠨ ᠵᠠᠰᠠᠬᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠪᠠᠷᠢᠯᠭ᠎ᠠ ᠶᠢᠨ ᠵᠢᠷᠭᠤᠭᠠᠨ ᠳᠠᠭᠠᠭᠠᠴᠢᠯᠠᠯᠲᠠ ᠶᠢᠨ ᠬᠡᠰᠡᠭ ᠪᠠ ᠨᠢᠭᠡ ᠬᠢᠨᠠᠨ ᠬᠠᠮᠢᠶᠠᠷᠬᠤ ᠳᠠᠭᠠᠭᠠᠴᠢᠯᠠᠯᠲᠠ ᠶᠢᠨ ᠬᠡᠰᠡᠭ ᠭᠡᠵᠦ ᠬᠤᠪᠢᠶᠠᠵᠤ᠂ 7 ᠳ᠋ᠤᠭᠠᠷ ᠰᠠᠷ᠎ᠠ ᠶᠢᠨ 21᠎ ᠤ ᠡᠳᠦᠷ ᠨᠢᠭᠡᠨᠲᠡ ᠭᠤᠷᠪᠠᠳᠤᠭᠠᠷ ᠳᠠᠭᠠᠭᠠᠴᠢᠯᠠᠯᠲᠠ ᠶᠢᠨ ᠬᠡᠰᠡᠭ᠂ ᠳᠥᠷᠪᠡᠳᠦᠭᠡᠷ ᠳᠠᠭᠠᠭᠠᠴᠢᠯᠠᠯᠲᠠ ᠶᠢᠨ ᠬᠡᠰᠡᠭ ᠢ ᠵᠣᠬᠢᠶᠠᠨ ᠪᠠᠶᠢᠭᠤᠯᠤᠨ ᠲᠠᠯᠠᠪᠠᠶ ᠳᠤ ᠣᠷᠣᠭᠤᠯᠵᠤ᠂ ᠪᠤᠰᠤᠳ ᠳᠠᠭᠠᠭᠠᠴᠢᠯᠠᠯᠲᠠ ᠶᠢᠨ ᠬᠡᠰᠡᠭ ᠲᠤ ᠶᠠᠭ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠠᠵᠢᠯ ᠢ ᠶᠠᠪᠤᠭᠳᠠᠭᠤᠯᠵᠤ ᠪᠠᠶᠢᠨ᠎ᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号