| 2021 ᠣᠨ ᠤ ᠳᠡᠭᠡᠳᠦ ᠬᠠᠭᠠᠰ ᠵᠢᠯ ᠳᠤ᠂ ᠪᠥᠬᠦ ᠬᠤᠰᠢᠭᠤᠨ ᠤ ᠠᠷᠠᠯᠵᠢᠶ᠎ᠠ ᠬᠤᠳᠠᠯᠳᠤᠭᠠᠨ ᠤ ᠪᠥᠭᠡᠮ | ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ 46 ᠠᠵᠤ ᠠᠬᠤᠶᠢᠯᠠᠯ ᠤᠨ ᠪᠡᠶᠡᠯᠡᠭᠦᠯᠦᠭᠰᠡᠨ ᠨᠡᠶᠢᠭᠡᠮ ᠤᠨ | ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 21.9 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 15.1 % ᠪᠠᠷ ᠨᠡᠮᠡᠭᠳᠡᠪᠡ ᠃ | 1᠂ ᠬᠤᠳᠠᠯᠳᠤᠭ᠎ᠠ ᠠᠷᠠᠯᠵᠢᠶᠠᠨ ᠤ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠢ ᠡᠮᠬᠢ ᠵᠢᠷᠤᠮ | ᠲᠠᠢ ᠪᠠᠷ ᠲᠦᠯᠬᠢᠨ ᠠᠬᠢᠭᠤᠯᠪᠠ᠃ ᠨᠢᠭᠡ ᠳᠤ ᠬᠠᠶ ᠳ᠋ᠠ ᠠᠭᠤᠳᠠᠮ ᠲᠠᠯᠠᠪᠠᠶ ᠶᠢᠨ ᠲᠥᠷᠥᠯ ᠵᠦᠶᠯ ᠤᠨ ᠭᠤᠤᠯ | ᠴᠣᠭᠴᠠ ᠶᠢᠨ ᠪᠠᠷᠢᠯᠭ᠎ᠠ᠂ ᠰᠢᠯ ᠬᠠᠨ᠎ᠠ ᠶᠢᠨ ᠪᠠᠷᠢᠯᠭ᠎ᠠ᠂ ᠥᠭᠡᠷᠡᠴᠢᠯᠡᠨ ᠰᠢᠨᠡᠳᠬᠡᠬᠦ ᠪᠠᠷᠢᠯᠭ᠎ᠠ ᠶᠢ ᠨᠢᠭᠡᠨᠲᠡ | ᠪᠡᠶᠡᠯᠡᠭᠦᠯᠵᠦ᠂ ᠬᠤᠶᠠᠳᠤᠭᠠᠷ ᠤᠳᠠᠭᠠᠨ ᠤ ᠪᠦᠲᠦᠴᠡ ᠶᠢᠨ 90% ᠶᠢ ᠪᠡᠶᠡᠯᠡᠭᠦᠯᠵᠦ᠂ ᠥᠯᠢᠭᠡᠷ ᠳᠠᠭᠤᠷᠢᠶᠠᠯ ᠤᠨ | ᠬᠤᠭᠤᠷᠣᠨᠳᠣᠬᠢ ᠵᠠᠰᠠᠯ ᠴᠢᠮᠡᠭᠯᠡᠯ ᠤᠨ ᠪᠠᠷᠢᠯᠭ᠎ᠠ ᠶᠢ ᠶᠠᠭ ᠪᠠᠶᠢᠭᠤᠯᠵᠤ᠂ ᠭᠠᠵᠠᠷ ᠳᠣᠤᠷᠠᠬᠢ ᠢᠵᠢ ᠪᠥᠷᠢᠳᠦᠭᠦᠯᠬᠦ | ᠬᠤᠳᠠᠯᠳᠤᠭ᠎ᠠ ᠶᠢ ᠨᠢᠭᠡᠨᠲᠡ ᠳᠠᠭᠠᠭᠠᠴᠢᠯᠠᠯᠲᠠ ᠵᠠᠷᠯᠠᠵᠤ ᠳᠠᠭᠤᠰᠬᠠᠪᠠ᠃ ᠬᠤᠶᠠᠷ ᠲᠤ᠂ ᠨᠡᠷᠡᠨ ᠬᠤᠲᠠ ᠶᠢᠨ | ᠶᠠᠪᠠᠭᠠᠨ ᠵᠡᠭᠡᠯᠢ ᠶᠢᠨ ᠲᠥᠷᠥᠯ ᠵᠦᠢᠯ ᠪᠠ ᠭᠤᠣᠯ ᠬᠤᠲᠠ ᠲᠣᠭᠤᠷᠢᠭ ᠤᠨ ᠬᠤᠳᠠᠯᠳᠤᠭᠠᠨ ᠤ ᠵᠠᠷ ᠮᠡᠳᠡᠭᠡ ᠶᠢ | ᠶᠡᠷᠦᠩᠬᠡᠶᠢᠯᠡᠨ ᠵᠠᠰᠠᠬᠤ ᠢᠨᠵᠧᠨᠧᠷᠢᠩ ᠨᠢ ᠨᠢᠭᠡᠨᠲᠡ ᠪᠡᠯᠡ ᠮᠥᠩᠭᠦ ᠭᠤᠶᠤᠴᠢᠯᠠᠬᠤ ᠶᠢ ᠬᠦᠯᠢᠶᠡᠵᠦ᠂ ᠶᠠᠭ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ ᠪᠠᠶᠢᠨ᠎ᠠ᠃ ᠭᠤᠷᠪᠠ ᠳᠤ ᠲᠣᠮᠣ ᠬᠡᠯᠪᠡᠷᠢ ᠶᠢᠨ | ᠶᠡᠷᠦᠩᠬᠡᠶᠢᠯᠡᠭᠰᠡᠨ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠶᠯᠭᠡᠭᠡᠨ ᠵᠢᠴᠢ ᠲᠦᠷᠭᠡᠨ ᠢᠯᠡᠭᠡᠯᠲᠡ ᠶᠢᠨ ᠢᠯᠭᠠᠨ | ᠲᠠᠨᠢᠵᠤ ᠡᠵᠡᠩᠨᠡᠬᠦ ᠰᠠᠭᠤᠷᠢᠨ ᠭᠠᠵᠠᠷ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠢ | ᠨᠢᠭᠡᠨᠲᠡ ᠲᠤᠭᠤᠷᠪᠢᠵᠤ ᠳᠠᠭᠤᠰᠬᠠᠭᠠᠳ᠂ ᠶᠠᠭ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠢ | ᠭᠦᠶᠴᠡᠳᠬᠡᠵᠦ ᠪᠣᠶ᠃ ᠳᠥᠷᠪᠡ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠲᠥᠷᠥᠯ ᠵᠦᠶᠯ ᠢ ᠨᠢᠭᠡᠨᠲᠡ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ | ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠰᠢᠶᠠᠨ ᠤ ᠲᠤᠰᠬᠠᠶ ᠵᠦᠶᠯ ᠤᠨ ᠲᠡᠳᠬᠦᠨ ᠳᠡᠮᠵᠢᠬᠦ ᠪᠠᠯᠠ ᠮᠥᠩᠭᠦ | ᠶᠢ ᠭᠤᠶᠤᠴᠢᠯᠠᠨ ᠮᠡᠳᠡᠭᠦᠯᠪᠡ ᠃ | 2᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠠᠬᠢᠭᠤᠯᠤᠨ᠎ᠠ᠃ ︽ᠡᠵᠡᠨ ᠬᠤᠷᠤᠭ᠎ᠠ | ᠬᠤᠰᠢᠭᠤᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠵᠢᠴᠢ ᠨᠡᠷᠡᠨ ᠬᠤᠲᠠ ᠰᠦᠯᠵᠢᠶᠡᠨ ᠤ ᠤᠯᠠᠭᠠᠨ ᠬᠥᠭᠦᠷᠭᠡ | ᠶᠢᠨ ᠰᠥᠨᠢ ᠶᠢᠨ ᠵᠠᠬ᠎ᠠ ᠳᠡᠯᠭᠡᠭᠦᠷ ᠨᠡᠭᠡᠭᠡᠬᠦ ᠶᠣᠰᠣᠯᠠᠯ︾ ᠢ ᠡᠷᠭᠢᠯᠡᠵᠦ᠂ ᠳᠣᠤᠷ᠎ᠠ ᠬᠠᠭᠠᠰ ᠵᠢᠯ ᠳᠤ ᠵᠢᠦᠢ ᠷᠠᠨ ᡁᠢ | ᠵᠢᠶᠠ ᠶᠢᠨ ︽ᠪᠥᠬᠦ ᠬᠤᠲᠠ ᠳᠤ ᠦᠪᠡᠳᠡᠭᠰᠢ ᠶᠡᠭᠡ ᠪᠠᠷ ᠠᠵᠢᠯ ᠡᠬᠢᠯᠡᠬᠦ︾ ᠵᠢᠴᠢ ᠳᠠᠭᠤᠤ ᠬᠥᠭᠵᠢᠮ ᠫᠢᠸᠤ᠋ ᠶᠢᠨ | ᠰᠣᠶᠣᠯ ᠤᠨ ᠨᠠᠶᠢᠷ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ᠂ ᠨᠡᠷᠡᠨ ᠬᠤᠳᠠ ᠶᠢᠨ ᠪᠠᠷᠠᠭ᠎ᠠ ᠬᠤᠳᠠᠯᠳᠤᠨ ᠠᠪᠬᠤ | ᠲᠥᠪ ᠤᠨ 7 ᠰᠠᠷ᠎ᠠ ᠶᠢᠨ ᠰᠡᠷᠢᠭᠦᠨ ᠪᠠᠶᠠᠷ ᠤᠨ ᠠᠮᠠᠷᠠᠯᠲᠠ ᠳᠤ ᠶᠡᠭᠡ ᠪᠠᠷ ᠦᠨ᠎ᠡ ᠲᠠᠯᠪᠢᠬᠤ ᠵᠢᠴᠢ 2021 ᠣᠨ | ᠤ ᠡᠵᠡᠨ ᠬᠤᠷᠤᠭ᠎ᠠ ᠬᠤᠰᠢᠭᠤᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ᠂ ᠣᠷᠳᠣᠰ ᠬᠤᠲᠠ ᠶᠢᠨ ᠶᠢᠨ ᠳ᠋ᠢᠩ | ᠾᠧᠩ ᠬᠡᠲᠦ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠵᠡᠷᠭᠡ 3 ᠤᠳᠠᠭᠠᠨ | ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠮᠠᠨ ᠤ ᠬᠤᠰᠢᠭᠤᠨ ᠤ ︽ᠰᠦᠨᠢ ᠶᠢᠨ ᠵᠠᠬ᠎ᠠ | ᠲᠡᠯᠬᠡᠬᠦᠷ︾ ᠤᠨ ᠠᠵᠤ ᠦᠶᠯᠡᠰ ᠢ ᠤᠯᠠᠮ ᠨᠢᠭᠡ ᠠᠯᠬᠤᠮ ᠪᠣᠶᠢᠵᠢᠭᠤᠯᠤᠨ ᠬᠥᠭᠵᠢᠭᠦᠯᠬᠦ ᠪᠠᠷ ᠲᠥᠯᠥᠪᠯᠡᠵᠦ ᠪᠣᠶ᠃ | | 3᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠪᠥᠬᠦ ᠬᠤᠰᠢᠭᠤᠨ | ᠤ 94 ᠲᠣᠰᠣ ᠨᠡᠮᠡᠬᠦ ᠥᠷᠲᠡᠭᠡ᠂ 17 ᠮᠠᠰᠢᠨ ᠲᠡᠷᠭᠡᠨ ᠤ ᠭᠦᠶᠯᠭᠡᠭᠡᠨ ᠤ ᠠᠵᠤ ᠠᠬᠤᠶᠢᠯᠠᠯ᠂ 2 ᠳᠠᠬᠢᠯᠲᠠ ᠡᠬᠢ | ᠪᠠᠶᠠᠯᠢᠭ ᠢ ᠪᠤᠴᠠᠭᠠᠨ ᠬᠤᠷᠢᠶᠠᠬᠤ ᠠᠵᠤ ᠠᠬᠤᠶᠢᠯᠠᠯ᠂ 1 ᠳᠠᠪᠤᠰᠤᠨ ᠤ ᠦᠶᠯᠡᠰ ᠤᠨ ᠺᠣᠮᠫᠠᠨᠢ ᠳᠤ ᠠᠵᠢᠯ ᠲᠥᠷᠥᠯ | ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠠᠵᠢᠯ ᠲᠥᠷᠥᠯ ᠤᠨ ᠡᠮᠬᠢ ᠳᠢᠭᠯᠢᠮ ᠢ | ᠵᠢᠷᠤᠮᠵᠢᠭᠤᠯᠤᠨ᠂ ᠠᠵᠢᠯ ᠲᠥᠷᠥᠯ ᠤᠨ ᠬᠥᠭᠵᠢᠯᠲᠡ ᠶᠢᠨ ᠬᠢᠷᠢ ᠲᠦᠪᠰᠢᠨ ᠪᠠ ᠦᠶᠯᠡᠴᠢᠯᠡᠭᠡᠨ ᠤ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | | | | | | |