ᠵᠠᠮ ᠤᠨ ᠠᠭᠤᠯᠵᠠᠷ ᠲᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2021/8/30
   ᠵᠢᠶᠦ᠋ᠨ ᠸᠠᠩ ᠤᠨ ᠣᠳᠣ ᠦᠶ᠎ᠡ ᠶᠢᠨ ᠬᠤᠲᠠ ᠶᠢᠨ ᠲᠣᠭᠤᠷᠢᠭ ᠤᠨ ᠬᠤᠶᠢᠲᠤ ᠶᠡᠭᠡ ᠬᠠᠭᠠᠯᠭ᠎ᠠ ᠶᠢᠨ ᠣᠷᠣᠵᠤ ᠭᠠᠷᠬᠤ ᠵᠠᠮ ᠤᠨ ᠪᠠᠶᠢᠭᠤᠯᠤᠭᠳᠠᠭᠰᠠᠨ ᠵᠢᠯ ᠬᠤᠭᠤᠴᠠᠭ᠎ᠠ ᠨᠢ ᠤᠷᠲᠤ᠂ ᠵᠠᠮ ᠤᠨ ᠭᠠᠳᠠᠷᠭᠤ ᠨᠢ ᠬᠤᠲᠣᠭᠤᠷ ᠭᠦᠳᠦᠭᠦᠷ ᠲᠡᠭᠰᠢ ᠦᠭᠡᠶ᠂ ᠬᠤᠩᠭᠢᠯ ᠤᠨ ᠦᠵᠡᠭᠳᠡᠯ ᠨᠡᠯᠢᠶᠡᠳ ᠬᠦᠨᠳᠦ ᠨᠣᠴᠢᠲᠠᠶ ᠪᠠᠶᠢᠵᠤ᠂ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠠᠮᠢᠳᠤᠷᠠᠯ᠂ ᠶᠠᠪᠤᠵᠤ ᠰᠠᠭᠤᠬᠤ ᠳᠤ ᠳᠥᠭᠦᠮ ᠦᠭᠡᠢ ᠪᠠᠶᠢᠳᠠᠭ᠃ 7 ᠰᠠᠷ᠎ᠠ ᠎ ᠶᠢᠨ 29᠎ ᠤ ᠡᠳᠦᠷ᠂ ᠬᠤᠰᠢᠭᠤᠨ ᠤ ᠬᠤᠲᠠ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ ᠲᠥᠪ ᠠᠴᠠ ᠥᠭᠡᠷᠡᠴᠢᠯᠡᠨ ᠵᠠᠰᠠᠪᠠ  ᠃ ᠲᠣᠰ ᠤᠳᠠᠭᠠᠨ ᠤ ᠵᠠᠮ ᠵᠠᠰᠠᠬᠤ ᠲᠥᠷᠥᠯ ᠵᠦᠶᠯ ᠤᠨ ᠬᠤᠶᠢᠲᠤ ᠲᠠᠯ᠎ᠠ ᠨᠢ ᠵᠠᠰᠠᠭ ᠵᠡᠭᠡᠯᠢ ᠠᠴᠠ ᠡᠬᠢᠯᠡᠵᠦ᠂ ᠡᠮᠦᠨᠡᠰᠢ ᠪᠠᠨ ᠵᠢᠶᠦ᠋ᠨ ᠸᠠᠩ ᠤᠨ ᠣᠲᠣ ᠦᠶ᠎ᠡ ᠶᠢᠨ ᠬᠤᠲᠠ ᠶᠢᠨ ᠬᠤᠶᠢᠲᠤ ᠡᠭᠦᠳᠡ ᠬᠦᠷᠴᠦ᠂ ᠨᠡᠶᠢᠲᠡ 180 ᠲᠡᠭᠰᠢ ᠳᠥᠷᠪᠡᠯᠵᠢᠨ ᠮᠧᠲᠷ ᠰᠡᠯᠪᠢᠨ ᠵᠠᠰᠠᠪᠠ  ᠃     ᠣᠶᠢᠷ᠎ᠠ ᠬᠠᠪᠢ ᠳᠤ ᠰᠠᠭᠤᠵᠤ ᠪᠠᠶᠢᠭ᠎ᠠ ᠸᠠᠩ ᠠᠪᠤᠭᠠᠶ᠄ ︽ᠡᠨᠡ ᠵᠠᠮ ᠢ ᠲᠠᠰ ᠳᠡᠪᠰᠢᠭᠦᠯᠦᠨ ᠥᠭᠡᠷᠡᠴᠢᠯᠡᠭᠰᠡᠨ ᠨᠢ ᠰᠠᠭᠤᠭᠠᠯᠢ ᠲᠣᠭᠤᠷᠢᠭ ᠤᠨ ᠪᠦᠬᠦᠶᠢᠯᠡ ᠣᠷᠴᠢᠨ ᠲᠣᠭᠤᠷᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠢᠳᠡ ᠪᠦᠬᠦᠨ ᠤ ᠶᠠᠪᠤᠵᠤ ᠰᠠᠭᠤᠬᠤ ᠳᠤ ᠴᠤ ᠲᠥᠬᠦᠮ ᠪᠣᠯᠵᠠᠶ᠃ ᠲᠡᠷᠡ ᠮᠥᠷᠲᠡᠭᠡᠨ ᠸᠠᠩ ᠠᠪᠤᠭᠠᠶ ᠪᠠᠷᠢᠯᠭ᠎ᠠ ᠶᠢᠨ ᠠᠵᠢᠯᠲᠠᠨ ᠤ ᠪᠠᠷᠢᠯᠭ᠎ᠠ ᠶᠢᠨ ᠠᠵᠢᠯ ᠳᠤ ᠲᠥᠬᠦᠮ ᠦᠵᠡᠭᠦᠯᠬᠦ ᠶᠢᠨ ᠲᠥᠯᠥᠭᠡ᠂ ᠪᠠᠰᠠ ᠪᠡᠶ᠎ᠡ ᠪᠠᠷ ᠢᠶᠠᠨ ᠬᠦᠷᠴᠦ ᠰᠠᠭᠤᠭᠠᠯᠢ ᠲᠣᠭᠤᠷᠢᠭ ᠢᠶᠠᠷ ᠣᠷᠣᠵᠤ ᠭᠠᠷᠬᠤ ᠶᠠᠪᠠᠭᠠᠨ ᠬᠥᠮᠦᠨ᠂ ᠲᠡᠷᠭᠡ ᠬᠥᠰᠬᠡ ᠶᠢ ᠬᠠᠪᠰᠤᠷᠤᠨ ᠵᠢᠯᠣᠭᠤᠳᠴᠤ ᠥᠭᠴᠡᠶ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号