ᠡᠵᠡᠨ ᠬᠤᠷᠤᠭ᠎ᠠ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠱᠢ ᠭᠧ ᠲᠠᠢ ᠶᠡᠭᠡ ᠬᠥᠭᠦᠷᠭᠡ ᠶᠢᠨ ᠦᠶᠡᠷ ᠢ ᠰᠡᠷᠭᠡᠶᠢᠯᠡᠵᠦ ᠬᠠᠰᠢᠬᠤ ᠠᠵᠢᠯ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2021/8/30
       ᠡᠵᠡᠨ ᠬᠤᠷᠤᠭ᠎ᠠ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠱᠢ ᠭᠧ ᠲᠠᠢ ᠶᠡᠭᠡ ᠬᠥᠭᠦᠷᠭᠡ ᠶᠢᠨ ᠦᠶᠡᠷ ᠢ ᠰᠡᠷᠭᠡᠶᠢᠯᠡᠵᠦ ᠬᠠᠰᠢᠬᠤ ᠠᠵᠢᠯ ᠎ ᠳᠤ ᠢᠳᠡᠪᠬᠢᠲᠡᠶ ᠣᠷᠣᠯᠴᠠᠪᠠ᠃      ᠵᠤᠨ ᠤ ᠤᠯᠠᠷᠢᠯ ᠤᠨ ᠦᠶᠡᠷ ᠤᠨ ᠬᠤᠭᠤᠴᠠᠭᠠᠨ ᠤ ᠨᠥᠯᠥᠭᠡ ᠠᠴᠠ ᠪᠤᠯᠵᠤ᠂ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡ ᠪᠠᠯᠭᠠᠰᠤ ᠠᠴᠠ ᠲᠤᠬᠤᠢ ᠶᠢᠨ ᠵᠤᠤ ᠬᠦᠷᠬᠦ ᠵᠠᠰᠠᠮᠠᠯ ᠵᠠᠮ ( X 622 ᠱᠤᠭᠤᠮ ) ᠎ ᠤᠨ ᠱᠢ ᠭᠧ ᠲᠠᠢ ᠶᠡᠭᠡ ᠬᠥᠭᠦᠷᠭᠡ ᠶᠢᠨ ᠤᠰᠤ ᠥᠩᠭᠡᠷᠡᠬᠦ ᠵᠠᠮ ᠳᠤ ᠲᠤᠶᠢᠯ ᠤᠨ ᠶᠡᠭᠡ ᠠᠮᠤᠷ ᠲᠦᠪᠰᠢᠨ ᠤ ᠭᠡᠮ ᠰᠣᠭᠤᠭ ᠣᠷᠣᠰᠢᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠲᠤᠰ ᠵᠠᠮ ᠤᠨ ᠬᠡᠰᠡᠭ ᠎ ᠲᠤ ᠪᠦᠬᠦᠨ ᠢ ᠪᠢᠲᠡᠭᠦᠮᠵᠢᠯᠡᠨ ᠪᠠᠷᠢᠯᠭ᠎ᠠ ᠪᠠᠷᠢᠵᠤ᠂ ᠬᠠᠤᠯᠢ ᠬᠡᠷᠡᠭᠵᠢᠭᠦᠯᠬᠦ ᠶᠡᠭᠡ ᠠᠩᠬᠢ ᠨᠢ ᠡᠵᠡᠨ ᠬᠤᠷᠤᠭ᠎ᠠ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠲᠠᠢ ᠬᠠᠮᠲᠤ ᠡᠳᠦᠷ ᠪᠦᠷᠢ 10 ᠬᠥᠮᠦᠨ ᠲᠣᠮᠢᠯᠠᠨ ᠵᠠᠮ ᠬᠠᠷᠢᠯᠴᠠᠭ᠎ᠠ ᠶᠢ ᠰᠢᠯᠤᠭᠤᠳᠬᠠᠬᠤ ᠠᠵᠢᠯ ᠳᠤ ᠣᠷᠣᠯᠴᠠᠭᠤᠯᠵᠤ᠂ ᠠᠮᠤᠷ ᠲᠦᠪᠰᠢᠨ ᠢ ᠦᠨᠡᠨ ᠬᠦ ᠪᠠᠲᠤᠯᠠᠪᠠ  ᠃      ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠤᠯᠭ᠎ᠠ ᠪᠠᠨ ᠴᠢᠩᠭᠠᠳᠬᠠᠪᠠ᠃      ᠬᠠᠤᠯᠢ ᠬᠡᠷᠡᠭᠵᠢᠭᠦᠯᠬᠦ ᠶᠡᠭᠡ ᠠᠩᠭᠢ ᠱᠢ ᠭᠧ ᠲᠠᠢ ᠶᠡᠭᠡ ᠬᠥᠭᠦᠷᠭᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠰᠢᠯᠭ᠎ᠠ ᠶᠢ ᠪᠥᠭᠯᠡᠬᠦ ᠵᠢᠵᠢᠭᠦᠷ ᠤᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠶᠡᠭᠡ ᠠᠩᠭᠢ ᠶᠢᠨ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠡᠯ᠎ᠡ ᠲᠠᠰᠤᠭ ᠤᠨ ᠳᠠᠷᠤᠭ᠎ᠠ ᠪᠠᠷ ᠪᠦᠷᠢᠯᠳᠦᠬᠦᠨ ᠪᠣᠯᠭᠠᠭᠰᠠᠨ ᠤᠳᠤᠷᠢᠳᠬᠤ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠤᠭᠰᠠᠨ ᠪᠥᠭᠡᠳ ᠠᠮᠤᠷ ᠲᠦᠪᠰᠢᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠃      ᠬᠤᠶᠠᠷ᠂ ᠠᠮᠤᠷ ᠲᠦᠪᠰᠢᠨ ᠤ ᠵᠢᠵᠢᠭᠦᠷ ᠪᠠ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠠᠵᠢᠯ ᠢ ᠴᠢᠩᠭᠠᠳᠬᠠᠪᠠ᠃      ᠠᠮᠤᠷ ᠲᠦᠪᠰᠢᠨ ᠦᠶᠡᠷ ᠢ ᠰᠡᠷᠭᠡᠶᠢᠯᠡᠬᠦ ᠬᠤᠭᠤᠴᠠᠭᠠᠨ ᠳᠤ ᠵᠢᠵᠢᠭᠦᠷᠯᠡᠬᠦ ᠲᠦᠷᠢᠮ ᠪᠠ ᠠᠮᠤᠷ ᠲᠦᠪᠰᠢᠨ ᠤ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠵᠢᠵᠢᠭᠦᠷᠯᠡᠬᠦ ᠬᠤᠭᠤᠴᠠᠭᠠᠨ ᠳᠤ᠂ ᠶᠡᠭᠡ ᠠᠩᠭᠢ ᠶᠢᠨ ᠳᠠᠷᠤᠭ᠎ᠠ ᠦᠷᠭᠦᠯᠵᠢ ᠵᠢᠵᠢᠭᠦᠷᠯᠡᠵᠦ᠂ ᠬᠤᠪᠢᠳᠠᠨ ᠬᠠᠮᠢᠶᠠᠷᠴᠤ ᠪᠥᠬᠦᠶ ᠶᠡᠭᠡ ᠠᠩᠭᠢ ᠶᠢᠨ ᠳᠠᠷᠤᠭ᠎ᠠ ᠬᠠᠷᠢᠭᠤᠴᠠᠵᠤ᠂ ᠵᠢᠵᠢᠭᠦᠷᠯᠡᠵᠦ ᠰᠢᠮᠳᠠᠭᠤᠯᠤᠨ ᠪᠠᠶᠢᠴᠠᠭᠠᠬᠤ ᠲᠦᠷᠢᠮ ᠢ ᠴᠢᠩᠭᠠᠳᠬᠠᠨ᠂ ᠡᠯ᠎ᠡ ᠲᠠᠯ᠎ᠠ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠵᠢᠵᠢᠭᠦᠷᠯᠡᠭᠴᠢ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠴᠢᠮᠡᠭᠡ ᠬᠤᠯᠪᠣᠭᠠᠨ ᠤ ᠲᠥᠬᠦᠭᠡᠷᠦᠮᠵᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠨ᠎ᠠ᠃ ᠵᠢᠵᠢᠭᠦᠷᠯᠡᠬᠦ ᠬᠥᠮᠦᠰ ᠵᠢᠵᠢᠭᠦᠷᠯᠡᠭᠰᠡᠨ ᠲᠡᠮᠳᠡᠭᠯᠡᠯ ᠪᠠ ᠲᠤᠰᠢᠶᠠᠵᠤ ᠭᠥᠯᠢᠶᠡᠨ ᠠᠪᠬᠤ ᠭᠠᠷᠳᠠᠮ ᠢ ᠬᠢᠨᠠᠮᠠᠭᠠᠶ ᠰᠠᠶᠢᠲᠤᠷ ᠬᠢᠵᠦ᠂ ᠵᠢᠵᠢᠭᠦᠷᠯᠡᠭᠰᠡᠨ ᠪᠠᠶᠢᠳᠠᠯ ᠢᠶᠠᠨ ᠴᠠᠭ ᠲᠤᠬᠠᠶ ᠳᠤᠨᠢ ᠨᠢᠭᠡᠴᠡ ᠳᠤ ᠮᠡᠳᠡᠭᠦᠯᠦᠨ ᠬᠦᠷᠭᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠪᠡ᠃      ᠡᠵᠡᠨ ᠬᠤᠷᠤᠭ᠎ᠠ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠡᠭᠡ ᠠᠩᠭᠢ      2021 ᠣᠨ ᠤ 7 ᠳ᠋ᠤᠭᠠᠷ ᠰᠠᠷ᠎ᠠ ᠶᠢᠨ 21᠎ ᠤ ᠡᠳᠦᠷ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号