ᠬᠤᠰᠢᠭᠤᠨ ᠤ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ ᠤᠨ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠲᠡᠭᠦᠰ ᠠᠮᠵᠢᠯᠲᠠ ᠲᠠᠢ ᠪᠡᠶᠡᠯᠡᠭᠳᠡᠪᠡ
ᠨᠡᠶᠢᠲᠡᠯᠡᠭᠰᠡᠨ ᠴᠠᠭ᠄
2021/8/30
       2021 ᠣᠨ ᠤ 8 ᠰᠠᠷ᠎ᠠ ᠶᠢᠨ 2᠎ ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠣᠭᠠᠨ ᠎ ᠤ ᠵᠥᠪᠯᠡᠯ ᠤᠨ ᠨᠠᠮ ᠤᠨ ᠡᠭᠦᠷ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠨᠠᠮ ᠤᠨ ᠭᠡᠰᠢᠭᠦᠨ ᠎ ᠤ ᠶᠡᠭᠡ ᠬᠤᠷᠠᠯ ᠨᠢ ᠪᠥᠬᠦ ᠨᠠᠮ ᠤᠨ ᠭᠡᠰᠢᠭᠦᠨ ᠤ ᠬᠠᠮᠲᠤ ᠶᠢᠨ ᠴᠢᠷᠮᠠᠶᠢᠯᠭ᠎ᠠ ᠪᠠᠷ ᠨᠠᠮ ᠤᠨ ᠡᠭᠦᠷ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠲᠤᠰ ᠤᠳᠠᠭ᠎ᠠ ᠶᠢᠨ ᠬᠤᠷᠠᠯ ᠢ ᠵᠣᠬᠢᠶᠠᠨ ᠪᠠᠶᠢᠭᠤᠯᠬᠤ ᠲᠡᠰ ᠳᠠᠷᠠᠭᠠᠯᠠᠯ ᠪᠣᠯᠤᠨ ᠰᠣᠩᠭᠤᠭᠤᠯᠢ ᠶᠢᠨ ᠶᠠᠪᠤᠴᠠ ᠶᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠰᠣᠩᠭᠤᠭᠤᠯᠢ ᠶᠢᠨ ᠶᠡᠭᠡ ᠬᠤᠷᠠᠯ ᠢ ᠨᠠᠮ ᠤᠨ ᠭᠡᠰᠢᠭᠦᠨ ᠨᠢᠭᠤᠴᠠ ᠪᠢᠯᠧᠲ ᠥᠭᠴᠦ᠂ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠤᠳᠤᠷᠢᠳᠬᠤ ᠪᠠᠭ ᠢ ᠤᠷᠤᠭᠰᠢᠲᠠᠢ ᠰᠣᠩᠭᠤᠨ ᠭᠠᠷᠭᠠᠪᠠ᠃ ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠳᠡᠭᠡᠷ᠎ᠡ ᠬᠤᠭᠤᠴᠠᠭᠠᠨ ᠤ ᠨᠠᠮ ᠤᠨ ᠡᠭᠦᠷ ᠢ ᠲᠥᠯᠥᠭᠡᠯᠡᠨ ᠨᠠᠮ ᠤᠨ ᠡᠭᠦᠷ ᠤᠨ ᠠᠵᠢᠯ ᠤᠨ ᠮᠡᠳᠡᠭᠦᠯᠦᠯᠲᠡ ᠬᠢᠵᠦ᠂ ᠨᠠᠮ ᠤᠨ ᠭᠡᠰᠢᠭᠦᠨ ᠺᠠᠳ᠋ᠷ ᠰᠣᠩᠭᠤᠭᠤᠯᠢ ᠶᠢᠨ ᠠᠷᠭ᠎ᠠ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ ᠶᠢᠨ ᠨᠡᠷᠡᠰ ᠢ ᠭᠠᠷ ᠡᠷᠭᠦᠨ ᠪᠠᠲᠤᠯᠠᠵᠤ᠂ ᠨᠢᠭᠤᠴᠠ ᠰᠣᠩᠭᠤᠭᠤᠯᠢ ᠶᠢᠨ ᠠᠷᠭ᠎ᠠ ᠪᠠᠷ᠂ ᠵᠥᠷᠢᠶᠡᠲᠦ ᠰᠣᠩᠭᠤᠭᠤᠯᠢ ᠶᠢᠨ ᠠᠷᠭ᠎ᠠ ᠪᠠᠷ᠂ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠭᠡᠰᠢᠭᠦᠨ ᠢ ᠰᠣᠩᠭᠤᠨ ᠭᠠᠷᠭᠠᠪᠠ᠃ ᠲᠠᠷᠠᠭ᠎ᠠ ᠨᠢ ᠰᠢᠨ᠎ᠡ ᠪᠠᠷ ᠰᠣᠩᠭᠤᠭᠳᠠᠭᠰᠠᠨ ᠡᠭᠦᠷ ᠤᠨ ᠭᠡᠰᠢᠭᠦᠳ ᠠᠩᠬᠠᠳᠤᠭᠠᠷ ᠤᠳᠠᠭᠠᠨ ᠤ ᠡᠭᠦᠷ ᠤᠨ ᠭᠡᠰᠢᠭᠦᠳ ᠤᠨ ᠬᠤᠷᠠᠯ ᠢ ᠬᠤᠷᠠᠯᠳᠤᠭᠤᠯᠵᠤ᠂ ᠡᠭᠦᠷ ᠤᠨ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ ᠢ ᠰᠣᠩᠭᠤᠨ ᠭᠠᠷᠭᠠᠪᠠ᠃ ᠰᠢᠨ᠎ᠡ ᠪᠠᠷ ᠰᠣᠩᠭᠤᠭᠳᠠᠭᠰᠠᠨ ᠭᠡᠰᠢᠭᠦᠳ᠂ ᠥᠩᠭᠡᠷᠡᠭᠰᠡᠨ ᠬᠤᠭᠤᠴᠠᠭᠠᠨ ᠤ ᠨᠠᠮ ᠤᠨ ᠡᠭᠦᠷ ᠤᠨ ᠰᠠᠶᠢᠨ ᠲᠤᠷᠰᠢᠯᠭ᠎ᠠ ᠬᠢᠳᠡᠯ ᠢ ᠵᠠᠯᠭᠠᠮᠵᠢᠯᠠᠨ ᠪᠠᠳᠠᠷᠠᠭᠤᠯᠵᠤ᠂ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠶᠯᠡᠳᠦᠯ ᠢ ᠭᠦᠶᠴᠡᠳ ᠪᠠᠳᠠᠷᠠᠭᠤᠯᠵᠤ᠂ ᠪᠠᠶᠢᠭᠤᠯᠤᠮᠵᠢ ᠣᠷᠣᠨ ᠲᠤᠭ᠎ᠠ ᠶᠢᠨ ᠠᠵᠢᠯ ᠤᠨ ᠲᠠᠰᠤᠷᠠᠯᠲᠠ ᠥᠬᠡᠶ ᠬᠥᠭᠵᠢᠬᠦ ᠳᠤ ᠤᠯᠤᠰ ᠲᠥᠷᠥ ᠶᠢᠨ ᠪᠠᠲᠤᠯᠠᠭ᠎ᠠ ᠬᠠᠩᠭᠠᠵᠤ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ ᠪᠠ ᠰᠤᠷᠲᠠᠯ ᠤᠨ ᠪᠠᠲᠤᠯᠠᠭ᠎ᠠ ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号