ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠎ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/30
       ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠬᠤ ᠲᠤᠬᠠᠶ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠨᠠᠮ ᠤᠨ ᠡᠭᠦᠷ ᠨᠠᠷᠢᠨ ᠬᠢᠨᠠᠮᠠᠭᠠᠶ ᠲᠥᠯᠥᠪᠯᠡᠨ ᠪᠠᠶᠢᠷᠢᠯᠠᠭᠤᠯᠵᠤ᠂ ᠨᠠᠷᠢᠨ ᠨᠢᠮᠪᠠᠶ ᠪᠡᠯᠡᠳᠬᠡᠵᠦ᠂ ᠬᠤᠷᠠᠯ ᠠᠴᠠ ᠡᠮᠦᠨ᠎ᠡ ᠲᠤᠰᠬᠠᠶ ᠰᠡᠳᠦᠪᠲᠦ ᠰᠤᠷᠤᠯᠴᠠᠯᠭ᠎ᠠ ᠬᠢᠵᠦ᠂ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠨᠠᠮ ᠤᠨ ᠡᠭᠦᠷ ᠪᠠ ᠨᠠᠮ ᠤᠨ ᠭᠡᠰᠢᠭᠦᠨ ᠬᠤᠪᠢ ᠬᠥᠮᠦᠨ ᠤ ᠪᠠᠶᠢᠴᠠᠭᠠᠨ ᠵᠠᠳᠠᠯᠤᠭᠰᠠᠨ ᠮᠠᠲ᠋ᠧᠷᠢᠶᠠᠯ ᠢ ᠨᠠᠷᠢᠨ ᠬᠢᠨᠠᠮᠠᠭᠠᠶ ᠪᠢᠴᠢᠵᠦ᠂ ᠨᠠᠮ ᠎ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠵᠥᠪᠰᠢᠶᠡᠷᠡᠯ ᠢᠶᠠᠷ 8 ᠰᠠᠷ᠎ᠠ ᠶᠢᠨ 2᠎ ᠤᠨ ᠦᠳᠡ ᠶᠢᠨ ᠬᠤᠶᠢᠨ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠎ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠢᠪᠠ  ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠮᠠ ᠵᠢᠶᠦ᠋ᠨ ᠨᠥᠬᠦᠷ ᠪᠥᠬᠦ ᠶᠠᠪᠤᠴᠠ ᠳᠤ ᠵᠢᠭᠠᠨ ᠵᠢᠯᠣᠭᠤᠳᠴᠤ᠂ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠤᠨ ᠡᠷᠬᠢᠯᠡᠭᠴᠢ ᠯᠢᠦ ᠰᠢᠤᠸᠠᠢ ᠳ᠋ᠦᠩ ᠬᠤᠷᠠᠯ ᠡᠷᠭᠢᠯᠡᠨ ᠬᠤᠷᠠᠯᠳᠤᠭᠤᠯᠪᠠ  ᠃      ᠬᠤᠷᠠᠯ ᠠᠴᠠ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠪᠠᠶᠢᠳᠠᠯ ᠢ ᠮᠡᠳᠡᠭᠳᠡᠵᠦ᠂ ᠳᠠᠷᠠᠭ᠎ᠠ ᠨᠢ ᠯᠢᠦ ᠰᠢᠤᠸᠠᠢ ᠳ᠋ᠦᠩ ᠨᠥᠬᠦᠷ ᠨᠠᠮ ᠤᠨ ᠲᠡᠦᠬᠡ ᠎ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ᠂ ᠶᠡᠭᠡ ᠲᠠᠯ᠎ᠠ ᠳᠤ ᠦᠨᠡᠨ ᠬᠦ ᠦᠶᠯᠡᠴᠢᠯᠡᠬᠦ᠂ ᠨᠠᠮ ᠤᠨ ᠡᠭᠦᠷ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠭᠤᠷᠪᠠᠨ ᠲᠠᠯ᠎ᠠ ᠶᠢᠨ ᠲᠣᠭᠤᠷᠢᠨ ᠳᠤ ᠪᠥᠬᠦ ᠨᠠᠮ ᠎ ᠤᠨ ᠭᠡᠰᠢᠭᠦᠨ ᠳᠤ ᠨᠠᠮ ᠤᠨ ᠡᠭᠦᠷ ᠤᠨ ᠳᠡᠭᠡᠷ᠎ᠡ ᠬᠠᠭᠠᠰ ᠵᠢᠯ ᠤᠨ ᠠᠵᠢᠯ ᠤᠨ ᠪᠠᠶᠢᠳᠠᠯ ᠢ ᠮᠡᠳᠡᠭᠦᠯᠵᠦ᠂ ᠨᠠᠮ ᠤᠨ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠵᠢᠴᠢ ᠠᠰᠠᠭᠤᠳᠠᠯ ᠢ ᠪᠠᠶᠢᠴᠠᠭᠠᠨ ᠦᠵᠡᠭᠰᠡᠨ ᠪᠠᠶᠢᠳᠠᠯ ᠢ ᠭᠤᠤᠯᠳᠠᠯᠭ᠎ᠠ ᠲᠠᠢ ᠮᠡᠳᠡᠭᠦᠯᠪᠡ᠃ ᠳᠠᠷᠠᠭ᠎ᠠ ᠨᠢ᠂ ᠨᠠᠮ ᠤᠨ ᠭᠡᠰᠢᠭᠦᠳ ᠨᠢᠭᠡᠳ ᠨᠢᠭᠡ ᠪᠠᠷ ᠪᠠᠶᠢᠴᠠᠭᠠᠨ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠪᠠᠷ ᠥᠷᠨᠢᠭᠦᠯᠪᠡ  ᠃      ᠬᠤᠷᠠᠯ ᠠᠴᠠ᠂ ᠨᠠᠮ ᠤᠨ ᠡᠭᠦᠷ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠬᠤ᠂ ᠠᠰᠠᠭᠤᠳᠠᠯ ᠢ ᠰᠢᠶᠳᠪᠦᠷᠢᠯᠡᠬᠦ᠂ ᠣᠯᠠᠨ ᠲᠦᠮᠡᠨ ᠳᠤ ᠦᠶᠯᠡᠴᠢᠯᠡᠬᠦ ᠪᠠᠷ ᠬᠦᠴᠦᠯᠡᠬᠦ ᠴᠡᠭ ᠪᠣᠯᠭᠠᠵᠤ᠂ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾᠎ ᠢ ᠡᠭᠦᠳᠦᠨ ᠪᠠᠶᠢᠭᠤᠯᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号