ᠣᠷᠳᠣᠰ ᠬᠤᠲᠠ ᠶᠢᠨ ᠡᠨᠧᠷᠭᠢ ᠶᠢᠨ ᠲᠣᠪᠴᠢᠶ᠎ᠠ ᠲᠤᠰᠬᠠᠶ ᠮᠡᠷᠭᠡᠵᠢᠯᠲᠡᠨ ᠢ ᠵᠤᠬᠢᠶᠠᠨ ᠪᠠᠶᠢᠭᠤᠯᠤᠨ ᠸᠠᠩ ᠵᠢᠶᠠ ᠲᠠ ᠨᠡᠭᠦᠷᠡᠰᠦᠨ ᠠᠭᠤᠷᠬᠠᠶ ᠶᠢᠨ ᠠᠶᠤᠯᠭᠦᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠤᠨ ᠠᠩᠬᠠᠨ ᠤ ᠦᠨᠡᠯᠡᠯᠲᠡ ᠶᠢᠨ ᠠᠵᠢᠯ ᠢ ᠬᠢᠪᠡ
ᠨᠡᠶᠢᠲᠡᠯᠡᠭᠰᠡᠨ ᠴᠠᠭ᠄
2021/8/30
     ︽ᠨᠡᠭᠦᠷᠡᠰᠦᠨ ᠠᠭᠤᠷᠬᠠᠶ ᠶᠢᠨ ᠠᠶᠤᠯᠭᠦᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠎ ᠶᠢᠨ ᠰᠢᠰᠲ᠋ᠧᠮᠵᠢ ᠶᠢᠨ ᠦᠨᠳᠦᠰᠦᠨ ᠱᠠᠭᠠᠷᠳᠠᠯᠭ᠎ᠠ ᠵᠢᠴᠢ ᠬᠤᠪᠢ ᠲᠣᠭᠲᠠᠭᠠᠬᠤ ᠠᠷᠭ᠎ᠠ︾᠎ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ 2021 ᠣᠨ ᠤ 8 ᠳ᠋ᠤᠭᠠᠷ ᠰᠠᠷ᠎ᠠ ᠶᠢᠨ 4᠎ ᠤ ᠡᠳᠦᠷ ᠣᠷᠳᠣᠰ ᠬᠤᠲᠠ ᠶᠢᠨ ᠡᠨᠧᠷᠭᠢ ᠶᠢᠨ ᠲᠣᠪᠴᠢᠶ᠎ᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠮᠠᠨ ᠤ ᠬᠤᠰᠢᠭᠤᠨ ᠤ ᠬᠢᠯᠢ ᠳᠣᠲᠣᠷᠠᠬᠢ ᠸᠠᠩ ᠵᠢᠶᠠ ᠲᠠ ᠨᠡᠭᠦᠷᠡᠰᠦᠨ ᠠᠭᠤᠷᠬᠠᠶ ᠳᠤ ᠠᠶᠤᠯᠭᠦᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠠᠩᠬᠠᠨ ᠤ ᠰᠢᠯᠭᠠᠷᠠᠭᠤᠯᠤᠯᠲᠠ ᠶᠢᠨ ᠠᠵᠢᠯ ᠢ ᠬᠢᠪᠠ  ᠃      ᠲᠤᠰᠬᠠᠶ ᠮᠡᠷᠭᠡᠵᠢᠯᠲᠡᠨ ᠤ ᠳᠤᠭᠤᠶᠢᠯᠠᠩ ᠵᠢᠷᠤᠭ ᠲᠥᠰᠦᠪ ᠲᠠᠢ ᠤᠶᠠᠯᠳᠤᠭᠤᠯᠤᠨ ᠲᠣᠰ ᠠᠭᠤᠷᠬᠠᠶ ᠶᠢᠨ ᠲᠤᠬᠠᠶ ᠣᠶᠢᠯᠠᠭᠠᠭᠳᠠᠬᠤᠨ ᠤ ᠬᠠᠷᠠᠯᠲᠠ ᠪᠠ ᠠᠭᠤᠷᠬᠠᠶ ᠶᠢᠨ ᠳᠠᠷᠤᠭ᠎ᠠ ᠶᠢᠨ ᠠᠮᠤᠷ ᠲᠦᠪᠰᠢᠨ ᠤ ᠠᠮᠠᠯᠠᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ᠂ ᠠᠵᠢᠯ ᠡᠷᠬᠢᠯᠡᠭᠴᠢᠳ ᠤᠨ ᠬᠡᠪ ᠪᠣᠯᠪᠠᠰᠤᠷᠠᠯ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ᠂ ᠠᠳᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ᠂ ᠶᠠᠰᠤ ᠴᠢᠨᠠᠷ ᠢ ᠡᠵᠡᠮᠳᠡᠬᠦ᠂ ᠦᠷᠭᠦᠯᠵᠢᠯᠡᠨ ᠰᠠᠶᠢᠵᠢᠷᠠᠭᠤᠯᠬᠤ ᠵᠡᠷᠭᠡ ᠠᠵᠢᠯ ᠢ ᠪᠥᠬᠦ ᠲᠠᠯ᠎ᠠ ᠪᠠᠷ ᠪᠠᠶᠢᠴᠠᠭᠠᠪᠠ  ᠃ ᠬᠠᠮᠤᠭ ᠰᠡᠭᠦᠯᠴᠢ ᠶᠢᠨ ᠠᠩᠬᠠᠨ ᠤ ᠦᠨᠡᠯᠡᠯᠲᠡ ᠶᠢᠨ ᠦᠷ᠎ᠡ ᠳ᠋ᠦᠩ ᠨᠢ ᠨᠡᠭᠦᠷᠡᠰᠦᠨ ᠠᠭᠤᠷᠬᠠᠢ ᠶᠢᠨ ᠮᠡᠳᠡᠭᠦᠯᠦᠭᠰᠡᠨ ᠬᠤᠶᠠᠳᠤᠭᠠᠷ ᠳᠡᠰ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠰᠢᠰᠲ᠋ᠧᠮ ᠤᠨ ᠠᠭᠤᠷᠬᠠᠢ ᠶᠢᠨ ᠬᠤᠳᠳᠤᠭ ᠲᠠᠢ ᠨᠡᠶᠢᠴᠡᠨ᠎ᠡ᠃      ᠲᠣᠰ ᠤᠳᠠᠭ᠎ᠠ ᠨᠡᠭᠦᠷᠡᠰᠦᠨ ᠠᠭᠤᠷᠬᠠᠶ ᠶᠢ ᠦᠷᠭᠦᠯᠵᠢᠯᠡᠨ ᠬᠠᠯᠠᠨ ᠰᠠᠶᠢᠵᠢᠷᠠᠭᠤᠯᠵᠤ᠂ ᠠᠶᠤᠯᠭᠦᠶ ᠦᠶᠯᠡᠳᠪᠦᠷᠢᠯᠡᠯ ᠤᠨ ᠬᠠᠮᠢᠶᠠᠷᠤᠯᠲᠠ ᠶᠢ ᠲᠠᠰᠤᠷᠠᠯᠲᠠ ᠥᠬᠡᠶ ᠵᠢᠷᠤᠮᠵᠢᠭᠤᠯᠤᠨ᠂ ᠨᠡᠭᠦᠷᠡᠰᠦᠨ ᠠᠭᠤᠷᠬᠠᠶ ᠶᠢᠨ ᠠᠶᠤᠯᠭᠦᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠵᠥᠭᠡᠯᠡᠨ ᠲᠣᠨᠤᠭ ᠬᠢᠭᠡᠳ ᠬᠠᠲᠠᠭᠤ ᠲᠣᠨᠤᠭ ᠢ ᠬᠠᠷᠢᠯᠴᠠᠨ ᠨᠢᠭᠡᠳᠬᠡᠵᠦ᠂ ᠬᠥᠳᠡᠯᠦᠩᠭᠦᠶ ᠪᠠᠶᠢᠳᠠᠯ ᠬᠢᠭᠡᠳ ᠲᠣᠭᠲᠠᠩᠭᠤᠶ ᠪᠠᠶᠢᠳᠠᠯ ᠢ ᠬᠠᠷᠢᠯᠴᠠᠨ ᠨᠢᠭᠡᠳᠬᠡᠵᠦ᠂ ᠶᠠᠪᠤᠴᠠ ᠬᠢᠭᠡᠳ ᠦᠷ᠎ᠡ ᠳ᠋ᠦᠩ ᠢ ᠬᠠᠷᠢᠯᠴᠠᠨ ᠨᠢᠭᠡᠳᠬᠡᠵᠦ᠂ ᠨᠡᠭᠦᠷᠡᠰᠦᠨ ᠠᠭᠤᠷᠬᠠᠶ ᠶᠢᠨ ᠠᠶᠤᠯ ᠥᠬᠡᠶ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠶᠤᠯᠭᠦᠶ ᠬᠥᠭᠵᠢᠯᠲᠡ ᠶᠢ ᠪᠡᠶᠡᠯᠡᠭᠦᠯᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号