| 8 ᠰᠠᠷ᠎ᠠ ᠶᠢᠨ 13 ᠤ ᠡᠳᠦᠷ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠴᠢᠮ ᠠᠷᠭᠠᠴᠠᠨ ᠰᠢᠶᠳᠪᠦᠷᠢᠯᠡᠬᠦ | ᠰᠣᠷᠢᠯᠲᠠ ᠬᠢᠪᠠ ᠃ | ᠲᠣᠰ ᠤᠳᠠᠭᠠᠨ ᠤ ᠰᠣᠷᠢᠯᠲᠠ ᠶᠢᠨ ᠠᠭᠤᠯᠭ᠎ᠠ ᠪᠣᠯ ᠡᠮᠨᠡᠯᠭᠡ ᠶᠢᠨ ᠬᠤᠷᠢᠶᠠᠨ ᠤ ᠤᠷᠢᠳᠴᠢᠯᠠᠨ ᠪᠠᠶᠢᠴᠠᠭᠠᠵᠤ | ᠰᠠᠯᠭᠠᠨ ᠣᠨᠣᠰᠢᠯᠠᠬᠤ ᠳᠤ ᠢᠯᠡᠷᠡᠭᠦᠯᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠵᠢᠭᠲᠡᠶ | ᠡᠪᠡᠳᠴᠢᠲᠡᠨ ᠢ ᠰᠢᠶᠳᠪᠦᠷᠢᠯᠡᠬᠦ ᠶᠠᠪᠤᠴᠠ ᠪᠣᠯᠤᠨ᠎ᠠ᠃ ᠰᠣᠷᠢᠯᠲᠠ ᠳᠤᠮᠳᠠ᠂ ᠡᠯ᠎ᠡ ᠰᠠᠯᠠᠭ᠎ᠠ ᠮᠥᠴᠢᠷ ᠦᠳᠲᠡᠷ | ᠲᠦᠷᠭᠡᠨ ᠴᠤᠤᠷᠢᠶᠠᠲᠤᠨ ᠳᠠᠭᠠᠵᠤ᠂ ᠨᠢᠭᠲᠠ ᠬᠠᠮᠵᠢᠯᠴᠠᠨ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠶᠠᠪᠤᠴᠠ | ᠨᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠶᠢᠪᠠ᠃ | ᠰᠣᠷᠢᠯᠲᠠ ᠪᠠᠷ ᠳᠡᠮᠵᠢᠨ᠂ ᠲᠣᠰ ᠡᠮᠨᠡᠯᠭᠡ ᠶᠢᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠡᠪᠡᠳᠴᠢᠲᠡᠨ ᠢ ᠭᠥᠯᠢᠶᠡᠨ ᠠᠪᠴᠤ ᠡᠮᠨᠡᠬᠦ᠂ ᠲᠤᠰᠠᠭᠠᠷᠯᠠᠬᠤ᠂ ᠬᠢᠵᠢᠭ ᠤᠨ ᠪᠠᠶᠢᠳᠠᠯ ᠢ ᠮᠡᠳᠡᠭᠦᠯᠬᠦ᠂ ᠰᠢᠯᠵᠢᠭᠦᠯᠦᠨ | ᠵᠥᠭᠡᠭᠡᠪᠦᠷᠢᠯᠡᠬᠦ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠵᠢᠴᠢ ᠠᠷᠢᠭᠤᠳᠬᠠᠬᠤ ᠵᠡᠷᠭᠡ ᠪᠠᠴᠢᠮ ᠪᠠᠶᠢᠳᠠᠯ ᠢ | ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠰᠢᠯᠭᠠᠨ ᠪᠠᠶᠢᠴᠠᠭᠠᠵᠤ᠂ ᠬᠠᠮᠢᠶ᠎ᠠ ᠪᠥᠬᠦᠶ ᠲᠦᠷᠢᠮ ᠪᠣᠯᠤᠨ ᠶᠠᠪᠤᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠤᠷᠢᠳᠴᠢᠯᠠᠨ | ᠰᠡᠷᠭᠡᠶᠢᠯᠡᠬᠦ ᠪᠠ ᠠᠪᠤᠷᠠᠨ ᠵᠠᠰᠠᠬᠤ ᠠᠵᠢᠯ ᠢ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ ᠪᠠᠷ᠂ ᠵᠢᠷᠤᠮᠵᠢᠯ ᠲᠠᠢ᠂ | ᠪᠦᠲᠦᠮᠵᠢᠲᠡᠶ ᠥᠷᠨᠢᠭᠦᠯᠬᠦ ᠳᠤ ᠢᠳᠡᠪᠬᠢᠲᠡᠶ ᠦᠶᠯᠡᠳᠦᠯ ᠦᠵᠡᠭᠦᠯᠪᠡ᠃ | | | | | | | |