| ᠯᠢ ᠺᠧ ᠴᠢᠶᠠᠩ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠳᠣᠯᠣᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠬᠤᠷᠠᠯ ᠳᠤ ᠣᠷᠣᠯᠴᠠᠬᠤ ᠳᠤ ᠪᠠᠨ | ᠬᠥᠷᠰᠢ ᠵᠡᠷᠭᠡᠯᠡᠳᠡᠭᠡ ᠶᠢᠨ ᠨᠥᠬᠦᠷᠰᠡᠭ ᠬᠠᠷᠢᠯᠴᠠᠭ᠎ᠠ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠥᠷᠭᠡᠳᠬᠡᠵᠦ᠂ ᠳᠡᠳ᠋ ᠣᠷᠣᠨ ᠪᠦᠰᠡ ᠶᠢᠨ ᠬᠥᠭᠵᠢᠯ ᠴᠡᠴᠡᠭᠯᠡᠯ ᠢ ᠠᠬᠢᠭᠤᠯᠵᠤ᠂ ᠭᠠᠵᠠᠷ | ᠣᠷᠣᠨ ᠤ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 9 ᠤ | ᠡᠳᠦᠷ ᠤᠨ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠡᠭᠡ ᠮᠸᠢᠢᠭᠤᠩ ᠮᠥᠷᠡᠨ ᠤ ᠳᠡᠳ᠋ | ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠳᠣᠯᠣᠳᠤᠭᠠᠷ ᠤᠳᠠᠭ᠎ᠠ ᠶᠢᠨ ᠤᠳᠤᠷᠢᠳᠬᠤ | ᠬᠥᠮᠦᠰ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠺᠠᠮᠪᠣᠵᠠ ᠶᠢᠨ ᠲᠡᠷᠢᠭᠦᠨ ᠰᠠᠶᠢᠳ ᠬᠤᠨᠰᠧᠨ ᠬᠤᠷᠠᠯ ᠢ | ᠡᠷᠬᠢᠯᠡᠵᠦ᠂ ᠯᠠᠤᠰ ᠤᠨ ᠵᠠᠰᠠᠭ ᠤᠨ ᠣᠷᠳᠣᠨ ᠤ ᠶᠡᠷᠦᠩᠬᠡᠢ ᠰᠠᠶᠢᠳ ᠫᠠᠨᠺᠠᠮ᠂ ᠪᠢᠷᠮᠠ ᠶᠢᠨ ᠤᠯᠤᠰ ᠤᠨ | ᠬᠠᠮᠢᠶᠠᠷᠤᠯᠲᠠ ᠶᠢᠨ ᠵᠥᠪᠯᠡᠯ ᠤᠨ ᠲᠡᠷᠢᠭᠦᠯᠡᠭᠴᠢ ᠮᠢᠨ ᠠᠦ᠋ᠩ ᠾᠯᠠᠶᠢᠩ᠂ ᠲᠠᠢ ᠤᠯᠤᠰ ᠤᠨ ᠶᠡᠷᠦᠩᠬᠡᠢ ᠰᠠᠶᠢᠳ | ᠫᠷᠠᠶᠦ᠋ᠲ᠂ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠪᠣᠯᠤᠨ ᠠᠽᠢᠶ᠎ᠠ ᠲᠢᠪ ᠤᠨ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠠᠰᠠᠺᠠᠸᠠ ᠮᠠᠰᠠᠼᠦᠬᠦ ᠬᠤᠷᠠᠯ ᠳᠤ ᠣᠷᠣᠯᠴᠠᠪᠠ᠃ ᠬᠤᠷᠠᠯ ᠨᠢ ᠸᠢᠳᠢᠣ᠋ | ᠬᠤᠷᠠᠯ ᠤᠨ ᠬᠡᠯᠪᠡᠷᠢ ᠪᠠᠷ ᠶᠠᠪᠤᠭᠳᠠᠪᠠ᠃ | | | | ᠯᠢ ᠺᠧ ᠴᠢᠶᠠᠩ ᠶᠠᠷᠢᠶᠠᠨ ᠳᠤ ᠪᠠᠨ᠂ ᠳᠤᠮᠳᠠᠳᠤ ᠤᠯᠤᠰ ᠪᠣᠯᠤᠨ ᠮᠸᠢᠢᠭᠤᠩ ᠮᠥᠷᠡᠨ ᠤ ᠤᠯᠤᠰ ᠤᠳ ᠪᠣᠯ | ᠬᠥᠷᠰᠢ ᠵᠡᠷᠭᠡᠯᠡᠳᠡᠭᠡ ᠤᠯᠤᠰ ᠪᠠᠶᠢᠵᠤ᠂ ᠨᠢᠭᠡ ᠭᠡᠷ ᠤᠨ ᠬᠥᠮᠦᠨ ᠰᠢᠭ ᠣᠶᠢᠷ᠎ᠠ ᠳᠣᠲᠣᠨᠣ ᠪᠠᠶᠢᠳᠠᠭ᠃ ᠰᠢ ᠶᠢᠨ | ᠫᠢᠩ ᠲᠡᠷᠢᠭᠦᠯᠡᠭᠴᠢ᠂ ᠡᠷᠬᠢᠨ ᠲᠣᠭᠤᠷᠢᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ | ᠭᠡᠵᠦ ᠳᠤᠷᠠᠳᠪᠠ᠃ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠭᠲᠠᠴᠠ ᠪᠠᠶᠢᠭᠤᠯᠤᠭᠳᠠᠭᠰᠠᠨ ᠠᠴᠠ ᠨᠠᠭᠠᠰᠢ᠂ ᠥᠪᠡᠷ ᠥᠪᠡᠷ ᠤᠨ ᠤᠯᠤᠰ ᠤᠨ ᠢᠶᠠᠨ ᠠᠵᠤ | ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠠᠰᠢᠭ ᠬᠦᠷᠲᠡᠭᠡᠵᠦ᠂ ᠭᠠᠵᠠᠷ | ᠣᠷᠣᠨ ᠤ ᠲᠣᠭᠲᠠᠭᠤᠨ ᠪᠠᠶᠢᠳᠠᠯ ᠪᠠ ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠪᠡ ᠭᠡᠵᠦ ᠢᠯᠡᠷᠬᠡᠶᠢᠯᠡᠪᠡ᠃ | | | | ᠯᠢ ᠺᠧ ᠴᠢᠶᠠᠩ ᠵᠢᠭᠠᠬᠤ ᠳᠤ ᠪᠠᠨ᠂ ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠮᠥᠨ ᠬᠦ ᠪᠦᠬᠦ ᠪᠥᠮᠪᠥᠷᠴᠡᠭ ᠲᠤ ᠲᠠᠬᠢᠨ ᠳᠠᠪᠲᠠᠨ ᠥᠷᠪᠢᠰᠴᠦ᠂ ᠳᠡᠯᠡᠬᠡᠢ ᠶᠢᠨ ᠠᠵᠤ | ᠠᠬᠤᠢ ᠶᠢᠨ ᠲᠣᠭᠲᠠᠭᠤᠨ ᠪᠤᠰᠤ ᠴᠢᠨᠠᠷ᠂ ᠥᠯᠥ ᠮᠡᠳᠡᠬᠦ ᠴᠢᠨᠠᠷ ᠨᠡᠮᠡᠭᠳᠡᠵᠦ᠂ ᠳᠡᠳ᠋ ᠣᠷᠣᠨ ᠪᠦᠰᠡ ᠶᠢᠨ ᠡᠯ᠎ᠡ | ᠤᠯᠤᠰ ᠤᠨ ᠠᠵᠤ ᠠᠬᠤᠢ ᠶᠢᠨ ᠰᠡᠷᠭᠦᠯᠲᠡ ᠪᠣᠯᠤᠨ ᠦᠷᠭᠦᠯᠵᠢᠯᠡᠬᠦᠶᠢᠴᠡ ᠨᠡᠮᠡᠭᠳᠡᠯ ᠨᠢ ᠰᠢᠨ᠎ᠡ ᠥᠷᠢᠰᠥᠯᠳᠦᠭᠡᠨ ᠳᠤ | ᠲᠤᠯᠭᠠᠷᠠᠵᠤ ᠪᠠᠶᠢᠨ᠎ᠠ᠃ ᠪᠢᠳᠡ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠤᠯᠤᠰ ᠲᠦᠷᠦ ᠶᠢᠨ | ᠢᠲᠡᠭᠡᠯᠴᠡᠭᠡ ᠪᠠᠨ ᠨᠡᠮᠡᠭᠳᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠬᠠᠮᠲᠤᠷᠠᠯᠴᠠᠭᠠᠨ ᠤ ᠬᠢᠷᠢ | ᠲᠦᠪᠰᠢᠨ ᠢᠶᠠᠨ ᠳᠡᠭᠡᠭᠰᠢᠯᠡᠭᠦᠯᠵᠦ᠂ ᠳᠡᠳ᠋ ᠣᠷᠣᠨ ᠪᠦᠰᠡ ᠶᠢᠨ ᠦᠷᠭᠦᠯᠵᠢᠯᠡᠬᠦᠶᠢᠴᠡ ᠪᠠ ᠪᠠᠭᠲᠠᠭᠠᠮᠵᠢᠲᠤ | ᠬᠥᠭᠵᠢᠯᠲᠡ ᠶᠢ ᠬᠠᠮᠲᠤ ᠪᠠᠷ ᠠᠬᠢᠭᠤᠯᠪᠠᠯ ᠵᠣᠬᠢᠨ᠎ᠠ ᠭᠡᠵᠡᠢ᠃ ᠯᠢ ᠺᠧ ᠴᠢᠶᠠᠩ ᠡᠭᠦᠨ ᠤ ᠲᠤᠬᠠᠢ ᠵᠢᠷᠭᠤᠭᠠᠨ | ᠲᠠᠯ᠎ᠠ ᠶᠢᠨ ᠰᠠᠨᠠᠭᠤᠯᠭ᠎ᠠ ᠳᠤᠷᠠᠳᠪᠠ᠄ | ᠨᠢᠭᠡ ᠳᠤ᠂ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠷᠭᠢ ᠳᠠᠭᠠᠤ | ᠤᠯᠤᠰ ᠤᠳ ᠲᠤ ᠪᠤᠶᠠᠨ ᠦᠢᠯᠡᠳᠦᠨ᠎ᠡ᠃ ᠡᠯ᠎ᠡ ᠤᠯᠤᠰ ᠤᠨ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠪᠠᠷ | ᠨᠡᠭᠡᠭᠡᠨ ᠠᠰᠢᠭᠯᠠᠬᠤ ᠵᠦᠢ ᠶᠣᠰᠣᠨ ᠤ ᠡᠷᠬᠡ ᠠᠰᠢᠭ ᠢ ᠭᠦᠢᠴᠡᠳ ᠬᠦᠨᠳᠦᠳᠬᠡᠵᠦ᠂ ᠤᠴᠢᠷ ᠶᠠᠪᠤᠳᠠᠯ ᠪᠠᠶᠢᠪᠠᠯ | ᠤᠯᠠᠨ ᠢᠶᠠᠷ ᠢᠶᠠᠨ ᠵᠥᠪᠳᠡᠯᠴᠡᠵᠦ ᠪᠠᠶᠢᠭᠠᠳ ᠰᠢᠢᠳᠪᠦᠷᠢᠯᠡᠬᠦ ᠬᠡᠷᠡᠭᠲᠡᠶ᠃ ᠳᠤᠮᠳᠠᠳᠤ ᠶᠢᠨ ᠲᠠᠯ᠎ᠠ ᠶᠢᠨ ᠬᠢᠨ | ᠨᠢᠳᠤᠨᠤᠨ ᠠᠴᠠ ᠡᠬᠢᠯᠡᠨ ᠯᠠᠨᠼᠠᠩᠵᠢᠶᠠᠩ ᠮᠥᠷᠡᠨ — ᠮᠸᠢᠢᠭᠤᠩ ᠮᠥᠷᠡᠨ ᠤ ᠬᠠᠮᠲᠤᠷᠠᠯᠴᠠᠭᠠᠨ ᠤ ᠪᠦᠳᠦᠭᠦᠪᠴᠢ | ᠲᠥᠰᠦᠪ ᠤᠨ ᠳᠣᠣᠷ᠎ᠠ ᠮᠸᠢᠢᠭᠤᠩ ᠮᠥᠷᠡᠨ ᠤ ᠲᠠᠪᠤᠨ ᠤᠯᠤᠰ ᠲᠤ ᠯᠠᠨᠼᠠᠩᠵᠢᠶᠠᠩ ᠮᠥᠷᠡᠨ ᠤ ᠪᠦᠬᠦ ᠵᠢᠯ ᠤᠨ | ᠤᠰᠤᠨ ᠵᠦᠢ ᠶᠢᠨ ᠮᠡᠳᠡᠭᠡ ᠵᠠᠩᠭᠢ ᠶᠢ ᠬᠠᠩᠭᠠᠵᠤ᠂ ᠯᠠᠨᠼᠠᠩᠵᠢᠶᠠᠩ ᠮᠥᠷᠡᠨ — ᠮᠸᠢᠢᠭᠤᠩ ᠮᠥᠷᠡᠨ ᠤ | ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠠᠪᠴᠠᠩ ᠤᠨ | ᠰᠦᠯᠵᠢᠶ᠎ᠡ ᠶᠢ ᠬᠠᠮᠤᠭ ᠤᠨ ᠲᠡᠷᠢᠭᠦᠨ ᠳᠤ ᠨᠡᠪᠲᠡᠷᠡᠭᠦᠯᠪᠡ᠃ ᠬᠤᠶᠠᠳᠤᠭᠠᠷ ᠬᠤᠭᠤᠴᠠᠭᠠᠨ ᠤ ᠯᠠᠨᠼᠠᠩᠵᠢᠶᠠᠩ ᠮᠥᠷᠡᠨ | — ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠰᠠᠶᠢᠳ ᠤᠨ ᠳᠡᠰ ᠤᠨ ᠬᠤᠷᠠᠯ | ᠪᠣᠯᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠬᠠᠮᠲᠤ ᠪᠠᠷ ᠰᠠᠶᠢᠲᠤᠷ ᠡᠷᠬᠢᠯᠡᠵᠦ᠂ ᠳᠡᠭᠡᠳᠦ ᠲᠤᠤᠷᠠᠳᠤ | ᠤᠷᠤᠰᠬᠠᠯ ᠤᠨ ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ | ᠤᠰᠤᠨ ᠤ ᠡᠬᠢ ᠪᠠᠶᠠᠯᠢᠭ ᠢ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠬᠦᠰᠡᠮᠵᠢᠯᠡᠵᠦ ᠪᠠᠶᠢᠨ᠎ᠠ᠃ | ᠬᠤᠶᠠᠷ ᠲᠤ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠭᠠᠷ ᠭᠠᠷ ᠢᠶᠠᠨ ᠬᠤᠯᠪᠣᠯᠴᠠᠨ ᠰᠠᠶᠢᠲᠤᠷ ᠬᠢᠨ᠎ᠡ᠃ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ | ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠵᠢᠮ᠎ᠡ ᠶᠣᠰᠣ ᠶᠢ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠸᠠᠺᠼᠢᠨ ᠤ ᠬᠠᠮᠲᠤᠷᠠᠯᠴᠠᠭ᠎ᠠ ᠶᠢ ᠬᠠᠮᠲᠤ ᠪᠠᠷ ᠥᠷᠨᠢᠭᠦᠯᠦᠨ᠎ᠡ᠃ ᠳᠤᠮᠳᠠᠳᠤ ᠶᠢᠨ ᠲᠠᠯ᠎ᠠ ᠶᠢᠨ ᠬᠢᠨ | ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠮᠸᠢᠢᠭᠤᠩ ᠮᠥᠷᠡᠨ ᠤ ᠤᠯᠤᠰ ᠤᠳ ᠲᠤ ᠸᠠᠺᠼᠢᠨ ᠵᠡᠷᠭᠡ ᠡᠮᠴᠢᠯᠡᠭᠡᠨ ᠤ | ᠡᠳ᠋ ᠪᠣᠳᠠᠰ ᠤᠨ ᠲᠤᠰᠠᠯᠠᠮᠵᠢ ᠶᠢ ᠤᠷᠢᠳ ᠢᠶᠠᠷ ᠬᠠᠩᠭᠠᠵᠤ᠂ ᠨᠢᠭᠡᠨᠲᠡ ᠪᠠᠶᠢᠭᠤᠯᠤᠭᠰᠠᠨ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠲᠤᠰᠬᠠᠢ ᠪᠡᠯᠡ ᠮᠥᠩᠭᠦ ᠶᠢ ᠠᠰᠢᠭᠯᠠᠵᠤ᠂ ᠬᠢᠵᠢᠭ ᠤᠨ ᠪᠠᠶᠢᠳᠠᠯ ᠢ ᠬᠢᠨᠠᠨ ᠰᠢᠨᠵᠢᠯᠡᠬᠦ᠂ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠮᠲᠤᠷᠠᠯᠴᠠᠭ᠎ᠠ ᠶᠢ ᠳᠤᠷᠠᠲᠠᠶ᠎ᠠ ᠥᠷᠨᠢᠭᠦᠯᠦᠨ᠎ᠡ᠃ | ᠭᠤᠷᠪᠠ ᠳᠤ᠂ ᠠᠷᠠᠯᠵᠢᠶᠠᠨ ᠤ ᠪᠡᠯᠡ ᠣᠷᠣᠭᠤᠯᠤᠯᠲᠠ ᠶᠢ ᠴᠢᠩᠭᠠᠳᠬᠠᠵᠤ᠂ ᠠᠵᠤ ᠠᠬᠤᠶ ᠶᠢᠨ | ᠰᠡᠷᠭᠦᠯᠲᠡ ᠶᠢ ᠬᠠᠮᠲᠤ ᠪᠠᠷ ᠠᠬᠢᠭᠤᠯᠤᠨ᠎ᠠ᠃ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ | ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ︵RCEP︶ ᠢ ᠬᠠᠷᠭᠤᠭᠤᠯᠤᠨ ᠵᠥᠪᠰᠢᠶᠡᠷᠡᠬᠦ ᠶᠢ ᠠᠬᠢᠭᠤᠯᠬᠤ ᠶᠢᠨ | ᠬᠠᠮᠲᠤ ᠠᠯᠢ ᠲᠥᠷᠭᠡᠨ ᠢᠶᠠᠷ ᠬᠡᠷᠡᠭᠵᠢᠭᠦᠯᠵᠦ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ | ᠬᠤᠯᠪᠣᠭᠠᠨ ᠤ ᠴᠢᠯᠥᠭᠡᠲᠦ ᠠᠷᠠᠯᠵᠢᠶᠠᠨ ᠤ ᠣᠷᠣᠨ ᠢ ᠲᠡᠰ ᠳᠡᠪᠰᠢᠭᠦᠯᠬᠦ ︽ᠵᠥᠪᠯᠡᠨ ᠲᠣᠭᠲᠠᠭᠠᠭᠰᠠᠨ ᠪᠢᠴᠢᠭ︾ ᠢ | ᠰᠠᠶᠢᠲᠤᠷ ᠨᠠᠶᠢᠳᠠᠪᠤᠷᠢᠵᠢᠭᠤᠯᠵᠤ᠂ ᠳᠡᠳ᠋ ᠣᠷᠣᠨ ᠪᠦᠰᠡ ᠶᠢᠨ ᠤᠯᠤᠰ ᠤᠳ ᠢ ᠪᠠᠭᠲᠠᠭᠠᠭᠰᠠᠨ ᠡᠯ᠎ᠡ ᠤᠯᠤᠰ ᠤᠨ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ | ᠲᠦᠷᠪᠡ ᠳᠤ᠂ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠵᠣᠬᠢᠴᠠᠯᠳᠤᠨ ᠬᠥᠭᠵᠢᠬᠦ ᠶᠢ | ᠪᠡᠶᠡᠯᠡᠭᠦᠯᠦᠨ᠎ᠡ᠃ ︽2030 ᠣᠨ ᠤ ᠵᠠᠮ ᠬᠠᠷᠢᠯᠴᠠᠭᠠᠨ ᠤ ᠪᠠᠶᠢᠯᠳᠤᠬᠤ ᠪᠣᠳᠣᠯᠭ᠎ᠠ︾ ᠶᠢ ᠨᠠᠶᠢᠳᠠᠪᠤᠷᠢᠵᠢᠭᠤᠯᠵᠤ᠂ | ᠳᠤᠮᠳᠠᠳᠤ ᠯᠠᠤᠰ ᠤᠨ ᠲᠡᠮᠦᠷ ᠵᠠᠮ ᠤᠨ ᠤᠳᠠᠯ ᠥᠬᠡᠶ ᠲᠡᠷᠭᠡ ᠨᠡᠪᠲᠡᠷᠡᠬᠦ ᠭᠡᠵᠦ ᠪᠠᠶᠢᠭ᠎ᠠ ᠵᠢᠱᠢᠶ᠎ᠡ ᠦᠵᠡᠭᠦᠯᠦᠨ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠳᠤᠮᠳᠠᠳᠤ ᠲᠠᠢ ᠬᠤᠶᠠᠷ ᠤᠯᠤᠰ ᠤᠨ ᠲᠡᠮᠦᠷ ᠵᠠᠮ᠂ ᠫᠨᠣᠮ | ᠪᠧᠩ — ᠰᠢᠬᠠᠨᠦ᠋ᠺᠧ ᠭᠠᠷᠠᠮ ᠤᠨ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ ᠴᠢᠬᠤᠯᠠ ᠶᠡᠭᠡ ᠲᠥᠷᠥᠯ ᠵᠦᠢᠯ ᠢ | ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠴᠠᠬᠢᠯᠭᠠᠨ ᠬᠦᠴᠦᠨ ᠤ ᠵᠣᠬᠢᠴᠠᠭᠤᠯᠬᠤ ᠲᠥᠪ ᠤᠨ ᠪᠥᠲᠥᠭᠡᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ | ᠲᠠᠪᠤ ᠳᠤ᠂ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠤᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ | ᠭᠤᠣᠯᠯᠠᠬᠤ ᠣᠷᠴᠢᠨ ᠲᠣᠭᠤᠷᠢᠨ ᠤ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠬᠤᠶ ᠪᠠᠶᠢᠳᠠᠯ ᠳᠣᠤᠷᠠᠬᠢ ᠵᠢᠭᠤᠯᠴᠢᠯᠠᠯ ᠤᠨ | ᠬᠠᠮᠲᠤᠷᠠᠯᠴᠠᠭᠠᠨ ᠤ ᠰᠢᠨ᠎ᠡ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠨ᠎ᠡ᠃ | ᠵᠢᠷᠭᠤᠭ᠎ᠠ ᠳᠤ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠳᠡᠳ᠋ ᠣᠷᠣᠨ ᠪᠦᠰᠡ ᠶᠢᠨ | ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠬᠥᠷᠰᠢ ᠵᠡᠷᠭᠡᠯᠡᠳᠡᠭᠡ ᠤᠯᠤᠰ ᠤᠳ | ᠨᠥᠬᠦᠷᠰᠡᠭ ᠢᠶᠠᠷ ᠬᠠᠷᠢᠯᠴᠠᠬᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠡᠷᠬᠡ ᠲᠡᠭᠰᠢ ᠪᠠᠷ ᠬᠠᠨᠳᠤᠬᠤ ᠶᠢ ᠢᠮᠠᠭᠲᠠ | ᠪᠠᠷᠢᠮᠲᠠᠯᠠᠵᠤ᠂ ᠲᠤᠰ ᠲᠤᠰ ᠤᠨ ᠢᠶᠠᠨ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠠᠷᠠᠭᠠᠯᠵᠠᠨ᠎ᠠ᠃ | ᠤᠯᠠᠨ ᠲᠠᠯᠠᠲᠤ ᠦᠵᠡᠯ ᠢ ᠢᠮᠠᠭᠲᠠ ᠪᠠᠷᠢᠮᠲᠠᠯᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ | ᠪᠠᠳᠠᠷᠠᠭᠤᠯᠤᠨ᠎ᠠ᠃ ᠨᠡᠭᠡᠭᠡᠯᠲᠡᠲᠡᠢ ᠪᠠᠭᠲᠠᠭᠠᠮᠵᠢᠲᠠᠢ ᠣᠨᠣᠯᠵᠢᠬᠤᠨ ᠢ ᠢᠮᠠᠭᠲᠠ ᠰᠠᠨᠠᠭᠠᠴᠢᠯᠠᠵᠤ᠂ ᠲᠤᠰ ᠲᠤᠰ ᠤᠨ | ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠶᠡᠭᠡ ᠮᠸᠢᠢᠭᠤᠩ | ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠣᠯᠤᠨ ᠯᠠᠨᠼᠠᠩᠵᠢᠶᠠᠩ ᠮᠥᠷᠡᠨ — | ᠮᠸᠢᠢᠭᠤᠩ ᠮᠥᠷᠡᠨ ᠵᠡᠷᠭᠡ ᠲᠣᠭᠲᠠᠴᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ | ᠯᠢ ᠺᠧ ᠴᠢᠶᠠᠩ ᠳᠤᠮᠳᠠᠳᠤ ᠤᠯᠤᠰ ᠤᠨ ᠠᠵᠤ ᠠᠬᠤᠢ ᠶᠢᠨ ᠪᠠᠶᠢᠳᠠᠯ ᠢ ᠲᠠᠨᠢᠯᠴᠠᠭᠤᠯᠵᠤ᠂ ᠬᠥᠭᠵᠢᠯᠲᠡ ᠪᠣᠯ | ᠳᠤᠮᠳᠠᠳᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠰᠠᠭᠤᠷᠢ ᠪᠠ ᠵᠠᠩᠭᠢᠯᠠᠭ᠎ᠠ ᠮᠥᠨ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ | ᠱᠠᠭᠠᠷᠳᠠᠯᠭ᠎ᠠ ᠶᠣᠰᠣᠭᠠᠷ᠂ ᠥᠪᠡᠷ ᠤᠨ ᠶᠠᠪᠤᠳᠠᠯ ᠢᠶᠠᠨ ᠬᠦᠴᠦᠯᠡᠨ ᠰᠠᠶᠢᠲᠤᠷ ᠬᠢᠨ᠎ᠠ᠃ ᠬᠤᠷᠸ᠎ᠠ ᠲᠣᠬᠢᠷᠠᠭᠤᠯᠭ᠎ᠠ | ᠡᠵᠡᠮᠳᠡᠯ ᠤᠨ ᠠᠯᠤᠰ ᠬᠡᠲᠦ ᠶᠢᠨ ᠴᠢᠨᠠᠷ᠂ ᠣᠨᠣᠪᠴᠢᠲᠤ ᠴᠢᠨᠠᠷ᠂ ᠪᠦᠲᠦᠮᠵᠢᠲᠦ ᠴᠢᠨᠠᠷ ᠢ ᠴᠢᠩᠭᠠᠷᠠᠭᠤᠯᠵᠤ᠂ | ᠦᠶᠡᠯᠡᠯ ᠠᠯᠤᠰᠯᠠᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶ ᠶᠢᠨ ᠠᠵᠢᠯᠯᠠᠭᠠᠨ ᠢ ᠢᠮᠠᠭᠲᠠ ᠵᠦᠢ | ᠵᠣᠬᠢᠰᠲᠠᠶ ᠣᠷᠣᠨ ᠵᠠᠢ ᠳᠤ ᠪᠠᠶᠢᠬᠤ ᠶᠢ ᠪᠠᠲᠤᠯᠠᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠡᠩ ᠶᠡᠭᠡ ᠪᠠᠷ ᠬᠥᠭᠵᠢᠭᠡᠨ᠎ᠡ᠃ ᠥᠨᠳᠥᠷ | ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠠᠬᠢᠭᠤᠯᠵᠤ᠂ ᠡᠯ᠎ᠡ ᠤᠯᠤᠰ ᠤᠨ ᠠᠵᠤ ᠠᠬᠤᠶᠢᠯᠠᠯ ᠤᠳ | ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠳᠣᠲᠣᠭᠠᠳᠤ ᠭᠠᠳᠠᠭᠠᠳᠤ ᠪᠡᠯᠡ | ᠣᠷᠣᠭᠤᠯᠤᠯᠲᠠ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ ᠶᠢ ᠪᠠᠷᠢᠮᠲᠠᠯᠠᠵᠤ᠂ ᠡᠷᠬᠡ ᠲᠡᠭᠰᠢ | ᠥᠷᠢᠰᠥᠯᠳᠦᠭᠡᠨ ᠢ ᠠᠬᠢᠭᠤᠯᠵᠤ᠂ ᠨᠡᠭᠡᠭᠡᠯᠳᠡ ᠲᠠᠢ᠂ ᠪᠠᠭᠲᠠᠭᠠᠮᠵᠢᠲᠠᠢ ᠬᠠᠮᠲᠤᠷᠠᠯᠴᠠᠭ᠎ᠠ ᠶᠢ ᠢᠳᠡᠪᠬᠢᠲᠡᠢ | ᠠᠬᠢᠭᠤᠯᠤᠨ᠎ᠠ᠃ ᠳᠤᠮᠳᠠᠳᠤ ᠤᠯᠤᠰ ᠤᠨ ᠬᠥᠭᠵᠢᠯᠲᠡ ᠨᠢ ᠮᠸᠢᠢᠭᠤᠩ ᠮᠥᠷᠡᠨ ᠤ ᠤᠯᠤᠰ ᠤᠳ ᠢ ᠪᠠᠭᠲᠠᠭᠠᠭᠰᠠᠨ | ᠡᠯ᠎ᠡ ᠤᠯᠤᠰ ᠲᠤ ᠰᠢᠨ᠎ᠡ ᠬᠥᠭᠵᠢᠯᠲᠡ ᠶᠢᠨ ᠠᠵᠠ ᠲᠣᠬᠢᠶᠠᠯ ᠣᠯᠭᠤᠵᠤ᠂ ᠰᠢᠨ᠎ᠡ ᠬᠥᠭᠵᠢᠯᠲᠡ ᠶᠢᠨ ᠠᠰᠢᠭ | ᠣᠷᠣᠯᠭ᠎ᠠ ᠶᠢ ᠡᠭᠦᠳᠬᠦ ᠪᠣᠯᠤᠨ᠎ᠠ ᠭᠡᠵᠦ ᠵᠢᠭᠠᠵᠤ ᠭᠠᠷᠭᠠᠪᠠ᠃ | | | | ᠯᠢ ᠺᠧ ᠴᠢᠶᠠᠩ ᠬᠠᠮᠤᠭ ᠤᠨ ᠰᠡᠭᠦᠯ ᠳᠤ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠮᠸᠢᠢᠭᠤᠩ | ᠮᠥᠷᠡᠨ ᠤ ᠤᠯᠤᠰ ᠤᠳ ᠲᠠᠢ ᠬᠠᠮᠲᠤ ᠪᠠᠷ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠭᠤᠯᠤᠯᠲᠠ ᠶᠢ | ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠪᠠ ᠠᠮᠤᠷ ᠲᠣᠭᠲᠠᠭᠤᠨ ᠢ ᠬᠠᠮᠠᠭᠠᠯᠠᠵᠤ᠂ ᠳᠡᠳ᠋ ᠣᠷᠣᠨ | ᠪᠦᠰᠡ ᠶᠢᠨ ᠠᠭᠤᠰᠤᠯᠴᠠᠨ ᠬᠥᠭᠵᠢᠬᠦ ᠪᠠ ᠬᠠᠮᠲᠤ ᠪᠠᠷ ᠴᠡᠴᠡᠭᠯᠡᠨ ᠬᠥᠭᠵᠢᠬᠦ ᠳᠤ ᠰᠢᠨ᠎ᠡ ᠬᠤᠪᠢ ᠨᠡᠮᠡᠷᠢ | ᠦᠵᠡᠭᠦᠯᠦᠨ᠎ᠡ ᠭᠡᠵᠦ ᠴᠢᠬᠤᠯᠠᠴᠢᠯᠠᠪᠠ᠃ | ᠬᠤᠷᠠᠯ ᠳᠤ ᠣᠷᠣᠯᠴᠠᠭᠰᠠᠨ ᠡᠯ᠎ᠡ ᠤᠯᠤᠰ ᠤᠨ ᠤᠳᠤᠷᠢᠳᠬᠤ ᠬᠥᠮᠦᠰ ᠪᠣᠯᠤᠨ ᠬᠤᠯᠪᠣᠭᠳᠠᠯ ᠪᠦᠬᠦᠢ | ᠪᠠᠶᠢᠭᠤᠯᠤᠮᠵᠢ ᠶᠢᠨ ᠬᠠᠷᠢᠭᠤᠴᠠᠯᠭᠠᠲᠠᠳ ᠶᠡᠷᠦᠩᠬᠡᠶ ᠰᠠᠶᠢᠳ ᠯᠢ ᠺᠧ ᠴᠢᠶᠠᠩ ᠤᠨ ᠳᠤᠷᠠᠳᠤᠭᠰᠠᠨ ᠰᠠᠨᠠᠭᠤᠯᠭ᠎ᠠ ᠶᠢ | ᠮᠠᠭᠲᠠᠨ ᠰᠠᠶᠢᠰᠢᠶᠠᠵᠤ᠂ ᠳᠤᠮᠳᠠᠳᠤ ᠶᠢᠨ ᠲᠠᠯ᠎ᠠ ᠶᠢᠨ ᠬᠢᠨ ᠡᠯ᠎ᠡ ᠤᠯᠤᠰ ᠤᠨ ᠬᠢᠵᠢᠭ ᠢ ᠡᠰᠡᠷᠭᠦᠴᠡᠬᠦ ᠳᠤ | ᠦᠵᠡᠭᠦᠯᠦᠭᠰᠡᠨ ᠬᠠᠪᠰᠤᠷᠤᠯᠭ᠎ᠠ ᠳᠤ ᠪᠠᠶᠠᠷᠯᠠᠨ ᠲᠠᠯᠠᠷᠬᠠᠵᠤ᠂ ᠬᠢᠵᠢᠭ ᠤᠨ ᠪᠠᠶᠢᠳᠠᠯ ᠤᠨ ᠲᠠᠭᠠᠷᠢᠯᠲᠠ ᠪᠠ ᠣᠯᠠᠨ | ᠤᠯᠤᠰ ᠤᠨ ᠭᠠᠵᠠᠷ ᠣᠷᠣᠨ ᠤ ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ ᠰᠢᠨ᠎ᠡ ᠥᠷᠢᠰᠥᠯᠳᠦᠭᠡᠨ ᠤ ᠡᠮᠦᠨ᠎ᠡ᠂ | ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠤᠯᠤᠰ ᠤᠳ ᠣᠯᠠᠨ ᠲᠠᠯᠠᠲᠤ ᠦᠵᠡᠯ ᠢ ᠪᠠᠷᠢᠮᠲᠠᠯᠠᠨ᠂ | ᠥᠷᠢᠰᠥᠯᠳᠦᠭᠡᠨ ᠢ ᠠᠵᠠ ᠲᠣᠬᠢᠶᠠᠯ ᠪᠣᠯᠭᠠᠵᠤ᠂ ᠭᠠᠵᠠᠷ ᠣᠷᠣᠨ ᠤ ᠤᠯᠤᠰ ᠤᠳ ᠤᠨ ᠠᠵᠤ ᠠᠬᠤᠶ ᠨᠡᠶᠢᠭᠡᠮ ᠤᠨ | ᠡᠷᠴᠢᠮᠲᠡᠶ ᠰᠡᠷᠭᠦᠯᠲᠡ ᠶᠢ ᠠᠬᠢᠭᠤᠯᠵᠤ᠂ ᠦᠷᠭᠦᠯᠵᠢᠯᠡᠬᠦᠶᠢᠴᠡ᠂ ᠪᠠᠭᠲᠠᠭᠠᠮᠵᠢᠲᠠᠶ ᠬᠥᠭᠵᠢᠯᠲᠡ ᠶᠢ ᠪᠡᠶᠡᠯᠡᠭᠦᠯᠦᠨ᠂ | ᠡᠩᠬᠡ ᠲᠠᠶᠢᠪᠤᠩ ᠪᠠ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠵᠤ᠂ ᠬᠠᠮᠲᠤ ᠶᠢᠨ ᠬᠥᠭᠵᠢᠯ ᠴᠡᠴᠡᠭᠯᠡᠯ ᠢ | ᠠᠬᠢᠭᠤᠯᠵᠤ᠂ ᠭᠠᠵᠠᠷ ᠣᠷᠣᠨ ᠤ ᠡᠯ᠎ᠡ ᠤᠯᠤᠰ ᠤᠨ ᠠᠷᠠᠳ ᠲᠦᠮᠡᠨ ᠳᠤ ᠠᠵᠠ ᠵᠢᠷᠭᠠᠯ ᠡᠳ᠋ᠯᠡᠭᠦᠯᠪᠡᠯ ᠵᠣᠬᠢᠨ᠎ᠠ | ᠭᠡᠵᠦ ᠢᠯᠡᠷᠬᠡᠶᠢᠯᠡᠵᠡᠭᠡᠪᠡ᠃ | ᠬᠤᠷᠠᠯ ᠠᠴᠠ ︽ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠳᠣᠯᠣᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠬᠤᠷᠠᠯ ᠤᠨ ᠲᠤᠩᠬᠠᠭ︾ ᠢ | ᠨᠡᠶᠢᠲᠡᠯᠡᠵᠦ᠂ ︽ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ | 2030 ᠣᠨ ᠤ ᠪᠠᠶᠢᠯᠳᠤᠬᠤ ᠪᠤᠳᠤᠯᠭ᠎ᠠ ᠶᠢᠨ ᠪᠦᠳᠦᠭᠦᠪᠴᠢ ᠲᠥᠰᠥᠪ︾ ᠪᠣᠯᠤᠨ ︽ᠶᠡᠭᠡ ᠮᠸᠢᠢᠭᠤᠩ ᠮᠥᠷᠡᠨ ᠤ | ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠠᠷᠭᠠᠴᠠᠭᠠᠬᠤ ᠪᠠ ᠠᠵᠤ ᠠᠬᠤᠢ ᠶᠢᠨ ᠰᠡᠷᠭᠦᠯᠲᠡ ᠶᠢᠨ ᠲᠥᠯᠥᠪᠯᠡᠭᠡ ︵2021 — | 2023︶︾ ᠵᠡᠷᠭᠡ ᠦᠷ᠎ᠡ ᠪᠦᠲᠦᠭᠡᠯ ᠤᠨ ᠪᠢᠴᠢᠭ ᠮᠠᠲ᠋ᠧᠷᠢᠶᠠᠯ ᠢ ᠪᠠᠲᠤᠯᠠᠪᠠ᠃ | ᠸᠠᠩ ᠢ᠂ ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | | | | |