ᠰᠢ ᠶᠢᠨ ᠫᠢᠩ ᠪᠦᠬᠦ ᠤᠯᠤᠰ ᠤᠨ ᠶᠡᠭᠡ ᠲᠡᠭᠡᠲᠦ ᠰᠤᠷᠭᠠᠭᠤᠯᠢ ᠶᠢᠨ ᠬᠤᠸᠠᠩ ᠳ᠋ᠠ ᠨᠢᠶᠠᠠ ᠮᠠᠶ᠋ᠢᠭ ᠤᠨ ᠪᠠᠭᠰᠢ ᠶᠢᠨ ᠪᠦᠯᠬᠦᠮ ᠤᠨ ᠲᠦᠯᠦᠭᠡᠯᠡᠭᠴᠢᠳ ᠲᠤ ᠬᠠᠷᠢᠭᠤ ᠵᠠᠬᠢᠲᠠᠯ ᠢᠯᠡᠭᠡᠵᠦ ᠡᠷᠲᠡᠮ ᠰᠢᠨᠵᠢᠯᠡᠬᠡᠨ ᠬᠢᠬᠦ ᠤᠢᠢᠯᠡᠰ ᠪᠥᠲᠥᠬᠡᠬᠦ ᠬᠥᠮᠥᠨ ᠪᠤᠯᠬᠤ ᠶᠢ ᠦᠨᠡᠡ ᠬᠦ ᠨᠢᠭᠡᠳᠭᠡᠨ ᠰᠤᠷᠤᠭᠴᠢᠳ ᠤᠨ ᠦᠰᠦᠨ ᠪᠤᠶᠢᠵᠢᠯᠲᠠ ᠶᠢᠨ ᠰᠠᠶᠢᠨ ᠵᠠᠮᠴᠢ ᠪᠤᠯᠤᠭᠠᠷᠠᠢ ᠭᠡᠵᠦ ᠵᠤᠷᠢᠠᠠᠵᠢᠭᠤᠯᠵᠤ ᠪᠦᠬᠦ ᠤᠯᠤᠰ ᠤᠨ ᠦᠷᠭᠡᠡ ᠤᠯᠠᠠ ᠪᠠᠭᠰᠢ ᠨᠠᠷ ᠲᠤ ᠪᠠᠶᠠᠷ ᠤᠨ ᠡᠲᠦᠷ ᠤᠨ ᠮᠡᠡᠲᠦᠴᠢᠯᠡᠯ ᠪᠠ ᠴᠢᠩ ᠰᠡᠳᠭᠢᠯ ᠤᠨ ᠵᠦᠩᠨᠡᠯ ᠲᠡᠪᠰᠢᠭᠦᠯᠵᠠᠢ
ᠨᠡᠶᠢᠲᠡᠯᠡᠭᠰᠡᠨ ᠴᠠᠭ᠄
2021/9/14
     ᠭᠤᠴᠢᠨ ᠲᠤᠯᠤᠲᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 8᠎ ᠤ ᠡᠳᠦᠷ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠬᠤᠸᠠᠩ ᠳ᠋ᠠ ᠨᠢᠶᠠᠠ ᠮᠠᠶ᠋ᠢᠭ ᠤᠨ ᠪᠠᠭᠰᠢ ᠶᠢᠨ ᠪᠦᠯᠬᠦᠮ ᠤᠨ ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠪᠥᠭᠡᠳ ᠪᠦᠬᠦ ᠤᠯᠤᠰ ᠤᠨ ᠥᠷᠭᠡᠨ ᠤᠯᠠᠨ ᠪᠠᠭᠰᠢ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠪᠡ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠬᠤᠸᠠᠩ ᠳ᠋ᠠ ᠨᠢᠶᠠᠨ ᠨᠥᠬᠦᠷ ᠢᠶᠠᠷ ᠳᠠᠭᠤᠷᠢᠶᠠᠯ ᠪᠣᠯᠭᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠪᠦᠯᠬᠦᠮ ᠤᠨ ᠬᠦᠴᠦᠨ ᠢ ᠨᠢᠭᠲᠠᠷᠠᠭᠤᠯᠵᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠪᠠᠶᠠᠷᠯᠠᠭᠤᠰᠢᠲᠠᠢ ᠠᠮᠵᠢᠯᠲᠠ ᠣᠯᠤᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠦ ᠢᠯᠡᠳᠭᠡᠪᠡ᠃      ᠰᠢ ᠶᠢᠨ ᠫᠢᠩ᠂ ᠰᠠᠶᠢᠨ ᠪᠠᠭᠰᠢ ᠡᠷᠲᠡᠮ ᠮᠡᠲᠡᠯᠭᠡ ᠪᠠᠨ ᠲᠡᠭᠡᠭᠰᠢᠯᠡᠭᠦᠯᠤᠨ ᠬᠦᠮᠦᠨ ᠢ ᠰᠤᠷᠭᠠᠵᠦ᠂ ᠦᠢᠯᠡ ᠠᠵᠢᠯᠯᠠᠭ᠎ᠠ ᠪᠠᠷ ᠢᠶᠠᠨ ᠬᠦᠮᠦᠰ ᠲᠤ ᠬᠡᠪ ᠳᠠᠭᠤᠷᠢᠶᠠᠯ ᠪᠤᠯᠬᠤ ᠭᠡᠷᠡᠭᠲᠡᠢ᠃ ᠲᠠ ᠨᠠᠷ ᠬᠤᠸᠠᠩ ᠳ᠋ᠠ ᠨᠢᠶᠠᠨ ᠨᠥᠬᠦᠷ ᠵᠡᠷᠭᠡ ᠰᠢᠯᠢᠳᠡᠭ ᠪᠠᠭᠰᠢ ᠶᠢᠨ ᠡᠷᠬᠢᠮ ᠳᠡᠭᠡᠳᠦ ᠵᠣᠷᠢᠭ ᠰᠠᠨᠠᠭ᠎ᠠ ᠶᠢ ᠦᠷᠭᠦᠯᠵᠢᠯᠡᠨ ᠰᠤᠷᠤᠯᠴᠠᠨ ᠪᠠᠳᠠᠷᠠᠭᠤᠯᠵᠤ᠂ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠥᠷᠭᠡᠨ ᠤᠯᠠᠨ ᠪᠠᠭᠰᠢ ᠨᠠᠷ ᠲᠠᠢ ᠬᠠᠮᠲᠤ ᠪᠠᠷ ᠶᠣᠰᠣ ᠰᠤᠷᠲᠠᠬᠤᠨ ᠢᠶᠠᠷ ᠪᠡᠶ᠎ᠡ ᠪᠠᠨ ᠵᠠᠰᠠᠵᠤ᠂ ᠨᠢᠬᠡᠨ ᠰᠡᠳᠬᠢᠯ ᠢᠶᠠᠷ ᠡᠷᠳᠡᠮ ᠰᠢᠨᠵᠢᠯᠡᠭᠡᠨ ᠬᠢᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠷᠲᠡᠮ ᠰᠢᠨᠵᠢᠯᠡᠬᠡᠨ ᠬᠢᠬᠦ ᠤᠢᠢᠯᠡᠰ ᠪᠥᠲᠥᠬᠡᠬᠦ ᠬᠥᠮᠥᠨ ᠪᠤᠯᠬᠤ ᠶᠢ ᠨᠢᠭᠡᠳᠬᠡᠵᠦ᠂ ᠰᠤᠷᠤᠭᠴᠢᠳ ᠤᠨ ᠦᠰᠦᠨ ᠪᠤᠶᠢᠵᠢᠯᠳᠠ ᠶᠢᠨ ᠵᠠᠮᠴᠢ ᠪᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠲᠠᠰᠤᠷᠠᠯᠳᠠ ᠦᠭᠡᠢ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      2017 ᠣᠨ ᠳᠤ᠂ ᠶᠡᠷᠦᠩᠬᠡᠢ ᠱᠦᠵᠢ ᠰᠢ ᠶᠢᠨ ᠫᠢᠩ ᠬᠢᠷᠢᠨ ᠶᠡᠭᠡ ᠰᠤᠷᠭᠠᠭᠤᠯᠢ ᠶᠢᠨ ᠳᠡᠯᠡᠬᠡᠢ ᠶᠢᠨ ᠪᠥᠮᠪᠥᠷᠴᠡᠭ ᠢ ᠬᠠᠶᠢᠨ ᠬᠡᠮᠵᠢᠬᠦ ᠰᠢᠨᠵᠢᠯᠡᠬᠦ ᠤᠬᠠᠭᠠᠨ ᠬᠢᠭᠡᠳ ᠲᠧᠭᠨᠢᠭ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠬᠤᠸᠠᠩ ᠳ᠋ᠠ ᠨᠢᠶᠠᠨ ᠤ ᠲᠡᠷᠢᠭᠦᠨ ᠤ ᠦᠢᠯᠡ ᠠᠵᠢᠯᠯᠠᠭ᠎ᠠ ᠳᠤ ᠴᠢᠬᠤᠯᠠ ᠵᠢᠭᠠᠪᠤᠷᠢ ᠥᠭᠪᠡ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ 2017 ᠣᠨ ᠳᠤ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠬᠤᠸᠠᠩ ᠳ᠋ᠠ ᠨᠢᠶᠠᠠ ᠮᠠᠶ᠋ᠢᠭ ᠤᠨ ᠪᠠᠭᠰᠢ ᠶᠢᠨ ᠪᠦᠯᠬᠦᠮ ᠢ ᠡᠭᠦᠲᠦᠨ ᠪᠠᠶᠢᠭᠤᠯᠬᠤ ᠠᠵᠢᠯᠯᠠᠭ᠎ᠠ ᠶᠢ ᠡᠬᠢᠯᠡᠭᠦᠯᠵᠦ᠂ ᠲᠦᠷᠦᠭᠦᠦ ᠪᠦᠯᠦᠭ ᠤᠨ ᠬᠢᠨᠡᠨ ᠲᠣᠭᠲᠠᠭᠠᠭᠰᠠᠨ 201 ᠪᠠᠭᠰᠢ ᠶᠢᠨ ᠪᠦᠯᠬᠦᠮ ᠨᠢ ᠪᠥᠬᠦ ᠤᠯᠤᠰ ᠤᠨ 200 ᠶᠡᠭᠡ ᠳᠡᠭᠡᠳᠦ ᠰᠤᠷᠭᠠᠭᠤᠯᠢ ᠪᠠᠷ ᠲᠥᠬᠡᠵᠥ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠲᠥᠷᠥᠯ ᠵᠦᠢᠯ ᠪᠠ ᠵᠡᠭᠦᠨ ᠳᠤᠮᠳᠠ ᠪᠠᠷᠠᠭᠤᠨ ᠤᠷᠤᠨ ᠤ ᠡᠯ᠎ᠡ ᠮᠤᠵᠢ ᠶᠢ ᠬᠠᠮᠤᠷᠤᠭᠰᠠᠨ ᠪᠠᠶᠢᠨ᠎ᠠ᠃ ᠣᠶᠢᠷ᠎ᠠ ᠳᠤ᠂ ᠲᠦᠷᠦᠭᠦᠦ ᠪᠦᠯᠦᠭ ᠤᠨ ᠪᠠᠭᠰᠢ ᠶᠢᠨ ᠪᠦᠯᠬᠦᠮ ᠤᠨ ᠲᠥᠯᠥᠭᠡᠯᠡᠭᠴᠢ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠤᠷᠭᠠᠨ ᠬᠥᠮᠦᠵᠢᠯ ᠢᠶᠠᠷ ᠤᠯᠤᠰ ᠲᠠᠭᠠᠨ ᠵᠢᠳᠬᠦᠬᠦ ᠬᠦᠰᠡᠯᠡᠩ ᠢᠶᠠᠨ ᠪᠠᠲᠤ ᠰᠠᠬᠢᠵᠤ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠨ ᠴᠢᠳᠠᠯ ᠢᠶᠠᠨ ᠡᠷᠭᠦᠬᠦ ᠡᠷᠴᠢ ᠵᠣᠷᠢᠭ ᠢᠶᠠᠨ ᠢᠯᠡᠳᠬᠡᠭᠰᠡᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号