| 9 ᠰᠠᠷ᠎ᠠ ᠶᠢᠨ 9 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠰᠣᠯᠣᠩᠭᠤᠰ ᠤᠨ ᠤᠯᠤᠰ ᠪᠠᠶᠢᠭᠤᠯᠤᠭᠳᠠᠭᠰᠠᠨ 73 ᠵᠢᠯ ᠤᠨ ᠤᠢ ᠳᠤ ᠵᠣᠷᠢᠭᠤᠯᠵᠤ | ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠶᠡᠷᠦᠩᠬᠡᠢ ᠱᠦᠵᠢ᠂ ᠲᠦᠷᠦ ᠶᠢᠨ ᠶᠠᠪᠤᠳᠠᠯ ᠤᠨ ᠬᠤᠷᠢᠶᠠᠨ ᠤ | ᠬᠤᠷᠢᠶᠠᠨ ᠳᠠᠷᠤᠭ᠎ᠠ ᠶᠢᠨ ᠵᠧᠩ ᠧᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠪᠥᠬᠦᠳᠡ ᠨᠠᠶᠢᠷᠠᠮᠳᠠᠬᠤ ᠠᠷᠠᠳᠴᠢᠯᠠᠭᠰᠠᠨ | ᠰᠣᠯᠣᠩᠭᠤᠰ ᠠᠷᠠᠳ ᠤᠯᠤᠰ ᠪᠠᠶᠢᠭᠤᠯᠤᠭᠳᠠᠭᠰᠠᠨ 73 ᠵᠢᠯ ᠤᠨ ᠲᠤᠷᠰᠢ᠂ ᠰᠣᠯᠣᠩᠭᠤᠰ ᠤᠨ ᠬᠥᠳᠡᠯᠮᠦᠷᠢᠴᠢᠨ ᠤ | ᠨᠠᠮ ᠰᠣᠯᠣᠩᠭᠤᠰ ᠤᠨ ᠠᠷᠠᠳ ᠲᠦᠮᠡᠨ ᠢ ᠪᠦᠯᠬᠦᠮᠳᠡᠭᠦᠯᠦᠨ ᠤᠳᠤᠷᠢᠳᠴᠤ ᠴᠥᠬᠦᠷᠡᠰᠢ ᠥᠬᠡᠶ ᠴᠢᠷᠮᠠᠶᠢᠵᠤ᠂ | ᠨᠡᠶᠢᠭᠡᠮ ᠵᠢᠷᠤᠮ ᠤᠨ ᠦᠢᠯᠡᠰ ᠤᠨ ᠯᠤᠲᠤ ᠶᠡᠭᠡ ᠠᠮᠵᠢᠯᠲᠠ ᠤᠯᠬᠤ ᠶᠢ ᠠᠬᠢᠭᠤᠯᠪᠠ᠃ ᠨᠥᠬᠦᠷ ᠪᠠ ᠨᠠᠶᠢᠵᠠ ᠶᠢᠨ | ᠬᠤᠪᠢ ᠳᠤ᠂ ᠡᠭᠦᠨ ᠳᠤ ᠪᠢᠳᠡ ᠦᠨᠡᠨ ᠰᠡᠳᠬᠢᠯ ᠠᠴᠠ ᠪᠠᠨ ᠪᠠᠶᠠᠷᠯᠠᠵᠤ ᠪᠠᠶᠢᠨ᠎ᠡ᠃ ᠣᠳᠣᠬᠠᠨ ᠳᠤ᠂ | ᠰᠣᠯᠣᠩᠭᠤᠰ ᠤᠨ ᠠᠷᠠᠳ ᠲᠦᠮᠡᠨ ᠶᠠᠭ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠨᠠᠢᠮᠠᠳᠤᠭᠠᠷ ᠶᠡᠭᠡ | ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢ ᠪᠦᠬᠦ ᠬᠦᠴᠦ ᠪᠠᠷ ᠢᠶᠠᠨ ᠠᠬᠢᠭᠤᠯᠵᠤ ᠪᠠᠶᠢᠨ᠎ᠡ᠃ ᠶᠡᠷᠦᠩᠬᠡᠢ ᠱᠦᠵᠢ ᠨᠥᠬᠦᠷ ᠢᠶᠠᠷ | ᠲᠦᠷᠦᠭᠦᠯᠡᠭᠦᠯᠦᠭᠰᠡᠨ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ ᠰᠣᠯᠣᠩᠭᠤᠰ ᠤᠨ ᠠᠷᠠᠳ ᠲᠦᠮᠡᠨ ᠪᠦᠯᠬᠦᠮᠳᠡᠨ ᠲᠡᠮᠡᠴᠡᠵᠤ᠂ ᠯᠠᠪᠲᠠᠶ᠎ᠠ ᠤᠯᠤᠰ ᠢᠶᠠᠨ ᠨᠡᠩ | ᠰᠠᠶᠢᠲᠤᠷ ᠪᠦᠳᠦᠭᠡᠨ ᠪᠠᠶᠢᠭᠤᠯᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠡ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠬᠦᠷᠯᠡᠯ ᠶᠠᠪᠤᠬᠤ ᠳᠤᠳᠤᠮ ᠪᠠᠬᠢᠵᠢᠵᠤ᠂ | ᠬᠤᠶᠠᠷ ᠲᠠᠯ᠎ᠠ ᠶᠢᠨ ᠬᠠᠮᠲᠤ ᠶᠢᠨ ᠡᠷᠬᠢᠮ ᠨᠠᠨᠳᠢᠨ ᠥᠪ ᠬᠦᠷᠦᠩᠬᠡ ᠪᠣᠯᠵᠠᠢ᠃ ᠤᠢᠢᠷ᠎ᠠ ᠶᠢᠨ ᠵᠢᠯ ᠠᠴᠠ᠂ ᠪᠢ | ᠶᠡᠷᠦᠩᠬᠡᠢ ᠱᠦᠵᠢ ᠨᠥᠬᠦᠷ ᠲᠠᠢ ᠨᠢᠭᠲᠠ ᠤᠯᠤᠯᠴᠠᠭ᠎ᠠ ᠪᠠᠨ ᠪᠠᠲᠤᠯᠠᠵᠤ᠂ ᠳᠤᠮᠳᠠᠳᠤ ᠰᠣᠯᠣᠩᠭᠤᠰ ᠤᠨ | ᠬᠠᠷᠢᠯᠴᠠᠭ᠎ᠠ ᠶᠢᠨ ᠲᠣᠭᠲᠠᠭᠤᠨ ᠢᠶᠠᠷ ᠤᠷᠤᠭᠰᠢ ᠬᠥᠭᠵᠢᠬᠦ ᠶᠢ ᠬᠦᠳᠦᠯᠥᠨ ᠳᠠᠭᠠᠭᠤᠯᠵᠤ᠂ ᠲᠠᠰᠤᠷᠠᠯᠳᠡ ᠦᠭᠡᠢ | ᠪᠠᠶᠠᠷᠯᠠᠭᠤᠰᠢᠲᠠᠢ ᠦᠷ᠎ᠡ ᠪᠦᠲᠦᠭᠡᠯ ᠣᠯᠵᠤ᠂ ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠬᠦᠷᠯᠡᠯ ᠳᠤ ᠰᠢᠨ᠎ᠡ | ᠠᠭᠤᠯᠤᠭᠳᠠᠬᠤᠨ ᠨᠡᠮᠡᠷᠢᠯᠡᠪᠡ᠃ ᠪᠢ ᠳᠤᠮᠳᠠᠳᠤ ᠰᠣᠯᠣᠩᠭᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶ ᠱᠦᠵᠢ ᠨᠥᠬᠦᠷ ᠲᠠᠢ ᠬᠠᠮᠲᠤ ᠪᠠᠷ ᠴᠢᠷᠮᠠᠶᠢᠵᠤ ᠪᠠᠶᠢᠭᠠᠳ | ᠬᠤᠶᠠᠷ ᠤᠯᠤᠰ ᠤᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ | ᠠᠬᠢᠭᠤᠯᠵᠤ᠂ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠵᠤ᠂ ᠬᠤᠶᠠᠷ ᠤᠯᠤᠰ ᠪᠣᠯᠤᠨ ᠬᠤᠶᠠᠷ ᠤᠯᠤᠰ ᠤᠨ | ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ | | | | | | |