ᠰᠢ ᠶᠢᠨ ᠫᠢᠩ ᠬᠠᠷᠢᠭᠤ ᠵᠠᠬᠢᠳᠠᠯ ᠢᠯᠡᠬᠡᠵᠤ ︽ᠥᠨᠳᠦᠷᠯᠢᠭ ᠤᠨ ᠬᠢᠯᠢ ᠶᠢ ᠬᠠᠮᠠᠭᠠᠯᠠᠭᠰᠠᠨ ᠵᠢᠱᠢᠶᠡᠴᠢ ᠪᠠᠲᠯᠢᠶᠣᠨ︾᠎ ᠤ ᠪᠦᠬᠦ ᠳᠠᠷᠤᠭ᠎ᠠ ᠪᠠᠶᠢᠯᠳᠤᠭᠴᠢ ᠶᠢ ᠵᠤᠷᠢᠭᠵᠢᠭᠤᠯᠤᠭᠰᠠᠨ ᠨᠢ ᠡᠬᠡ ᠤᠯᠤᠰ ᠢᠶᠠᠨ ᠬᠠᠮᠠᠭᠠᠯᠠᠵᠤ ᠬᠢᠯᠢ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠬᠡᠵᠤ ᠨᠠᠮ ᠪᠠ ᠠᠷᠠᠳ ᠲᠦᠮᠡᠨ ᠳᠡᠭᠡᠨ ᠳᠠᠬᠢᠨ ᠰᠢᠨ᠎ᠡ ᠭᠠᠪᠢᠶ᠎ᠠ ᠵᠢᠳᠬᠦᠯ ᠪᠠᠶᠢᠭᠤᠯᠬᠤ ᠪᠠᠷ ᠴᠢᠷᠮᠠᠶᠢᠭᠠᠷᠠᠢ
ᠨᠡᠶᠢᠲᠡᠯᠡᠭᠰᠡᠨ ᠴᠠᠭ᠄
2021/9/16
     ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 13᠎ ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤ‍‌ᠵᠢᠷ᠎ᠠ ᠳᠤ ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ ᠵᠢᠱᠢᠶᠡᠴᠢ ᠪᠠᠲᠯᠢᠶᠣᠨ︾᠎ ᠤ ᠪᠦᠬᠦ ᠳᠠᠷᠤᠭ᠎ᠠ ᠪᠠᠶᠢᠯᠳᠤᠭᠴᠢ ᠳᠤ ᠬᠠᠷᠢᠭᠤ ᠵᠠᠬᠢᠳᠠᠯ ᠢᠯᠡᠬᠡᠵᠤ᠂ ᠳᠡᠳᠡᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ 5 ᠵᠢᠯ ᠤᠨ ᠲᠤᠷᠰᠢ᠂ ᠲᠠ ᠨᠠᠷ ᠨᠠᠮ ᠪᠣᠯᠤᠨ ᠠᠷᠠᠳ ᠲᠦᠮᠡᠨ ᠠᠴᠠ ᠤᠯᠭᠤᠬᠰᠠᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠠᠮᠢ ᠨᠠᠰᠤᠨ ᠤ ᠬᠤᠷᠢᠭᠠᠲᠤ ᠣᠷᠣᠨ ᠢ ᠪᠠᠲᠤ ᠰᠠᠬᠢᠨ᠂ ᠵᠠᠯᠠᠭᠤ ᠨᠠᠰᠤ ᠪᠣᠯᠤᠨ ᠬᠠᠯᠠᠭᠤᠨ ᠴᠢᠰᠤ ᠪᠠᠷ ᠡᠬᠡ ᠤᠯᠤᠰ ᠤᠨ ᠢᠶᠠᠨ ᠲᠠᠷᠬᠠᠨ ᠨᠤᠲᠤᠭ ᠳᠡᠪᠢᠰᠬᠡᠷ ᠢ ᠰᠠᠬᠢᠨ ᠬᠠᠮᠠᠭᠠᠯᠠᠵᠤ᠂ ᠡᠭᠦᠷᠭᠡᠯᠡᠭᠰᠡᠨ ᠡᠭᠦᠷᠭᠡ ᠪᠠᠨ ᠭᠠᠷᠮᠠᠭᠠᠢ ᠪᠡᠶᠡᠯᠡᠭᠦᠯᠪᠡ᠃ ᠪᠦᠭᠦᠳᠡᠭᠡᠷ ᠢᠶᠠᠨ ᠪᠤᠯᠵᠤ ᠪᠠᠶᠢᠨ᠎ᠠ ᠬᠡᠵᠤ ᠢᠯᠡᠳᠬᠡᠪᠡ᠃      ᠰᠢ ᠶᠢᠨ ᠫᠢᠩ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠡᠮᠦᠨ᠎ᠡ ᠹᠷᠣᠨᠲ ᠲᠤ ᠪᠠᠶᠢᠯᠳᠤᠵᠤ᠂ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠶᠤᠮ᠃ ᠨᠥᠬᠦᠳ ᠨᠡᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠴᠡᠷᠢᠭ ᠪᠣᠯᠪᠠᠰᠤᠷᠠᠭᠤᠯᠤᠨ ᠲᠠᠶᠢᠨ ᠳᠤ ᠪᠡᠯᠡᠳᠬᠡᠬᠦ ᠪᠠᠨ ᠴᠢᠩᠭᠠᠳᠬᠠᠵᠤ᠂ ᠡᠬᠡ ᠤᠯᠤᠰ ᠢᠶᠠᠨ ᠬᠠᠮᠠᠭᠠᠯᠠᠵᠤ ᠬᠢᠯᠢ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠰᠠᠶᠢᠲᠤᠷ ᠭᠦᠢᠴᠡᠳᠬᠡᠵᠦ᠂ ᠨᠠᠮ ᠪᠣᠯᠤᠨ ᠠᠷᠠᠳ ᠲᠦᠮᠡᠨ ᠳᠡᠭᠡᠨ ᠲᠠᠬᠢᠨ ᠰᠢᠨ᠎ᠡ ᠭᠠᠪᠢᠶ᠎ᠠ ᠵᠢᠳᠬᠦᠯ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ ᠵᠢᠱᠢᠶᠡᠴᠢ ᠪᠠᠲᠯᠢᠶᠣᠨ︾ ᠪᠣᠯ ᠨᠢᠬᠡᠨ ᠰᠠᠯᠠᠭ᠎ᠠ ᠰᠢᠯᠢᠳᠡᠭ ᠤᠯᠠᠮᠵᠢᠯᠠᠯ ᠲᠠᠢ ᠪᠠᠭᠠᠲᠤᠷᠯᠢᠭ ᠴᠡᠷᠢᠭ ᠠᠩᠭᠢ ᠪᠣᠯᠤᠨ᠎ᠠ᠃ ᠲᠤᠰ ᠪᠠᠲᠯᠢᠶᠣᠨ ᠤ ᠰᠠᠭᠤᠭ᠎ᠠ ᠭᠠᠵᠠᠷ ᠨᠢ ᠳᠠᠯᠠᠶ ᠶᠢᠨ ᠲᠦᠪᠰᠢᠨ ᠠᠴᠠ ᠳᠤᠮᠳᠠᠴᠢ ᠪᠠᠷ 4800 ᠭᠠᠷᠤᠶ ᠮᠧᠲᠷ ᠡᠷᠭᠦᠭᠳᠡᠵᠦ᠂ ᠬᠠᠮᠤᠭ ᠤᠨ ᠳᠣᠣᠷ᠎ᠠ ᠠᠭᠠᠷ ᠤᠨ ᠳᠤᠯᠠᠭᠠᠨ ᠨᠢ ᠲᠡᠭ ᠠᠴᠠ ᠳᠣᠷᠣᠭᠰᠢ 40 ᠭᠷᠠᠳᠦ᠋ᠰ ᠪᠠᠶᠢᠵᠤ᠂ ᠨᠢᠬᠡ ᠵᠢᠯ ᠤᠨ 200 ᠭᠠᠷᠤᠢ ᠡᠳᠤᠷ ᠲᠤ 8 ᠳᠡᠰ ᠠᠴᠠ ᠳᠡᠭᠡᠭᠰᠢ ᠶᠡᠭᠡ ᠰᠠᠯᠬᠢ ᠰᠠᠯᠬᠢᠯᠠᠳᠠᠬ᠃ ᠤᠷᠳᠤ ᠬᠤᠭᠤᠴᠠᠭᠠᠨ᠎ᠠ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠴᠠᠰᠤᠲᠤ ᠥᠨᠳᠦᠷᠯᠢᠭ ᠲᠤ ᠦᠨᠳᠦᠰᠦᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠤᠷᠢᠳ ᠬᠤᠵᠢᠳ 9 ᠤᠳᠠᠭ᠎ᠠ ᠪᠦᠬᠦ ᠤᠯᠤᠰ ᠪᠦᠬᠦ ᠴᠡᠷᠢᠭ ᠤᠨ ᠬᠥᠬᠢᠭᠦᠯᠦᠯ ᠢ ᠬᠦᠷᠳᠡᠵᠦ᠂ 5 ᠤᠳᠠᠭ᠎ᠠ ᠢᠷᠠᠭᠤ ᠠᠯᠳᠠᠷ ᠤᠨ ᠴᠣᠯᠠ ᠬᠦᠷᠳᠡᠵᠦ᠂ 5 ᠨᠠᠷ᠎ᠠ ᠨᠢᠭᠡᠳᠦᠭᠡᠷ ᠳᠡᠰ ᠤᠨ ᠭᠠᠪᠢᠶᠠᠳᠠᠨ᠂ 44 ᠨᠠᠷ᠎ᠠ ᠬᠤᠶᠠᠳᠤᠭᠠᠷ ᠳᠡᠰ ᠤᠨ ᠭᠠᠪᠢᠶᠠᠳᠠᠨ ᠵᠡᠷᠭᠡ ᠨᠢᠭᠡ ᠪᠦᠯᠦᠭ ᠲᠡᠷᠢᠭᠦᠨ ᠤ ᠬᠠᠮᠲᠤ ᠪᠠ ᠬᠤᠪᠢ ᠬᠥᠮᠦᠨ ᠴᠣᠯᠭᠤᠷᠠᠨ ᠭᠠᠷᠴᠠᠢ᠃ 2016 ᠣᠨ ᠤ 8 ᠰᠠᠷ᠎ᠠ ᠳᠤ᠂ ᠰᠢ ᠶᠢᠨ ᠫᠢᠩ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ ᠲᠤᠰ ᠪᠠᠲᠯᠢᠶᠣᠨ ᠳᠤ ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ ᠵᠢᠱᠢᠶᠡᠴᠢ ᠪᠠᠲᠯᠢᠶᠣᠨ︾᠎ ᠤ ᠢᠷᠠᠭᠤ ᠠᠯᠳᠠᠷ ᠤᠨ ᠴᠣᠯᠠ ᠣᠯᠭᠤᠪᠠ᠃ ᠤ‍‌ᠵᠢᠷ᠎ᠠ ᠶᠢᠨ ᠡᠳᠦᠷ᠂ ᠪᠦᠬᠦ ᠪᠠᠲᠯᠢᠶᠣᠨ ᠤ ᠳᠠᠷᠤᠭ᠎ᠠ ᠪᠠᠶᠢᠯᠳᠤᠭᠴᠢᠳ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠪᠢᠴᠢᠵᠦ᠂ 5 ᠵᠢᠯ ᠤᠨ ᠲᠤᠷᠰᠢᠬᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠡᠷᠢᠭᠦᠯᠡᠭᠴᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠪᠠᠷ ᠤᠯᠤᠰ ᠢᠶᠠᠨ ᠬᠠᠮᠠᠭᠠᠯᠠᠵᠤ ᠬᠢᠯᠢ ᠪᠠᠨ ᠰᠠᠬᠢᠬᠤ ᠡᠷᠡᠰ ᠪᠠᠲᠤ ᠢᠲᠡᠭᠡᠯ ᠵᠣᠷᠢᠭ ᠢᠶᠠᠨ ᠢᠯᠡᠳᠬᠡᠭᠰᠡᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号