| ᠯᠢ ᠺᠧ ᠴᠢᠶᠠᠩ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠳᠤ ᠠᠵᠢᠯ ᠤᠨ ᠪᠠᠶᠢᠴᠠᠭᠠᠯᠲᠠ ᠬᠢᠭᠰᠡᠨ | ᠪᠥᠭᠡᠳ ᠠᠨᠠᠭᠠᠬᠤ ᠤᠬᠠᠭᠠᠨ ᠤ ᠲᠤᠰᠬᠠᠢ ᠮᠡᠷᠭᠡᠵᠢᠯᠲᠡᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠮᠴᠢ ᠶᠢᠨ | ᠥᠷᠥᠪᠴᠢ ᠰᠡᠳᠬᠢᠯ ᠢ ᠪᠠᠲᠤ ᠰᠠᠬᠢᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠪᠠ ᠲᠤᠰᠬᠠᠶ ᠮᠡᠷᠭᠡᠵᠢᠯ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | 9 ᠳ᠋ᠦ᠋ᠭᠡᠷ ᠰᠠᠷ᠎ᠠ ᠶᠢᠨ 13 ᠤ ᠡᠳᠦᠷ᠂ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ | ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠳᠤ ᠬᠦᠷᠴᠦ ᠠᠵᠢᠯ ᠤᠨ ᠪᠠᠶᠢᠴᠠᠭᠠᠯᠲᠠ ᠬᠢᠭᠰᠡᠨ ᠪᠥᠭᠡᠳ | ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠮᠴᠢᠯᠡᠭᠡ ᠡᠷᠡᠭᠦᠯ | ᠬᠠᠮᠠᠭᠠᠯᠠᠯ ᠤᠨ ᠠᠵᠢᠯ ᠤᠨ ᠬᠥᠭᠵᠢᠯᠲᠡ ᠪᠠ ᠰᠢᠨᠡᠴᠢᠯᠡᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ | ᠲᠡᠷᠡ ᠴᠢᠬᠤᠯᠠᠴᠢᠯᠠᠬᠤ ᠳᠤ ᠪᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ | ᠲᠦᠮᠡᠨ ᠤ ᠡᠷᠡᠭᠦᠯ ᠮᠡᠨᠳᠤ ᠶᠢ ᠪᠠᠲᠤᠯᠠᠬᠤ ᠶᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢᠨ | ᠴᠢᠬᠤᠯᠠ ᠠᠭᠤᠯᠭ᠎ᠠ ᠪᠣᠯᠭᠠᠵᠤ᠂ ᠠᠨᠠᠭᠠᠬᠤ ᠤᠬᠠᠭᠠᠨ ᠤ ᠨᠣᠶᠠᠨ ᠤᠷᠬᠢᠯ ᠳᠤ ᠵᠣᠷᠢᠭᠲᠠᠢ ᠪᠠᠷ ᠠᠪᠠᠷᠢᠵᠤ᠂ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ ᠲᠦᠪᠰᠢᠨ ᠢ ᠳᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ ᠭᠡᠵᠡᠢ᠃ | | | | ᠯᠢ ᠺᠧ ᠴᠢᠶᠠᠩ ᠡᠩ ᠲᠡᠷᠢᠭᠦᠨ ᠳᠤ ᠡᠮᠨᠡᠯᠭᠡ ᠶᠢᠨ ᠬᠤᠷᠢᠶᠠᠨ ᠤ ᠠᠬᠠᠮᠠᠳ ᠲᠤᠰᠬᠠᠢ ᠮᠡᠷᠭᠡᠵᠢᠯᠲᠡᠳ ᠢ | ᠪᠣᠯᠭᠤᠭᠠᠨ ᠦᠵᠡᠵᠦ᠂ ᠲᠡᠳᠡᠨ ᠢ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠯᠢ ᠺᠧ ᠴᠢᠶᠠᠩ ᠬᠡᠯᠡᠬᠦ ᠳᠤ ᠪᠠᠨ᠂ | ᠲᠠ ᠨᠠᠷ ᠬᠥᠮᠥᠨ ᠤ ᠠᠮᠢᠳᠤᠷᠠᠯ ᠤᠨ ᠬᠠᠮᠤᠭ ᠤᠨ ᠰᠠᠶᠢᠨ ᠰᠠᠶᠢᠬᠠᠨ ᠴᠠᠭ ᠦᠶ᠎ᠡ ᠪᠠᠨ ᠡᠮᠴᠢᠯᠡᠭᠡᠨ ᠤ ᠦᠢᠯᠡᠰ ᠲᠤ | ᠵᠣᠷᠢᠭᠤᠯᠪᠠ᠂ ᠰᠢᠶᠧ ᠡᡁᠧ ᠡᠮᠨᠡᠯᠭᠡ ᠶᠢᠨ ᠬᠤᠷᠢᠶ᠎ᠠ ᠨᠢ ᠶᠠᠭ ᠲᠠ ᠨᠠᠷ ᠰᠢᠭ᠋ ᠡᠶᠢᠮᠦ ᠠᠨᠠᠭᠠᠬᠤ ᠤᠬᠠᠭᠠᠨ ᠤ ᠨᠡᠷᠡᠳᠦ | ᠬᠥᠮᠦᠰ ᠦᠶ᠎ᠡ ᠶᠢᠨ ᠦᠶ᠎ᠡ ᠳᠤ ᠪᠠᠨ ᠤᠯᠠᠮᠵᠢᠯᠠᠨ ᠬᠥᠭᠵᠢᠭᠦᠯᠦᠭᠰᠡᠨ ᠠᠴᠠ ᠰᠠᠶ᠋ᠢ ᠥᠨᠥᠳᠦᠷ ᠤᠨ ᠰᠢᠭ ᠥᠨᠳᠥᠷ | ᠪᠠᠶᠢᠷᠢ ᠰᠠᠭᠤᠷᠢ ᠪᠣᠯᠤᠨ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠢ ᠣᠯᠤᠭᠰᠠᠨ ᠶᠤᠮ᠂ ᠤᠯᠠᠨ ᠢᠶᠠᠷ ᠢᠶᠠᠨ | ᠡᠪᠡᠳᠴᠢᠨ ᠵᠠᠰᠠᠵᠤ ᠡᠪᠡᠳᠴᠢᠲᠡᠨ ᠢ ᠡᠳᠡᠭᠡᠷᠡᠭᠦᠯᠬᠦ᠂ ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠠᠷ ᠢᠯᠡᠭᠦᠬᠡᠨ | ᠲᠤᠷᠰᠢᠯᠭ᠎ᠠ ᠤᠯᠠᠮᠵᠢᠯᠠᠬᠤ ᠶᠢ ᠬᠦᠰᠡᠵᠦ ᠪᠠᠶᠢᠨ᠎ᠠ ᠭᠡᠵᠡᠢ᠃ | | | | ᠡᠮᠨᠡᠯᠭᠡ ᠶᠢᠨ ᠬᠤᠷᠢᠶᠠᠨ ᠤ ᠡᠷᠳᠡᠮ ᠰᠢᠨᠵᠢᠯᠡᠭᠡᠨ ᠤ ᠬᠤᠷᠠᠯ ᠤᠨ ᠲᠠᠩᠬᠢᠮ ᠳᠤ᠂ ᠯᠢ ᠺᠧ ᠴᠢᠶᠠᠩ ︽ᠰᠢᠶᠧ | ᠾᠧ ᠶᠢᠨ ᠵᠠᠭᠤᠨ ᠵᠢᠯ ᠤᠨ ᠲᠡᠦᠬᠡ ᠶᠢᠨ ᠦᠵᠡᠭᠦᠯᠭᠡ︾ ᠶᠢ ᠲᠣᠭᠤᠷᠢᠨ ᠦᠵᠡᠵᠦ᠂ ᠦᠵᠡᠭᠦᠯᠭᠡ ᠶᠢᠨ ᠰᠠᠮᠪᠠᠷ᠎ᠠ | ᠪᠣᠯᠤᠨ ᠪᠣᠳᠠᠲᠤ ᠵᠦᠢᠯ ᠤᠨ ᠡᠮᠦᠨ᠎ᠡ ᠵᠣᠭᠰᠣᠨ᠂ ᠲᠠᠨᠢᠯᠴᠠᠭᠤᠯᠭ᠎ᠠ ᠶᠢ ᠰᠣᠨᠣᠰᠴᠠᠢ᠃ ᠲᠡᠷᠡ ᠬᠡᠯᠡᠬᠦ ᠳᠤ ᠪᠠᠨ᠂ | ᠰᠢᠶᠧ ᠡᡁᠧ ᠡᠮᠨᠡᠯᠭᠡ ᠶᠢᠨ ᠬᠤᠷᠢᠶ᠎ᠠ ᠮᠠᠨ ᠤ ᠤᠯᠤᠰ ᠤᠨ ᠤᠳᠤ ᠦᠶ᠎ᠡ ᠶᠢᠨ ᠠᠨᠠᠭᠠᠬᠤ ᠤᠬᠠᠭᠠᠨ ᠪᠣᠯᠤᠨ | ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠬᠥᠭᠵᠢᠯᠲᠡ ᠳᠤ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ | ᠦᠵᠡᠭᠦᠯᠵᠦ᠂ ᠤᠯᠠᠨ ᠵᠢᠯ ᠤᠨ ᠲᠤᠷᠰᠢ ᠶᠡᠭᠡ ᠬᠡᠮᠵᠢᠶᠡᠨ ᠤ ᠡᠪᠡᠳᠴᠢᠲᠡᠨ ᠢᠯᠠᠩᠭᠤᠶ᠎ᠠ ᠬᠦᠴᠢᠷ ᠲᠦᠪᠡᠭᠲᠡᠢ ᠬᠦᠨᠳᠦ | ᠡᠪᠡᠳᠴᠢᠲᠡᠨ ᠢ ᠠᠮᠵᠢᠯᠲᠠ ᠲᠠᠢ ᠡᠮᠨᠡᠨ ᠵᠠᠰᠠᠵᠠᠢ᠃ ᠰᠠᠶᠢᠨ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ | ᠡᠪᠡᠳᠴᠢᠲᠡᠨ ᠵᠢᠴᠢ ᠭᠡᠷ ᠪᠦᠯᠢ ᠶᠢᠨ ᠬᠢᠨ ᠤ ᠡᠭᠦᠷᠢᠳᠡ ᠨᠠᠶᠢᠳᠠᠪᠤᠷᠢᠲᠠᠢ ᠪᠥᠭᠡᠳ ᠢᠲᠡᠭᠡᠯᠲᠡᠢ ᠡᠮᠨᠡᠯᠭᠡ ᠶᠢᠨ | ᠬᠤᠷᠢᠶ᠎ᠠ ᠪᠣᠯᠬᠤ ᠶᠢ ᠬᠦᠰᠡᠵᠦ ᠪᠠᠶᠢᠨ᠎ᠠ ᠭᠡᠵᠡᠢ᠃ | ᠶᠠᠷᠢᠯᠴᠠᠬᠤ ᠬᠤᠷᠠᠯ ᠳᠡᠭᠡᠷ᠎ᠡ᠂ ᠵᠠᠩ ᠱᠤ᠋ ᠶᠠᠩ᠂ ᠦ᠋ ᠫᠸᠢ ᠰᠢᠨ᠂ ᠴᠢᠦ ᠬᠦᠢ ᠰᠢᠩ᠂ ᠵᠦ ᠯᠠᠨ᠂ ᠦ᠋ | ᠳ᠋ᠦᠩ᠂ ᠯᠠᠩ ᠵᠢᠩ ᠡᡁᠧ ᠵᠡᠷᠭᠡ ᠲᠤᠰᠬᠠᠢ ᠮᠡᠷᠭᠡᠵᠢᠯᠲᠡᠨ ᠶᠠᠷᠢᠶ᠎ᠠ ᠲᠠᠯᠪᠢᠵᠠᠢ᠃ ᠯᠢ ᠺᠧ ᠴᠢᠶᠠᠩ ᠬᠡᠯᠡᠬᠦ ᠳᠤ ᠪᠠᠨ᠂ | ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠨᠢ ᠬᠥᠮᠦᠨ ᠳᠤ ᠬᠠᠨᠳᠤᠵᠤ᠂ ᠡᠷᠡᠭᠦᠯ ᠮᠡᠨᠳᠤ ᠳᠤ ᠬᠤᠯᠪᠣᠭᠳᠠᠵᠤ᠂ | ᠠᠮᠢ ᠨᠠᠰᠤᠨ ᠤ ᠨᠠᠶᠢᠳᠠᠯᠭ᠎ᠠ ᠶᠢ ᠬᠦᠯᠢᠶᠡᠵᠦ ᠪᠠᠶᠢᠭ᠎ᠠ ᠪᠣᠯᠬᠤᠷ᠂ ᠡᠮᠴᠢ ᠶᠢᠨ ᠶᠣᠰᠣ ᠮᠣᠷᠠᠯ ᠲᠦᠢᠯ ᠤᠨ ᠴᠢᠬᠤᠯᠠ | ᠪᠠᠶᠢᠳᠠᠭ᠃ ᠳᠤᠮᠳᠠᠳᠤ ᠤᠯᠤᠰ ᠤᠨ ᠡᠷᠲᠡᠨ ᠤ ᠦᠶ᠎ᠡ ᠶᠢᠨ ᠰᠠᠶᠢᠨ ᠡᠮᠴᠢ ᠳᠡᠯᠡᠬᠡᠢ ᠶᠢᠷᠲᠢᠨᠴᠦ ᠶᠢ ᠳᠡᠳᠬᠦᠨ᠂ | ᠤᠳᠤ ᠦᠶ᠎ᠡ ᠶᠢᠨ ᠴᠠᠭᠠᠨ ᠬᠤᠪᠴᠠᠰᠤᠲᠤ ᠡᠮᠴᠢ ᠨᠠᠷ ᠡᠨᠡᠷᠢᠩᠭᠦᠶ ᠰᠡᠳᠬᠢᠯ ᠢ ᠪᠠᠲᠤ ᠰᠠᠬᠢᠵᠤ ᠪᠠᠶᠢᠭ᠎ᠠ ᠨᠢ ᠴᠥᠮ | ᠠᠷᠠᠳ ᠤᠯᠠᠨ ᠤ ᠡᠷᠡᠭᠦᠯ ᠮᠡᠨᠳᠤ ᠶᠢ ᠰᠠᠬᠢᠨ ᠬᠠᠮᠠᠭᠠᠯᠠᠬᠤ ᠰᠡᠳᠬᠢᠯᠭᠡ ᠶᠢ ᠢᠯᠡᠷᠡᠭᠦᠯᠦᠭᠰᠡᠨ ᠶᠤᠮ᠃ ᠣᠳᠣᠬᠠᠨ ᠳᠤ | ᠣᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠡᠷᠡᠭᠦᠯ ᠮᠡᠨᠳᠦ ᠶᠢᠨ | ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠥᠷᠭᠡᠨ ᠣᠯᠠᠨ ᠡᠮᠨᠡᠯᠭᠡ ᠶᠢᠨ ᠠᠵᠢᠯᠲᠠᠳ ᠦᠬᠦᠯ ᠠᠴᠠ ᠠᠪᠤᠷᠠᠨ | ᠰᠢᠷᠬᠠᠲᠤᠭᠰᠠᠳ ᠢ ᠲᠡᠳᠬᠦᠬᠦ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠡᠪᠡᠳᠴᠢᠲᠡᠨ ᠢ | ᠲᠡᠷᠢᠭᠦᠨ ᠪᠠᠶᠢᠷᠢᠨ ᠳᠤ ᠲᠠᠯᠪᠢᠨ᠂ ᠠᠮᠢ ᠨᠠᠰᠤ ᠶᠢ ᠢᠪᠡᠭᠡᠵᠦ᠂ ᠡᠨᠡᠷᠢᠩᠭᠦᠢ ᠰᠡᠳᠬᠢᠯ ᠢᠶᠠᠷ ᠥᠷᠥᠰᠢᠶᠡᠯ ᠦᠵᠡᠭᠦᠯᠵᠦ | ᠂ ᠶᠡᠭᠡ ᠬᠠᠶᠢᠷ᠎ᠠ ᠪᠠᠷ ᠶᠡᠭᠡ ᠡᠮᠴᠢᠯᠡᠭᠡ ᠶᠢ ᠪᠦᠲᠦᠭᠡᠬᠦ ᠬᠡᠷᠡᠭᠲᠡᠶ ᠭᠡᠵᠡᠢ᠃ | | | | ᠯᠢ ᠺᠧ ᠴᠢᠶᠠᠩ ᠵᠢᠭᠠᠬᠤ ᠳᠤ ᠪᠠᠨ᠂ ᠬᠤᠪᠢᠯᠭᠠᠨ ᠣᠲᠠᠴᠢ ᠡᠪᠡᠳᠴᠢᠨ ᠵᠠᠰᠠᠬᠤ ᠳᠤ ᠴᠦ ᠰᠢᠨᠵᠢᠯᠡᠬᠦ | ᠤᠬᠠᠭᠠᠨ ᠤ ᠵᠣᠷᠢᠭ ᠰᠠᠨᠠᠭ᠎ᠠ ᠪᠣᠯᠤᠨ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠠᠴᠠ ᠰᠠᠯᠵᠤ ᠴᠢᠳᠠᠬᠤ ᠦᠭᠡᠢ ᠶᠤᠮ | ᠃ ᠥᠷᠭᠡᠨ ᠤᠯᠠᠨ ᠡᠮᠴᠢᠯᠡᠭᠡᠨ ᠤ ᠠᠵᠢᠯᠲᠠᠳ ᠴᠢᠩᠭ᠎ᠠ ᠨᠢᠮᠪᠠᠢ ᠪᠠ ᠦᠨᠡᠨ ᠪᠣᠳᠠᠲᠠᠢ ᠣᠪᠣᠷ ᠰᠤᠷᠲᠠᠯ ᠢ ᠡᠷᠬᠢᠮᠯᠡᠵᠦ | ᠂ ᠠᠨᠠᠭᠠᠬᠤ ᠤᠬᠠᠭᠠᠨ ᠤ ᠦᠢᠯᠡᠰ ᠲᠤ ᠨᠢᠭᠲᠠ ᠠᠴᠠ ᠨᠢᠭᠲᠠ ᠬᠠᠨᠳᠤᠵᠤ᠂ ᠡᠪᠡᠳᠴᠢᠨ ᠤ ᠵᠢᠱᠢᠶ᠎ᠡ ᠨᠦᠭᠦᠳ ᠠᠴᠠ | ᠲᠤᠷᠰᠢᠯᠭ᠎ᠠ ᠬᠤᠷᠠᠮᠳᠤᠭᠤᠯᠬᠤ ᠶᠢ ᠴᠢᠬᠤᠯᠠᠴᠢᠯᠠᠵᠤ᠂ ᠦᠨᠳᠦᠰᠦᠨ ᠡᠷᠳᠡᠮ ᠴᠢᠳᠠᠪᠤᠷᠢ ᠪᠠᠨ ᠪᠠᠲᠤᠳᠬᠠᠵᠤ᠂ | ᠡᠮᠴᠢᠯᠡᠭᠡᠨ ᠤ ᠮᠡᠷᠭᠡᠵᠢᠯ ᠢ ᠴᠢᠷᠮᠠᠶᠢᠨ ᠰᠤᠳᠤᠯᠵᠤ᠂ ᠬᠦᠴᠢᠷ ᠲᠦᠪᠡᠭᠲᠡᠢ ᠬᠦᠨᠳᠦ ᠡᠪᠡᠳᠴᠢᠨ ᠳᠤ ᠴᠢᠭᠯᠡᠭᠦᠯᠦᠨ | ᠬᠠᠮᠤᠭ ᠤᠨ ᠰᠠᠶᠢᠨ ᠡᠮᠨᠡᠨ ᠵᠠᠰᠠᠬᠤ ᠲᠥᠰᠦᠯ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠣᠯᠠᠨ ᠤᠯᠤᠰ ᠤᠨ | ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠡᠮᠴᠢᠯᠡᠭᠡᠨ ᠤ ᠣᠨᠣᠰᠢᠯᠠᠨ ᠡᠮᠨᠡᠬᠦ ᠰᠢᠨ᠎ᠡ ᠮᠡᠷᠭᠡᠵᠢᠯ᠂ ᠰᠢᠨ᠎ᠡ | ᠡᠮ᠂ ᠰᠢᠨ᠎ᠡ ᠠᠷᠭ᠎ᠠ ᠶᠢᠨ ᠰᠢᠨᠡᠴᠢᠯᠡᠯᠲᠡ ᠶᠢ ᠲᠠᠰᠤᠷᠠᠯᠲᠠ ᠥᠬᠡᠶ ᠬᠠᠶᠢᠨ ᠰᠦᠪᠡᠭᠴᠢᠯᠡᠬᠦ ᠬᠡᠷᠡᠭᠲᠡᠢ᠃ ᠤᠯᠤᠰ ᠠᠴᠠ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨ᠎ᠡ ᠶᠢ | ᠡᠭᠦᠳᠬᠦ ᠶᠢ ᠳᠡᠮᠵᠢᠬᠦ ᠰᠢᠭ ᠲᠦᠷᠦ ᠶᠢᠨ ᠪᠤᠳᠤᠯᠭ᠎ᠠ ᠶᠢ ᠠᠪᠴᠤ᠂ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ | ᠡᠮᠨᠡᠯᠭᠡ ᠶᠢᠨ ᠬᠤᠷᠢᠶ᠎ᠠ ᠶᠢᠨ ᠳᠡᠯᠡᠬᠡᠶ ᠶᠢᠨ ᠲᠡᠷᠢᠭᠦᠨ ᠤ ᠮᠡᠷᠭᠡᠵᠢᠯ ᠢ ᠣᠨᠢᠯᠠᠨ᠂ ᠡᠪᠡᠳᠴᠢᠨ ᠵᠠᠰᠠᠬᠤ ᠬᠡᠷᠡᠭᠴᠡᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠪᠠ ᠦᠷ᠎ᠡ ᠪᠦᠲᠦᠭᠡᠯ ᠢ | ᠤᠯᠠᠷᠢᠭᠤᠯᠬᠤ ᠲᠠᠯ᠎ᠠ ᠪᠠᠷ ᠡᠮᠦᠨ᠎ᠡ ᠡᠩᠨᠡᠭᠡᠨ ᠳᠤ ᠭᠠᠪᠰᠢᠭᠠᠶᠢᠯᠠᠵᠤ᠂ ᠡᠮᠴᠢᠯᠡᠭᠡᠨ ᠤ ᠬᠢᠷᠢ ᠲᠦᠪᠰᠢᠨ ᠢᠶᠠᠨ | ᠳᠡᠭᠡᠭᠰᠢᠯᠡᠭᠦᠯᠬᠦ ᠶᠢ ᠳᠡᠮᠵᠢᠵᠦ ᠪᠠᠶᠢᠨ᠎ᠠ᠃ ᠣᠳᠣᠬᠠᠨ ᠤ ᠰᠢᠨ᠎ᠡ ᠲᠢᠲᠢᠮᠯᠢᠭ ᠸᠢᠷᠦ᠋ᠰ ᠤᠨ ᠬᠤᠪᠢᠰᠤᠯᠲᠠ ᠲᠦᠷᠭᠡᠨ | ᠪᠠᠶᠢᠬᠤ ᠵᠡᠷᠭᠡ ᠪᠠᠶᠢᠳᠠᠯ ᠳᠤ ᠴᠢᠭᠯᠡᠭᠦᠯᠦᠨ᠂ ᠲᠤᠷᠰᠢᠯᠭ᠎ᠠ ᠪᠠᠨ ᠲᠠᠰᠤᠷᠠᠯᠲᠠ ᠥᠬᠡᠶ ᠳ᠋ᠦᠩᠨᠡᠵᠦ᠂ ᠣᠨᠣᠰᠢᠯᠠᠨ ᠡᠮᠨᠡᠬᠦ | ᠲᠥᠰᠦᠯ ᠢᠶᠠᠨ ᠰᠢᠯᠢᠳᠡᠭᠵᠢᠭᠦᠯᠵᠦ᠂ ᠸᠠᠺᠼᠢᠨ ᠢ ᠦᠷᠭᠦᠯᠵᠢᠯᠡᠨ ᠲᠡᠭᠦᠯᠳᠡᠷᠵᠢᠭᠦᠯᠵᠦ᠂ ᠢᠯᠠᠩᠭᠤᠶ᠎ᠠ ᠪᠦᠲᠦᠮᠵᠢᠲᠡᠶ | ᠡᠮ ᠤᠨ ᠵᠦᠢᠯ ᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠠᠪᠤᠷᠠᠨ ᠵᠠᠰᠠᠬᠤ ᠦᠷ᠎ᠡ ᠪᠦᠲᠦᠮᠵᠢ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠡᠢ᠃ | | | | ᠯᠢ ᠺᠧ ᠴᠢᠶᠠᠩ ᠬᠡᠯᠡᠬᠦ ᠳᠤ ᠪᠠᠨ᠂ ᠴᠢᠨᠠᠷᠯᠢᠭ ᠡᠮᠴᠢᠯᠡᠭᠡᠨ ᠤ ᠦᠢᠯᠡᠴᠢᠯᠡᠭᠡ ᠪᠠᠷ ᠤᠯᠠᠨ ᠲᠦᠮᠡᠨ ᠳᠤ ᠨᠡᠩ | ᠰᠠᠶᠢᠨ ᠠᠰᠢᠭ ᠬᠦᠷᠲᠡᠭᠡᠬᠦ ᠶᠢ ᠠᠬᠢᠭᠤᠯᠬᠤ ᠬᠡᠷᠡᠭᠲᠡᠢ᠃ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ | ᠬᠤᠷᠢᠶ᠎ᠠ ᠨᠢ ᠣᠷᠣᠨ ᠪᠦᠰᠡ ᠶᠢᠨ ᠡᠮᠴᠢᠯᠡᠭᠡᠨ ᠤ ᠲᠥᠪ᠂ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠬᠤ | ᠶᠠᠪᠤᠴᠠ ᠳᠤ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ | ᠪᠠ ᠦᠨᠳᠦᠰᠦᠨ ᠱᠠᠳᠤ᠂ ᠨᠡᠶᠢᠭᠡᠮ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠬᠢᠷᠢ ᠲᠦᠪᠰᠢᠨ ᠢ | ᠲᠠᠶᠢᠴᠢᠯᠠᠨ ᠳᠡᠭᠡᠭᠰᠢᠯᠡᠭᠦᠯᠵᠦ᠂ ︽ᠢᠨᠲ᠋ᠧᠷ ᠰᠦᠯᠵᠢᠶ᠎ᠡ + ᠡᠮᠴᠢᠯᠡᠭᠡ︾ ᠶᠢ ᠬᠥᠭᠵᠢᠭᠦᠯᠵᠦ᠂ ᠦᠨᠳᠦᠰᠦᠨ ᠱᠠᠳᠤ | ᠢᠯᠠᠩᠭᠤᠶ᠎ᠠ ᠬᠢᠯᠢ ᠬᠢᠵᠠᠭᠠᠷ ᠣᠷᠣᠨ ᠤ ᠡᠪᠡᠳᠴᠢᠲᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠳᠤ | ᠨᠡᠩ ᠲᠦᠬᠦᠮ ᠪᠣᠯᠭᠠᠬᠤ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ | ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠡᠪᠡᠳᠴᠢᠨ | ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ ᠠᠰᠠᠭᠤᠳᠠᠯ ᠢ ᠤᠯᠠᠮ ᠨᠢᠭᠡ ᠠᠯᠬᠤᠮ | ᠨᠠᠮᠳᠠᠭᠠᠬᠤ ᠬᠡᠷᠡᠭᠲᠡᠢ ᠭᠡᠵᠡᠢ᠃ | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠵᠤ | ᠂ ᠡᠮᠴᠢ ᠶᠢ ᠬᠦᠨᠳᠦᠳᠬᠡᠨ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠤᠢ ᠪᠣᠯᠭᠠᠵᠤ᠂ ᠡᠷᠡᠭᠦᠯ ᠡᠩᠭᠡ ᠳᠤᠮᠳᠠᠳᠤ ᠤᠯᠤᠰ ᠢ ᠲᠥᠷᠭᠡᠳᠬᠡᠨ ᠪᠠᠶᠢᠭᠤᠯᠵᠤ᠂ ᠠᠷᠠᠳ ᠤᠯᠠᠨ ᠤ | ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠨᠡᠩ ᠰᠠᠶᠢᠲᠤᠷ ᠬᠠᠮᠠᠭᠠᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠦᠨ ᠴᠦᠨ ᠯᠠᠨ᠂ ᠰᠢᠶᠤᠤ ᠵᠢᠶᠧ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | | | | | | |