| ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ | ᠨᠢᠭᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠭᠠᠭᠴᠠᠭᠠᠷ ᠡᠵᠡᠮᠰᠢᠯ ᠢ ᠡᠰᠡᠷᠭᠦᠴᠡᠬᠦ ᠵᠦᠢ | ᠪᠤᠰᠤ ᠥᠷᠢᠰᠥᠯᠳᠦᠭᠡᠨ ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠵᠤ ᠡᠳ᠋ ᠪᠣᠳᠠᠰ | ᠨᠥᠭᠡᠴᠡᠯᠡᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠵᠠᠢ | ᠯᠢ ᠺᠧ ᠴᠢᠶᠠᠩ ᠸᠠᠩ ᠬᠤ᠋ ᠨᠢᠩ ᠬᠠᠨ ᠵᠧᠩ ᠣᠷᠣᠯᠴᠠᠵᠠᠢ | ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 30 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠰᠢ | ᠶᠢᠨ ᠫᠢᠩ 8 ᠰᠠᠷ᠎ᠠ ᠶᠢᠨ 30 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ | ᠭᠠᠭᠴᠠᠭᠠᠷ ᠡᠵᠡᠮᠰᠢᠯ ᠢ ᠡᠰᠡᠷᠭᠦᠴᠡᠬᠦ ᠶᠢ ᠴᠢᠩᠭᠠᠳᠬᠠᠵᠤ ᠡᠷᠬᠡ ᠲᠡᠭᠰᠢ ᠪᠠᠷ ᠥᠷᠢᠰᠥᠯᠳᠦᠬᠦ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠶ ᠠᠬᠢᠭᠤᠯᠬᠤ ᠲᠤᠬᠠᠶ ᠰᠠᠨᠠᠯ︾᠂ ︽ᠪᠠᠶᠢᠭᠤᠯᠤᠮᠵᠢ ᠲᠣᠭᠲᠠᠴᠠ ᠶᠢ | ᠥᠭᠡᠷᠡᠴᠢᠯᠡᠨ ᠲᠡᠭᠦᠯᠳᠡᠷᠵᠢᠭᠦᠯᠵᠦ ᠪᠠᠶᠢᠯᠳᠤᠬᠤ ᠪᠣᠳᠣᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ | ᠨᠥᠭᠡᠴᠡᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠯ ᠤᠳ︾᠂ ︽ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠬᠦ ᠲᠤᠬᠠᠶ ᠰᠠᠨᠠᠯ︾᠂ ︽ | ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠠᠩ ᠪᠦᠲᠦᠮᠵᠢᠲᠡᠶ | ᠪᠠᠳᠠᠷᠠᠭᠤᠯᠬᠤ ᠲᠤᠬᠠᠶ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ | ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠭᠠᠭᠴᠠᠭᠠᠷ ᠡᠵᠡᠮᠰᠢᠯ ᠢ ᠡᠰᠡᠷᠭᠦᠴᠡᠬᠦ ᠶᠢ ᠴᠢᠩᠭᠠᠳᠬᠠᠵᠤ᠂ | ᠡᠷᠬᠡ ᠲᠡᠭᠰᠢ ᠪᠠᠷ ᠦᠷᠢᠰᠦᠯᠳᠦᠬᠦ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠬᠤ ᠪᠣᠯ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠬᠦ ᠳᠣᠲᠣᠭᠠᠳᠤ | ᠱᠠᠭᠠᠷᠳᠠᠯᠭ᠎ᠠ ᠪᠣᠯᠤᠨ᠎ᠠ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ | ᠡᠭᠦᠰᠴᠦ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠢ ᠪᠦᠷᠢᠯᠳᠦᠭᠦᠯᠬᠦ ᠶᠢ ᠠᠬᠢᠭᠤᠯᠵᠤ᠂ | ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠪᠠᠭ᠎ᠠ ᠠᠵᠤ ᠠᠬᠤᠶᠢᠯᠠᠯ ᠳᠤ | ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠶᠢ ᠡᠭᠦᠳᠦᠨ ᠥᠭᠴᠦ᠂ ᠬᠡᠷᠡᠭᠯᠡᠭᠴᠢᠳ ᠤᠨ ᠡᠷᠬᠡ ᠠᠰᠢᠭ ᠢ | ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠤᠯᠤᠰ ᠤᠨ ᠨᠥᠭᠡᠴᠡᠯᠡᠯᠲᠡ ᠪᠣᠯ ᠤᠯᠤᠰ ᠤᠨ ᠵᠠᠰᠠᠯᠲᠠ ᠶᠢᠨ ᠴᠢᠬᠤᠯᠠ | ᠪᠣᠳᠠᠰ ᠤᠨ ᠰᠠᠭᠤᠷᠢ ᠮᠥᠨ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠠᠴᠠ ᠪᠠᠶᠢᠯᠳᠤᠬᠤ ᠪᠤᠳᠤᠯᠭ᠎ᠠ ᠪᠠ ᠪᠠᠴᠢᠮ | ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ | ᠪᠠᠶᠢᠯᠳᠤᠬᠤ ᠪᠤᠳᠤᠯᠭ᠎ᠠ ᠶᠢᠨ ᠪᠠᠲᠤᠯᠠᠭ᠎ᠠ᠂ ᠬᠤᠷᠸ᠎ᠠ ᠡᠵᠡᠮᠰᠢᠯ ᠲᠤᠬᠢᠷᠠᠭᠤᠯᠭ᠎ᠠ ᠪᠠ ᠪᠠᠴᠢᠮ ᠬᠡᠷᠡᠭᠴᠡᠭᠡ ᠶᠢ | ᠠᠷᠭᠠᠴᠠᠭᠠᠬᠤ ᠴᠢᠳᠠᠪᠬᠢ ᠶᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠠᠠᠯᠠᠬᠤ | ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠵᠦ᠂ ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ | ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ ᠪᠠᠷ ᠬᠦᠭᠡ | ᠣᠭᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ | ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ | ᠠᠮᠢᠳᠤᠷᠠᠯ ᠢ ᠡᠭᠦᠳᠴᠦ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠢ ᠴᠢᠷᠮᠠᠶᠢᠨ ᠪᠦᠳᠦᠭᠡᠨ ᠪᠠᠶᠢᠭᠤᠯᠬᠤ ᠬᠡᠷᠡᠭᠲᠡᠢ᠃ ᠲᠤᠭ᠎ᠠ ᠪᠦᠷᠢᠳᠬᠡᠯ ᠤᠨ ᠬᠢᠨᠠᠯᠲᠠ | ᠲᠠᠯᠪᠢᠬᠤ ᠡᠭᠦᠷᠭᠡ ᠴᠢᠳᠠᠪᠬᠢ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠪᠦᠷᠢᠨ ᠪᠦᠲᠦᠨ ᠰᠢᠰᠲ᠋ᠧᠮ ᠲᠠᠢ᠂ ᠥᠨᠳᠥᠷ ᠪᠦᠲᠦᠮᠵᠢᠲᠡᠶ ᠬᠠᠮᠵᠢᠯᠴᠠᠭᠰᠠᠨ᠂ ᠬᠦᠴᠦᠲᠡᠶ | ᠬᠢᠵᠠᠭᠠᠷᠯᠠᠬᠤ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ | ᠬᠤ᠋ ᠨᠢᠩ᠂ ᠬᠠᠨ ᠵᠧᠩ ᠬᠤᠷᠠᠯ ᠳᠤ ᠣᠷᠣᠯᠴᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠭᠠᠭᠴᠠᠭᠠᠷ ᠡᠵᠡᠮᠰᠢᠯ ᠢ | ᠡᠰᠡᠷᠭᠦᠴᠡᠬᠦ᠂ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠶᠢᠨ ᠲᠣᠭᠤᠷᠢᠨ ᠳᠤ ᠠᠯᠢ ᠣᠯᠠᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠡᠷᠬᠡ ᠲᠡᠭᠰᠢ ᠥᠷᠢᠰᠥᠯᠳᠦᠭᠡᠨ ᠤ ᠲᠦᠷᠢᠮ ᠢ | ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠥᠭᠡᠷᠡᠴᠢᠯᠡᠯᠲᠡ ᠬᠢᠵᠦ | ᠂ ᠭᠠᠭᠴᠠᠭᠠᠷ ᠡᠵᠡᠮᠰᠢᠯ ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠵᠠᠬ᠎ᠠ | ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠨᠢᠭᠡᠳᠦᠯᠲᠡᠶ ᠨᠡᠭᠡᠭᠡᠯᠲᠡ ᠬᠢᠭᠰᠡᠨ᠂ | ᠥᠷᠢᠰᠥᠯᠳᠦᠭᠡᠨ ᠨᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠰᠢᠰᠲ᠋ᠧᠮ ᠤᠨ ᠪᠦᠷᠢᠯᠳᠦᠬᠦ ᠶᠢ ᠠᠬᠢᠭᠤᠯᠪᠠ᠃ ᠵᠠᠷᠢᠮ | ᠲᠠᠪᠴᠠᠩᠳᠤ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠵᠡᠷᠯᠢᠭ ᠪᠠᠯᠠᠮᠠᠳ ᠦᠰᠦᠨ ᠪᠤᠶᠢᠵᠢᠯᠲᠠ᠂ ᠡᠮᠬᠢ ᠵᠢᠷᠤᠮ | ᠥᠬᠡᠶ ᠥᠷᠭᠡᠳᠬᠡᠯ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠪᠢᠳᠡ ᠭᠠᠭᠴᠠᠭᠠᠷ ᠡᠵᠡᠮᠰᠢᠯ ᠢ ᠡᠰᠡᠷᠭᠦᠴᠡᠬᠦ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠯᠪᠣᠭᠳᠠᠯ ᠪᠥᠬᠦᠶ ᠲᠠᠪᠴᠠᠩᠳᠦ ᠠᠵᠤ | ᠠᠬᠤᠶᠢᠯᠠᠯ ᠤᠨ ᠭᠠᠭᠴᠠᠭᠠᠷ ᠡᠵᠡᠮᠰᠢᠯ ᠪᠠ ᠵᠦᠶ ᠪᠤᠰᠤ ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠥᠷᠥᠩᠭᠡ ᠶᠢᠨ ᠡᠮᠬᠢ ᠵᠢᠷᠤᠮ ᠥᠬᠡᠶ ᠥᠷᠭᠡᠳᠬᠡᠯ ᠢ ᠰᠡᠷᠭᠡᠶᠢᠯᠡᠵᠦ | ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠵᠠᠬ᠎ᠠ ᠳᠡᠯᠭᠡᠭᠦᠷ ᠤᠨ ᠭᠤᠤᠯᠴᠢ ᠥᠷᠢᠰᠥᠯᠳᠦᠭᠡᠨ ᠤ ᠡᠮᠬᠢ | ᠳᠢᠭᠯᠢᠮ ᠲᠣᠭᠲᠠᠭᠤᠨ ᠢᠶᠠᠷ ᠰᠠᠶᠢᠵᠢᠷᠠᠵᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠥᠭᠵᠢᠯᠲᠡ ᠪᠠ ᠠᠮᠤᠷ ᠲᠦᠪᠰᠢᠨ᠂ ᠦᠷ᠎ᠡ ᠪᠦᠲᠦᠮᠵᠢ ᠪᠠ ᠡᠷᠬᠡ ᠲᠡᠭᠰᠢ᠂ ᠠᠮᠢᠵᠢᠷᠠᠯ ᠤᠨ | ᠬᠦᠴᠦᠨ ᠪᠠ ᠡᠮᠬᠢ ᠳᠢᠭᠯᠢᠮ᠂ ᠤᠯᠤᠰ ᠤᠨ ᠳᠣᠲᠣᠭᠠᠳᠤ ᠪᠠ ᠳᠡᠯᠡᠬᠡᠶ ᠶᠢᠨ ᠬᠢᠨ ᠢ ᠨᠢᠭᠡᠳᠦᠯᠲᠡᠶ ᠲᠥᠯᠥᠪᠵᠢᠭᠦᠯᠵᠦ᠂ | ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ ᠪᠠ ᠬᠥᠭᠵᠢᠯᠲᠡ ᠶᠢ ᠠᠬᠢᠭᠤᠯᠬᠤ ᠶᠢ ᠵᠡᠷᠭᠡ ᠪᠠᠷ ᠴᠢᠬᠤᠯᠠᠴᠢᠯᠠᠵᠤ᠂ | ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ ᠪᠠᠷᠢᠮᠳᠠᠯᠠᠵᠤ᠂ ᠲᠦᠷᠢᠮ ᠢ ᠲᠣᠳᠣᠷᠬᠠᠶᠢᠯᠠᠵᠤ᠂ ᠬᠤᠷᠢᠭ᠎ᠠ | ᠱᠤᠭᠤᠮ ᠢ ᠲᠣᠭᠲᠠᠭᠠᠵᠤ᠂ ︽ᠤᠯᠠᠭᠠᠨ ᠨᠣᠭᠤᠭᠠᠨ ᠳ᠋ᠧᠩ︾ ᠢ ᠰᠠᠶᠢᠲᠤᠷ ᠳᠤᠬᠢᠷᠠᠭᠤᠯᠵᠦ᠂ ᠠᠵᠤ ᠠᠬᠤᠶᠢᠯᠠᠯ ᠢ | ᠬᠦᠲᠦᠯᠦᠨ ᠵᠢᠯᠣᠭᠤᠳᠴᠤ ᠱᠠᠯᠠᠪᠳᠠᠭᠤᠯᠤᠨ ᠱᠠᠭᠠᠷᠳᠠᠵᠤ ᠪᠠᠶᠢᠭᠠᠳ ᠨᠠᠮ ᠤᠨ ᠤᠳᠤᠷᠢᠳᠤᠯᠭ᠎ᠠ ᠶᠢ ᠳᠠᠭᠠᠬᠤ᠂ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠳᠠᠭᠠᠬᠤ ᠪᠠ ᠦᠢᠯᠡᠴᠢᠯᠡᠭᠦᠯᠵᠦ᠂ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ ᠠᠬᠢᠭᠤᠯᠬᠤ᠂ ᠵᠠᠬ᠎ᠠ ᠳᠡᠯᠭᠡᠭᠦᠷ ᠤᠨ ᠠᠵᠤ ᠠᠬᠤᠶ ᠶᠢ | ᠴᠡᠴᠡᠭᠯᠡᠭᠦᠯᠬᠦ᠂ ᠠᠷᠠᠳ ᠤᠨ ᠠᠮᠢᠳᠤᠷᠠᠯ ᠳᠤ ᠲᠥᠬᠦᠮ ᠦᠵᠡᠭᠦᠯᠬᠦ᠂ ᠣᠯᠠᠨ ᠤᠯᠤᠰ ᠤᠨ ᠥᠷᠢᠰᠥᠯᠳᠦᠭᠡᠨ ᠳᠤ | ᠣᠷᠣᠯᠴᠠᠬᠤ ᠳᠤᠮᠳᠠ ᠢᠳᠡᠪᠬᠢᠲᠡᠶ ᠦᠢᠯᠡᠳᠦᠯ ᠪᠠᠳᠠᠷᠠᠭᠤᠯᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠶ᠃ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠦᠷᠢᠮ᠂ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ | ᠲᠣᠭᠲᠠᠴᠠ᠂ ᠲᠣᠭᠠᠴᠢᠯᠠᠭᠰᠠᠨ ᠠᠵᠤ ᠠᠬᠤᠢ ᠶᠢᠨ ᠡᠷᠬᠡ ᠲᠡᠭᠰᠢ ᠥᠷᠢᠰᠥᠯᠳᠦᠭᠡᠨ ᠢ ᠬᠢᠨᠠᠨ ᠬᠠᠮᠢᠶᠠᠷᠬᠤ ᠲᠦᠷᠢᠮ᠂ | ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠢᠶᠠᠨ ᠬᠡᠷᠡᠭᠯᠡᠵᠦ ᠥᠷᠢᠰᠥᠯᠳᠦᠭᠡᠨ ᠢ ᠦᠭᠡᠶᠢᠰᠭᠡᠵᠦ ᠬᠢᠵᠠᠭᠠᠷᠯᠠᠬᠤ | ᠲᠦᠷᠢᠮ ᠵᠡᠷᠭᠡ ᠶᠢ ᠲᠦᠷᠭᠡᠨ ᠪᠦᠷᠢᠨᠰᠢᠬᠦᠯᠬᠦ ᠬᠡᠷᠡᠭᠲᠡᠢ᠃ ︽ᠬᠤᠶᠠᠷ ᠢ ᠦᠯᠦ ᠭᠤᠶᠢᠪᠢᠯᠵᠠᠭᠤᠯᠬᠤ︾ ᠶᠢ | ᠪᠠᠷᠢᠮᠲᠠᠯᠠᠵᠤ᠂ ᠲᠤᠮᠤ ᠳᠤᠮᠳᠠ ᠪᠠᠭ᠎ᠠ ᠠᠵᠤ ᠠᠬᠤᠶᠢᠯᠠᠯ ᠤᠨ ᠰᠠᠶᠢᠨ ᠬᠤᠷᠰᠢᠯᠴᠠᠬᠤ᠂ ᠬᠠᠮᠵᠢᠯᠴᠠᠨ ᠬᠥᠭᠵᠢᠬᠦ | ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠥᠨᠳᠥᠷ ᠲᠦᠪᠰᠢᠨ ᠪᠥᠬᠦᠶ | ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠥᠮᠴᠢᠯᠡᠯ ᠤᠨ ᠡᠷᠬᠡ ᠪᠠ ᠮᠡᠳᠡᠯᠭᠡ ᠶᠢᠨ | ᠥᠮᠴᠢᠯᠡᠯ ᠤᠨ ᠡᠷᠬᠡ ᠶᠢ ᠬᠠᠮᠠᠭᠠᠯᠠᠵᠤ᠂ ᠲᠥᠷᠥ ᠶᠢᠨ ᠪᠣᠳᠣᠯᠭ᠎ᠠ ᠶᠢᠨ ᠢᠯᠡᠴᠡ ᠶᠢᠨ ᠬᠡᠮᠵᠢᠶ᠎ᠡ ᠪᠠ ᠵᠢᠱᠢᠵᠦ | ᠪᠤᠯᠬᠤᠢᠢᠴᠠ ᠴᠢᠨᠠᠷ ᠢ ᠴᠢᠩᠭᠠᠳᠬᠠᠬᠤ ᠬᠡᠷᠡᠭᠲᠡᠶ᠃ ᠥᠷᠢᠰᠥᠯᠳᠦᠭᠡᠨ ᠤ ᠬᠠᠤᠯᠢ ᠴᠠᠭᠠᠵᠠ ᠶᠢᠨ ᠲᠦᠷᠢᠮ ᠪᠣᠯᠤᠨ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠡᠷᠬᠡ | ᠲᠡᠭᠰᠢ ᠪᠠᠷ ᠦᠷᠢᠰᠦᠯᠳᠦᠬᠦ ᠤᠬᠠᠮᠰᠠᠷ ᠢ ᠴᠢᠩᠭᠠᠳᠬᠠᠵᠤ᠂ ᠪᠦᠬᠦ ᠨᠡᠶᠢᠭᠡᠮ ᠢ ᠬᠦᠳᠦᠯᠦᠨ ᠵᠢᠯᠣᠭᠤᠳᠴᠤ ᠡᠷᠬᠡ | ᠲᠡᠭᠰᠢ ᠪᠠᠷ ᠦᠷᠢᠰᠦᠯᠳᠦᠬᠦ ᠶᠢ ᠡᠷᠬᠢᠮᠯᠡᠬᠦ᠂ ᠬᠠᠮᠠᠭᠠᠯᠠᠬᠤ ᠪᠠ ᠠᠬᠢᠭᠤᠯᠬᠤ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠢ ᠪᠦᠷᠢᠯᠳᠦᠭᠦᠯᠬᠦ ᠬᠡᠷᠡᠭᠲᠡᠢ᠃ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ᠂ ᠪᠣᠰᠤᠭ᠎ᠠ | ᠴᠣᠭᠴᠠᠲᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠤᠴᠢᠷ ᠶᠠᠪᠤᠳᠠᠯ ᠤᠨ ᠡᠮᠦᠨ᠎ᠡ | ᠬᠤᠶᠢᠨᠠᠬᠢ ᠪᠦᠬᠦ ᠬᠡᠯᠬᠢᠶᠡᠨ ᠤ ᠪᠦᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠬᠢᠨᠠᠯᠲᠠ | ᠬᠠᠮᠢᠶᠠᠷᠤᠯᠲᠠ ᠶᠢᠨ ᠳᠤᠲᠠᠭᠳᠠᠯ ᠢ ᠨᠥᠬᠦᠪᠥᠷᠢᠯᠡᠵᠦ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠲᠠᠪᠴᠠᠩᠳᠤ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠮᠡᠳᠡᠭᠡ | ᠵᠠᠩᠭᠢ ᠶᠢᠨ ᠠᠮᠤᠷ ᠲᠦᠪᠰᠢᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ | ᠬᠠᠤᠯᠢ ᠬᠡᠷᠡᠭᠵᠢᠭᠦᠯᠵᠦ ᠬᠠᠤᠯᠢ ᠪᠠᠷᠢᠬᠤ ᠠᠵᠢᠯ ᠢ ᠴᠢᠩᠭᠠᠳᠬᠠᠬᠤ ᠬᠡᠷᠡᠭᠲᠡᠢ᠃ ᠭᠠᠭᠴᠠᠭᠠᠷ ᠡᠵᠡᠮᠰᠢᠯ ᠢ ᠡᠰᠡᠷᠭᠦᠴᠡᠬᠦ | ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠭᠠᠭᠴᠠᠭᠠᠷ ᠡᠵᠡᠮᠰᠢᠯ ᠢ ᠡᠰᠡᠷᠭᠦᠴᠡᠬᠦ ᠬᠢᠨᠠᠯᠲᠠ | ᠬᠠᠮᠢᠶᠠᠷᠤᠯᠲᠠ ᠶᠢᠨ ᠬᠦᠴᠦᠨ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠤᠯᠤᠰ ᠤᠨ | ᠨᠥᠭᠡᠴᠡᠯᠡᠯᠲᠡ ᠶᠢᠨ ᠦᠵᠦ ᠲᠥᠯᠥᠪᠯᠡᠭᠡ ᠶᠢ ᠴᠢᠩᠭᠠᠳᠬᠠᠵᠤ᠂ ᠨᠥᠭᠡᠴᠡᠯᠡᠯᠲᠡ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠪ ᠤᠨ ᠵᠠᠰᠠᠭ ᠤᠨ ᠣᠷᠳᠣᠨ ᠤ | ᠨᠥᠭᠡᠴᠡᠯᠡᠯᠲᠡ ᠳᠤ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠤᠯᠤᠰ ᠢ | ᠪᠦᠷᠬᠦᠭᠦᠯᠦᠭᠰᠡᠨ ᠡᠳ᠋ ᠪᠣᠳᠠᠰ ᠤᠨ ᠨᠥᠭᠡᠴᠡᠯᠡᠯᠲᠡ ᠪᠣᠯᠤᠨ ᠰᠢᠯᠵᠢᠭᠦᠯᠦᠨ ᠲᠡᠭᠡᠭᠡᠪᠦᠷᠢᠯᠡᠬᠦ ᠰᠠᠭᠤᠷᠢ | ᠲᠥᠬᠦᠭᠡᠷᠦᠮᠵᠢ ᠶᠢᠨ ᠲᠣᠣᠷ ᠢ ᠲᠦᠷᠭᠡᠳᠬᠡᠨ ᠪᠠᠶᠢᠭᠤᠯᠵᠤ᠂ ᠤᠯᠤᠰ ᠤᠨ ᠨᠥᠭᠡᠴᠡᠯᠡᠯᠲᠡ ᠶᠢᠨ ᠰᠠᠭᠤᠷᠢ ᠪᠣᠯᠤᠨ | ᠪᠣᠳᠠᠲᠤ ᠬᠦᠴᠦᠨ ᠲᠠᠰᠤᠷᠠᠯᠳᠠ ᠦᠭᠡᠢ ᠴᠢᠩᠭᠠᠷᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠨᠠᠮᠳᠠᠭᠠᠨ | ᠰᠢᠢᠳᠪᠦᠷᠢᠯᠡᠬᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠦᠲᠦᠮᠵᠢᠲᠡᠢ | ᠠᠷᠭᠠᠴᠠᠭᠠᠬᠤ ᠳᠤᠮᠳᠠ ᠴᠢᠬᠤᠯᠠ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠮᠠᠨ ᠤ ᠤᠯᠤᠰ ᠪᠣᠯ ᠲᠤᠮᠤ ᠤᠯᠤᠰ ᠮᠥᠨ᠂ ᠡᠷᠬᠡᠪᠰᠢ ᠲᠤᠮᠤ ᠤᠯᠤᠰ ᠤᠨ ᠪᠠᠶᠢᠷᠢ | ᠰᠠᠭᠤᠷᠢ ᠲᠠᠢ ᠵᠣᠬᠢᠴᠠᠭᠰᠠᠨ ᠤᠯᠤᠰ ᠤᠨ ᠨᠥᠭᠡᠴᠡ ᠪᠣᠳᠠᠲᠤ ᠬᠦᠴᠦᠨ ᠪᠠ ᠪᠠᠴᠢᠮ ᠪᠠᠶᠢᠳᠠᠯ ᠢ ᠠᠷᠭᠠᠴᠠᠭᠠᠬᠤ | ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠢ᠃ ︽ᠶᠠᠭᠤ ᠨᠥᠭᠡᠴᠡᠯᠡᠬᠦ︾᠂ ︽ᠬᠡᠨ ᠨᠥᠭᠡᠴᠡᠯᠡᠬᠦ︾᠂ ︽ᠶᠠᠭᠠᠬᠢᠵᠤ | ᠨᠥᠭᠡᠴᠡᠯᠡᠬᠦ︾ ᠠᠰᠠᠭᠤᠳᠠᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠨᠥᠭᠡᠴᠡᠯᠡᠬᠦ ᠲᠥᠷᠥᠯ | ᠵᠦᠢᠯ᠂ ᠬᠡᠪᠴᠢᠶ᠎ᠡ᠂ ᠪᠦᠲᠦᠴᠡ ᠶᠢ ᠰᠢᠰᠲ᠋ᠧᠮ ᠲᠠᠢ ᠲᠥᠯᠥᠪᠵᠢᠭᠦᠯᠦᠨ ᠰᠢᠨᠵᠢᠯᠡᠬᠦ ᠤᠬᠠᠭᠠᠨᠴᠢ ᠪᠠᠷ | ᠰᠢᠯᠢᠳᠡᠭᠵᠢᠭᠦᠯᠵᠦ᠂ ᠵᠠᠩᠭᠢᠯᠠᠭ᠎ᠠ ᠶᠢᠨ ᠲᠥᠷᠥᠯ ᠵᠦᠢᠯ ᠤᠨ ᠡᠳ᠋ ᠪᠣᠳᠠᠰ ᠤᠨ ᠳᠤᠲᠠᠭᠤᠳᠠᠯ ᠢ ᠲᠦᠷᠭᠡᠨ ᠪᠦᠭᠡᠳ | ᠭᠦᠢᠴᠡᠳ ᠨᠥᠬᠦᠪᠥᠷᠢᠯᠡᠬᠦ ᠬᠡᠷᠡᠭᠲᠡᠶ᠃ ᠪᠠᠶᠢᠯᠳᠤᠬᠤ ᠪᠤᠳᠤᠯᠭ᠎ᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ | ᠪᠣᠳᠠᠰ ᠨᠥᠭᠡᠴᠡᠯᠡᠬᠦ ᠨᠢᠭᠡᠳᠦᠯᠲᠡᠢ ᠰᠢᠰᠲ᠋ᠧᠮ ᠢ ᠲᠦᠷᠭᠡᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠭᠤᠤᠯ | ᠵᠢᠯᠤᠭᠤᠳᠬᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠪᠠᠶᠢᠭᠤᠯᠬᠤ᠂ ᠤᠯᠠᠨ ᠡᠰᠢᠴᠢᠯᠡᠨ ᠬᠠᠷᠢᠯᠴᠠᠨ | ᠨᠥᠬᠦᠪᠥᠷᠢᠯᠡᠬᠦ ᠶᠢ ᠪᠠᠷᠢᠮᠲᠠᠯᠠᠵᠤ᠂ ᠲᠥᠪ ᠪᠣᠯᠤᠨ ᠣᠷᠣᠨ ᠨᠤᠲᠤᠭ᠂ ᠪᠣᠳᠠᠲᠤ ᠪᠣᠳᠠᠰ ᠪᠣᠯᠤᠨ ᠦᠢᠯᠡᠳᠪᠦᠷᠢᠯᠡᠯ ᠤᠨ | ᠴᠢᠳᠠᠪᠤᠷᠢ᠂ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ᠤᠨ ᠨᠥᠭᠡᠴᠡᠯᠡᠯᠳᠡ ᠶᠢ ᠤᠶᠠᠯᠳᠤᠭᠤᠯᠤᠭᠰᠠᠨ | ᠨᠥᠭᠡᠴᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠡᠳ᠋ ᠪᠣᠳᠠᠰ ᠦᠢᠯᠡᠳᠪᠦᠷᠢᠯᠡᠬᠦ ᠴᠢᠳᠠᠪᠤᠷᠢ ᠶᠢᠨ | ᠪᠠᠲᠤᠯᠠᠭ᠎ᠠ ᠪᠣᠯᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠨᠥᠭᠡᠴᠡᠯᠡᠬᠦ | ᠬᠠᠷᠢᠭᠤᠴᠠᠯᠭ᠎ᠠ ᠶᠢ ᠲᠦᠷᠦᠯ ᠬᠤᠪᠢᠶᠠᠨ ᠱᠠᠳᠤ ᠬᠤᠪᠢᠶᠠᠨ ᠨᠠᠶᠢᠳᠠᠪᠤᠷᠢᠵᠢᠭᠤᠯᠵᠤ᠂ ᠨᠥᠭᠡᠴᠡᠯᠡᠬᠦ ᠵᠠᠭᠪᠤᠷ ᠢ | ᠲᠡᠭᠦᠯᠳᠡᠷᠵᠢᠭᠦᠯᠵᠦ᠂ ᠨᠥᠭᠡᠴᠡᠯᠡᠬᠦ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠢ᠃ | ᠪᠠᠶᠢᠯᠳᠤᠬᠤ ᠪᠤᠳᠤᠯᠭ᠎ᠠ ᠶᠢᠨ ᠨᠥᠭᠡᠴᠡ ᠶᠢᠨ ᠵᠠᠬ᠎ᠠ ᠳᠡᠯᠭᠡᠭᠦᠷ ᠤᠨ ᠲᠤᠬᠢᠷᠠᠭᠤᠯᠬᠤ ᠲᠤᠭᠳᠠᠴᠠ ᠶᠢ | ᠲᠡᠭᠦᠯᠳᠡᠷᠵᠢᠭᠦᠯᠵᠦ᠂ ᠶᠡᠭᠡ ᠬᠡᠮᠵᠢᠶᠡᠨ ᠤ ᠲᠠᠸᠠᠷ ᠤᠨ ᠨᠥᠭᠡᠴᠡ ᠪᠠ ᠲᠤᠬᠢᠷᠠᠭᠤᠯᠬᠤ ᠴᠢᠳᠠᠪᠤᠷᠢ ᠶᠢ ᠨᠡᠮᠡᠭᠳᠡᠭᠦᠯᠵᠦ᠂ | ᠪᠠᠶᠢᠯᠳᠤᠬᠤ ᠪᠤᠳᠤᠯᠭ᠎ᠠ ᠶᠢᠨ ᠨᠥᠭᠡᠴᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠴᠢᠳᠠᠮᠵᠢ ᠶᠢ ᠨᠡᠩ ᠰᠠᠶᠢᠨ | ᠪᠠᠳᠠᠷᠠᠭᠤᠯᠬᠤ ᠬᠡᠷᠡᠭᠲᠡᠢ᠃ ᠤᠯᠤᠰ ᠤᠨ ᠨᠥᠭᠡᠴᠡᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ | ᠴᠢᠩᠭᠠᠷᠠᠭᠤᠯᠵᠤ᠂ ᠲᠤᠰᠬᠠᠢ ᠬᠢᠨᠠᠯᠲᠠ ᠬᠠᠮᠢᠶᠠᠷᠤᠯᠲᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ᠂ ᠬᠠᠷᠢᠶ᠎ᠠ | ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦ ᠶᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠤᠢᠢᠷ᠎ᠠ ᠶᠢᠨ ᠵᠢᠯ ᠠᠴᠠ ᠨᠠᠭᠠᠰᠢ᠂ ᠪᠢᠳᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠠᠬᠢᠭᠤᠯᠤᠭᠰᠠᠨ ᠠᠷᠭ᠎ᠠ ᠬᠡᠮᠵᠢᠶ᠎ᠡ ᠪᠣᠳᠠᠲᠠᠢ᠂ ᠡᠷᠴᠢᠮ ᠬᠦ᠋ᠴᠦᠨ ᠲᠠᠢ᠂ ᠦᠷ᠎ᠡ ᠪᠦᠲᠦᠮᠵᠢ ᠢᠯᠡᠳᠲᠡ ᠪᠣᠯᠤᠭᠰᠠᠨ ᠨᠢ | ᠤᠷᠢᠳ ᠡᠮᠦᠨ᠎ᠡ ᠭᠠᠷᠤᠭ᠎ᠠ ᠦᠭᠡᠢ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠡᠭᠦᠷᠡᠰᠦᠲᠥ᠋ᠷᠥᠭᠴᠢ ᠶᠢ | ᠪᠠᠭᠠᠰᠬᠠᠬᠤ ᠪᠠᠷ ᠭᠤᠤᠯ ᠪᠠᠶᠢᠯᠳᠤᠬᠤ ᠪᠣᠳᠣᠯᠭ᠎ᠠ ᠶᠢᠨ ᠴᠢᠭᠯᠡᠯ ᠪᠣᠯᠭᠠᠬᠤ᠂ ᠪᠣᠬᠢᠷᠲᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢᠨ ᠲᠣᠭᠠᠨ ᠤ | ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠥᠷᠬᠦ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ | ᠣᠷᠣᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠤᠯᠪᠣᠭᠳᠠᠬᠤ ᠵᠥᠷᠢᠴᠡᠯ ᠠᠰᠠᠭᠤᠳᠠᠯ ᠤᠨ ᠲᠠᠰ ᠳᠠᠪᠬᠤᠷᠭ᠎ᠠ | ᠨᠠᠩ ᠭᠦᠨ᠂ ᠬᠦᠷᠢᠶ᠎ᠡ ᠬᠡᠪᠴᠢᠶ᠎ᠡ ᠨᠠᠩ ᠥᠷᠭᠡᠨ᠂ ᠱᠠᠭᠠᠷᠳᠠᠯᠭ᠎ᠠ ᠴᠤ ᠨᠠᠩ ᠥᠨᠳᠥᠷ ᠪᠣᠯᠵᠠᠶ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠡᠷᠴᠢᠮ ᠢ ᠪᠠᠲᠤᠯᠠᠵᠤ᠂ ᠭᠦᠨᠴᠡ ᠶᠢ ᠤᠷᠲᠤᠳᠬᠠᠵᠤ᠂ ᠥᠷᠭᠡᠴᠡ ᠶᠢ ᠥᠷᠭᠡᠳᠬᠡᠵᠦ᠂ | ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ | ᠠᠩᠬᠠᠷᠴᠤ᠂ ᠬᠦᠴᠦᠨ ᠢᠶᠠᠨ ᠲᠥᠪᠯᠡᠷᠡᠭᠦᠯᠦᠨ ᠠᠷᠠᠳ ᠤᠯᠠᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ | ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠪᠠ ᠣᠷᠣᠨ | ᠪᠦᠰᠡ ᠶᠢ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ | ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠥᠷᠥᠰᠥ ᠰᠢᠷᠣᠢ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠶᠢ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠤᠨ ᠰᠢᠨ᠎ᠡ ᠪᠣᠬᠢᠷᠲᠤᠯ | ᠪᠣᠳᠠᠰ ᠤᠨ ᠵᠠᠰᠠᠯᠲᠠ ᠶᠢ ᠴᠢᠩᠭᠠᠳᠬᠠᠵᠤ᠂ ︽ᠬᠠᠷᠢ ᠶᠢᠨ ᠬᠤᠭ ᠨᠣᠪᠰᠢ︾ ᠶᠢ ᠭᠠᠳᠠᠭᠠᠳᠤ ᠠᠴᠠ ᠣᠷᠣᠭᠤᠯᠬᠤ ᠶᠢ | ᠪᠦᠬᠦ ᠲᠠᠯ᠎ᠠ ᠪᠠᠷ ᠴᠠᠭᠠᠵᠠᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠭᠤᠣᠯᠳᠠᠯᠭ᠎ᠠ ᠲᠠᠢ ᠣᠷᠣᠨ ᠪᠦᠰᠡ᠂ | ᠴᠢᠬᠤᠯᠠ ᠬᠦᠷᠢᠶ᠎ᠡ᠂ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ | ᠪᠣᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠰᠢᠰᠲ᠋ᠧᠮ ᠤᠨ ᠪᠦᠬᠦᠯᠢ ᠴᠣᠭᠴᠠᠲᠤ ᠴᠢᠨᠠᠷ ᠠᠴᠠ ᠡᠭᠦᠰᠴᠦ᠂ | ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠡᠩ ᠴᠢᠬᠤᠯᠠᠴᠢᠯᠠᠵᠤ᠂ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠨᠢᠭᠡ ᠴᠤᠬᠴᠠᠵᠢᠭᠤᠯᠤᠨ ᠲᠥᠯᠥᠪᠵᠢᠭᠦᠯᠬᠦ᠂ | ᠨᠢᠭᠡ ᠴᠤᠬᠴᠠᠵᠢᠭᠤᠯᠤᠨ ᠪᠠᠶᠢᠷᠢᠯᠠᠭᠤᠯᠬᠤ᠂ ᠨᠢᠭᠡ ᠴᠤᠬᠴᠠᠵᠢᠭᠤᠯᠤᠨ ᠠᠬᠢᠭᠤᠯᠬᠤ᠂ ᠨᠢᠭᠡ ᠴᠤᠬᠴᠠᠵᠢᠭᠤᠯᠤᠨ ᠬᠢᠨᠠᠨ | ᠰᠢᠯᠭᠠᠬᠤ ᠲᠦᠷᠢᠮ ᠲᠣᠭᠲᠠᠴᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠠᠮᠢ ᠠᠬᠤᠢ ᠶᠢ ᠬᠠᠮᠠᠭᠠᠯᠠᠬᠤ ᠪᠠ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ | ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠰᠡᠷᠭᠦᠭᠡᠬᠦ ᠶᠢ ᠠᠬᠢᠭᠤᠯᠵᠤ᠂ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠢ | ᠨᠣᠭᠤᠭᠠᠷᠠᠭᠤᠯᠬᠤ ᠠᠵᠢᠯᠯᠠᠭ᠎ᠠ ᠥᠷᠨᠢᠭᠦᠯᠵᠦ᠂ ᠣᠷᠴᠢᠨ ᠲᠣᠭᠤᠷᠢᠨ ᠤ ᠪᠠᠭᠲᠠᠭᠠᠮᠵᠢ ᠶᠢ ᠥᠷᠭᠡᠳᠬᠡᠬᠦ ᠶᠢᠨ ᠬᠠᠮᠲᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ᠂ | ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠶᠢᠨ | ᠲᠤᠬᠢᠷᠠᠭᠤᠯᠤᠯᠳᠠ ᠶᠢ ᠲᠦᠷᠭᠡᠳᠬᠡᠨ ᠠᠬᠢᠭᠤᠯᠵᠤ᠂ ︽ᠬᠤᠶᠠᠷ ᠶᠡᠭᠡᠳᠠᠢ︾ ᠲᠦᠷᠦᠯ ᠵᠦᠢᠯ ᠢ ᠵᠥᠪᠰᠢᠶᠡᠷᠡᠬᠦ | ᠪᠣᠭᠤᠮᠲᠠ ᠶᠢ ᠴᠢᠩᠭ᠎ᠠ ᠰᠠᠬᠢᠵᠤ᠂ ᠡᠬᠢ ᠪᠠᠶᠠᠯᠢᠭ ᠢ ᠠᠷᠪᠢᠯᠠᠨ ᠥᠨᠳᠥᠷ ᠪᠦᠲᠦᠮᠵᠢᠲᠡᠢ ᠠᠰᠢᠠᠠᠯᠠᠬᠤ ᠶᠢ ᠠᠬᠢᠭᠤᠯᠵᠤ᠂ | ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠲᠦ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠢ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠳᠤ | ᠦᠶ᠎ᠡ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠠᠤᠯᠢᠵᠢᠯ ᠤᠨ | ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠣᠷᠴᠢᠨ ᠲᠣᠭᠤᠷᠢᠨ ᠤ ᠠᠵᠤ ᠠᠬᠤᠢ ᠶᠢᠨ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ ᠰᠢᠰᠲ᠋ᠧᠮ ᠤᠨ ᠬᠢᠨᠠᠯᠲᠠ ᠬᠠᠮᠢᠶᠠᠷᠤᠯᠲᠠ ᠪᠠ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠳᠤ ᠶᠠᠭᠠᠬᠢᠭᠰᠠᠨ ᠴᠤ ᠢᠯᠳᠠᠷ | ᠬᠠᠶᠠᠵᠤ ᠪᠣᠯᠬᠤ ᠦᠭᠡᠢ᠂ ᠠᠮᠢ ᠠᠬᠤᠢ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠴᠢᠩᠭ᠎ᠠ ᠰᠢᠢᠳᠬᠡᠵᠦ ᠬᠦᠨᠳᠦ ᠪᠠᠷ ᠰᠢᠢᠳᠬᠡᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ ᠶᠢ | ᠠᠩᠬᠠᠷᠴᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠢᠯᠭᠠᠭ᠎ᠠ ᠲᠠᠢ ᠬᠠᠨᠳᠤᠵᠤ᠂ ᠪᠦᠬᠦᠨ ᠢ | ᠠᠳᠠᠯᠢ ᠪᠠᠷ ᠱᠠᠭᠠᠷᠳᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠪᠣᠯ ᠨᠠᠮ ᠪᠣᠯᠤᠨ ᠤᠯᠤᠰ ᠤᠨ ᠬᠢᠨᠠᠯᠲᠠ | ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠪᠢᠳᠡ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠳᠤ ᠲᠦᠷᠢᠮ ᠤᠨ | ᠲᠣᠬᠢᠷᠠᠭᠤᠯᠤᠯᠲᠠ ᠬᠢᠵᠦ᠂ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠨᠢᠭᠡ ᠪᠦᠯᠦᠭ ᠬᠡᠷᠡᠭ ᠢ | ᠪᠠᠶᠢᠴᠠᠭᠠᠨ ᠰᠢᠢᠳᠪᠦᠷᠢᠯᠡᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠢᠯᠡᠳᠲᠡ ᠦᠷ᠎ᠡ ᠪᠦᠲᠦᠮᠵᠢ | ᠤᠯᠪᠠ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠳᠤ ᠲᠤᠭ᠎ᠠ ᠪᠦᠷᠢᠳᠬᠡᠯ ᠤᠨ | ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ᠂ ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ | ᠠᠷᠭᠠᠴᠠᠭᠠᠭᠰᠠᠨ ᠦᠷ᠎ᠡ ᠪᠦᠲᠦᠮᠵᠢ᠂ ᠠᠷᠠᠳ ᠤᠯᠠᠨ ᠤ ᠲᠤᠰᠬᠠᠬᠰᠠᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠭᠰᠡᠨ | ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠵᠤ ᠦᠨᠡᠯᠡᠬᠦ ᠬᠡᠷᠡᠭᠲᠡᠢ᠃ ᠲᠤᠭ᠎ᠠ ᠪᠦᠷᠢᠳᠬᠡᠯ ᠤᠨ | ᠲᠦᠷᠢᠮ ᠤᠨ ᠠᠷᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠤᠳᠤ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢ | ᠪᠠᠬᠢᠵᠢᠭᠦᠯᠵᠦ᠂ ᠪᠠᠶᠢᠳᠠᠯ ᠢ ᠲᠣᠳᠣᠷᠬᠠᠢ ᠣᠶᠢᠯᠠᠭᠠᠵᠤ᠂ ᠲᠤᠭ᠎ᠠ ᠪᠠᠷᠢᠮᠲᠠ ᠶᠢ ᠣᠨᠣᠪᠴᠢᠲᠠᠢ ᠡᠵᠡᠮᠰᠢᠵᠦ᠂ ᠬᠢᠨᠠᠯᠲᠠ | ᠲᠠᠯᠪᠢᠭᠰᠠᠨ ᠦᠷ᠎ᠡ ᠳ᠋ᠦᠩ ᠢ ᠦᠢᠯᠡᠳᠦᠯᠭᠡ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠬᠤ | ᠬᠡᠷᠡᠭᠲᠡᠢ᠃ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠣᠯᠤᠨ ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ᠂ | ᠵᠣᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠬᠤ᠂ ᠲᠣᠭᠤᠷᠢᠨ ᠪᠠᠶᠢᠴᠠᠭᠠᠯᠲᠠ ᠶᠢᠨ ᠬᠢᠨᠠᠯᠲᠠ ᠲᠠᠯᠪᠢᠬᠤ᠂ ᠬᠢᠨᠠᠨ | ᠪᠤᠳᠤᠯᠲᠠ ᠶᠢᠨ ᠬᠢᠨᠠᠯᠲᠠ ᠲᠠᠯᠪᠢᠬᠤ ᠵᠡᠷᠭᠡ ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠠᠬᠢᠭᠤᠯᠵᠤ᠂ | ᠠᠵᠢᠯ ᠤᠨ ᠵᠣᠬᠢᠴᠠᠭᠤᠯᠭ᠎ᠠ ᠪᠣᠯᠤᠨ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠤᠨ ᠦᠷ᠎ᠡ ᠳ᠋ᠦᠩ ᠤᠨ | ᠬᠡᠷᠡᠭᠯᠡᠯᠲᠡ ᠶᠢ ᠴᠢᠩᠭᠠᠳᠬᠠᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ | ᠣᠷᠣᠯᠴᠠᠵᠤ᠂ ᠲᠥᠪ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | | | | | | |