| | | | 9 ᠰᠠᠷ᠎ᠠ ᠶᠢᠨ 17 ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ | ᠬᠡᠯᠪᠡᠷᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ | ᠭᠡᠷ᠎ᠡ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ᠤᠨ | ᠠᠹᠭᠠᠨᠢᠰᠲ᠋ᠠᠨ ᠤ ᠠᠰᠠᠭᠤᠳᠠᠯ ᠤᠨ ᠬᠠᠮᠲᠤᠷᠠᠭᠰᠠᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ ᠵᠢᠩ ᠸᠧᠨ ᠰᠡᠬᠦᠳᠡᠷᠯᠡᠪᠡ | | | | | 9 ᠰᠠᠷ᠎ᠠ ᠶᠢᠨ 17 ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ | ᠬᠡᠯᠪᠡᠷᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ | ᠭᠡᠷ᠎ᠡ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ᠤᠨ | ᠠᠹᠭᠠᠨᠢᠰᠲ᠋ᠠᠨ ᠤ ᠠᠰᠠᠭᠤᠳᠠᠯ ᠤᠨ ᠬᠠᠮᠲᠤᠷᠠᠭᠰᠠᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢᠤ ᠪᠢᠨ ᠰᠡᠬᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 17 ᠤ ᠴᠠᠬᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 17 ᠤ ᠦᠳᠡ ᠶᠢᠨ ᠬᠤᠶᠢᠨ᠎ᠠ ᠪᠡᠭᠡᠵᠢᠩ ᠳᠤ ᠸᠢᠳᠢᠣ᠋ ᠬᠡᠯᠪᠡᠷᠢ ᠪᠠᠷ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ᠤᠨ ᠠᠹᠭᠠᠨᠢᠰᠲ᠋ᠠᠨ ᠤ ᠠᠰᠠᠭᠤᠳᠠᠯ ᠤᠨ | ᠬᠠᠮᠲᠤᠷᠠᠭᠰᠠᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ ᠤᠵᠢᠷ᠎ᠠ ᠶᠢᠨ ᠬᠤᠭᠤᠴᠠᠭᠠᠨ ᠳᠤ ᠠᠹᠭᠠᠨᠢᠰᠲ᠋ᠠᠨ ᠤ ᠪᠠᠶᠢᠳᠠᠯ ᠳᠤ ᠦᠨᠳᠦᠰᠦᠨ ᠴᠢᠨᠠᠷᠲᠠᠢ | ᠬᠤᠪᠢᠷᠠᠯᠲᠠ ᠭᠠᠷᠴᠤ᠂ ᠳᠡᠯᠡᠬᠡᠢ ᠶᠢᠨ ᠪᠠᠶᠢᠳᠠᠯ᠂ ᠭᠠᠵᠠᠷ ᠣᠷᠣᠨ ᠤ ᠪᠠᠶᠢᠷᠢᠰᠢᠯ ᠪᠣᠯᠤᠨ ᠠᠮᠤᠷ ᠲᠦᠪᠰᠢᠨ | ᠲᠣᠭᠲᠠᠭᠤᠨ ᠳᠤ ᠴᠢᠬᠤᠯᠠ ᠨᠥᠯᠥᠭᠡ ᠦᠵᠡᠭᠦᠯᠵᠦ ᠪᠠᠶᠢᠨ᠎ᠠ᠃ ᠣᠳᠣᠬᠠᠨ ᠳᠤ᠂ ᠠᠹᠭᠠᠨᠢᠰᠲ᠋ᠠᠨ ᠳᠤ ᠴᠥᠭᠡᠨ ᠪᠤᠰᠤ | ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ᠂ ᠬᠡᠪ ᠤᠨ ᠡᠮᠬᠢ ᠳᠢᠭᠯᠢᠮ ᠢ ᠲᠠᠷᠤᠢ ᠲᠥᠷᠭᠡᠨ ᠰᠡᠷᠭᠦᠭᠡᠵᠦ᠂ | ᠳᠦᠯᠬᠡᠨ ᠰᠢᠯᠵᠢᠯᠳᠡ ᠶᠢ ᠪᠡᠶᠡᠯᠡᠬᠦᠯᠬᠦ ᠪᠣᠯ ᠠᠹᠭᠠᠨᠢᠰᠲ᠋ᠠᠨ ᠤ ᠪᠦᠬᠦ ᠠᠷᠠᠳ ᠲᠦᠮᠡᠨ ᠤ ᠪᠠᠴᠢᠮ ᠴᠢᠬᠤᠯᠠ ᠶᠠᠪᠤᠳᠠᠯ | ᠮᠥᠨ᠂ ᠳᠡᠯᠡᠬᠡᠢ ᠨᠡᠶᠢᠭᠡᠮ ᠪᠠ ᠭᠠᠵᠠᠷ ᠣᠷᠣᠨ ᠤ ᠤᠯᠤᠰ ᠤᠳ ᠴᠤ ᠡᠭᠦᠨ ᠢ ᠨᠢᠭᠲᠠ ᠠᠩᠬᠠᠷᠬᠤ ᠬᠡᠷᠡᠭᠲᠡᠢ᠃ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ | ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠪᠣᠯ ᠴᠥᠮ ᠠᠹᠭᠠᠨᠢᠰᠲ᠋ᠠᠨ ᠤ ᠬᠥᠷᠰᠢ ᠤᠯᠤᠰ ᠮᠥᠨ᠂ | ᠤᠯᠠᠨ ᠢᠶᠠᠷ ᠢᠶᠠᠨ ᠬᠤᠪᠢ ᠵᠠᠶᠠᠭᠠᠨ ᠤ ᠬᠠᠮᠲᠤ ᠴᠣᠭᠴᠠ ᠮᠥᠨ᠂ ᠪᠠᠰᠠ ᠴᠤ ᠠᠮᠤᠷ ᠲᠦᠪᠰᠢᠨ ᠤ ᠬᠠᠮᠲᠤ ᠴᠣᠭᠴᠠ | ᠮᠥᠨ᠃ ᠵᠠᠩᠭᠢᠯᠠᠭ᠎ᠠ ᠶᠢᠨ ᠦᠶ᠎ᠡ ᠳᠤ ᠦᠢᠯᠡᠳᠦᠯ ᠢᠶᠠᠨ ᠬᠠᠮᠲᠤ ᠪᠠᠷ ᠪᠠᠳᠠᠷᠠᠭᠤᠯᠵᠤ᠂ ᠠᠯᠲᠠ ᠠᠴᠠ ᠴᠤ ᠡᠷᠬᠢᠮ | ᠨᠠᠨᠳᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠨᠢᠭᠡ ᠤᠯᠤᠰ ᠤᠨ ᠤᠴᠢᠷ ᠶᠠᠪᠤᠳᠠᠯ ᠢ ᠲᠤᠰ ᠤᠯᠤᠰ ᠤᠨ ᠠᠷᠠᠳ ᠲᠦᠮᠡᠨ ᠡᠵᠡᠨ ᠮᠡᠳᠡᠵᠥ | ᠂ ᠤᠯᠠᠨ ᠤᠯᠤᠰ ᠤᠨ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠨ᠎ᠡ᠃ ᠪᠢᠳᠡ | ᠠᠹᠭᠠᠨᠢᠰᠲ᠋ᠠᠨ ᠤ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ | ᠬᠦᠨᠳᠦᠳᠬᠡᠬᠦ ᠤᠷᠢᠲᠠᠯ ᠳᠣᠣᠷ᠎ᠠ᠂ ︽ᠠᠹᠭᠠᠨᠢᠰᠲ᠋ᠠᠨᠴᠤᠳ ᠭᠤᠣᠯᠯᠠᠨ ᠤᠳᠤᠷᠢᠳᠴᠤ᠂ ᠠᠹᠭᠠᠨᠢᠰᠲ᠋ᠠᠨᠴᠤᠳ ᠡᠵᠡᠨ | ᠮᠡᠳᠡᠬᠦ︾ ᠦᠨᠳᠦᠰᠦᠨ ᠵᠠᠷᠴᠢᠮ ᠢ ᠬᠠᠮᠵᠢᠨ ᠲᠤᠭᠤᠰᠢᠯᠠᠭᠤᠯᠵᠤ᠂ ᠠᠹᠭᠠᠨᠢᠰᠲ᠋ᠠᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠳᠤ ᠤᠯᠤᠰ ᠣᠷᠣᠨ ᠤ ᠢᠷᠡᠭᠡᠳᠦᠢ ᠬᠤᠪᠢ ᠵᠠᠶᠠᠭ᠎ᠠ ᠶᠢ ᠨᠢ ᠡᠵᠡᠨ ᠮᠡᠳᠡᠨ ᠡᠵᠡᠮᠰᠢᠭᠦᠯᠬᠦ ᠬᠡᠷᠡᠭᠲᠡᠢ᠃ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ | ᠵᠣᠬᠢᠶᠠᠨ ᠪᠠᠶᠢᠭᠤᠯᠤᠯᠲᠠ ᠨᠢ ᠬᠤᠶᠠᠷ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠨ ᠥᠪᠡᠷᠮᠢᠴᠡ | ᠳᠠᠪᠠᠭᠤᠯᠢᠭ ᠪᠣᠯᠤᠨ ᠲᠤᠰ ᠲᠤᠰ ᠤᠨ ᠢᠶᠠᠨ ᠨᠥᠯᠥᠭᠡ ᠶᠢ ᠰᠠᠶᠢᠲᠤᠷ ᠪᠠᠳᠠᠷᠠᠭᠤᠯᠵᠤ᠂ ᠠᠹᠭᠠᠨᠢᠰᠲ᠋ᠠᠨ ᠤ | ᠠᠰᠠᠭᠤᠳᠠᠯ ᠢ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠶᠡᠭᠡ ᠴᠢᠭᠯᠡᠯ ᠢ ᠪᠠᠷᠢᠮᠲᠠᠯᠠᠵᠤ᠂ ᠠᠹᠭᠠᠨᠢᠰᠲ᠋ᠠᠨ ᠤ | ᠰᠠᠮᠠᠭᠤᠷᠠᠯ ᠢ ᠵᠣᠭᠰᠣᠭᠠᠵᠤ ᠲᠤᠬᠳᠠᠭᠤᠨ ᠪᠤᠯᠬᠤ ᠪᠠ ᠡᠩᠬᠡ ᠲᠠᠶᠢᠪᠤᠩ ᠢᠶᠠᠷ ᠲᠠᠬᠢᠨ ᠪᠠᠶᠢᠭᠤᠯᠬᠤ ᠵᠠᠮ ᠢᠶᠠᠷ | ᠵᠠᠮᠨᠠᠬᠤ ᠶᠢ ᠠᠬᠢᠭᠤᠯᠵᠤ᠂ ᠡᠴᠦᠰ ᠲᠡᠭᠡᠨ ᠲᠤᠰ ᠭᠠᠵᠠᠷ ᠣᠷᠣᠨ ᠤ ᠨᠡᠶᠢᠳᠡᠮ ᠤᠨ ᠠᠮᠤᠷ ᠲᠦᠪᠰᠢᠨ᠂ ᠬᠠᠮᠲᠤ ᠶᠢᠨ | ᠠᠮᠤᠷ ᠲᠦᠪᠰᠢᠨ᠂ ᠬᠠᠮᠲᠤᠷᠠᠯᠴᠠᠭᠠᠨ ᠤ ᠠᠮᠤᠷ ᠲᠦᠪᠰᠢᠨ᠂ ᠥᠨᠢ ᠤᠳᠠᠭᠠᠨ ᠤ ᠠᠮᠤᠷ ᠲᠦᠪᠰᠢᠨ ᠢ ᠪᠡᠶᠡᠯᠡᠭᠦᠯᠦᠶ᠎ᠡ | ᠬᠡᠵᠥ ᠴᠢᠬᠤᠯᠠᠴᠢᠯᠠᠪᠠ᠃ | ᠰᠢ ᠶᠢᠨ ᠫᠢᠩ 3 ᠲᠠᠯ᠎ᠠ ᠶᠢᠨ ᠰᠠᠨᠠᠯ ᠰᠠᠨᠠᠭᠤᠯᠭ᠎ᠠ ᠳᠤᠷᠠᠳᠪᠠ᠃ | ᠨᠢᠭᠡᠳᠦᠭᠡᠷ ᠲᠤ᠂ ᠠᠹᠭᠠᠨᠢᠰᠲ᠋ᠠᠨ ᠤ ᠪᠠᠶᠢᠳᠠᠯ ᠤᠨ ᠠᠯᠢ ᠲᠦᠷᠭᠡᠨ ᠢᠶᠠᠷ ᠲᠣᠭᠲᠠᠭᠤᠨ ᠢᠶᠠᠷ ᠰᠢᠯᠵᠢᠬᠦ ᠶᠢ | ᠠᠬᠢᠭᠤᠯᠤᠨ᠎ᠠ᠃ ᠠᠹᠭᠠᠨᠢᠰᠲ᠋ᠠᠨ ᠤ ᠤᠯᠤᠰ ᠤᠨ ᠳᠣᠲᠣᠭᠠᠳᠤ ᠶᠢᠨ ᠡᠯ᠎ᠡ ᠲᠠᠯ᠎ᠠ ᠶᠢᠨ ᠬᠢᠨ ᠤ ᠶᠠᠷᠢᠯᠴᠠᠭ᠎ᠠ | ᠵᠥᠪᠳᠡᠯᠴᠡᠭᠡ ᠬᠢᠬᠦ ᠪᠠᠷ ᠳᠠᠮᠵᠢᠭᠤᠯᠤᠨ ᠡᠷᠲᠡᠬᠡᠨ ᠪᠠᠭᠲᠠᠭᠠᠮᠵᠢᠲᠤ ᠴᠢᠨᠠᠷᠲᠠᠢ ᠤᠯᠤᠰ ᠲᠦᠷᠦ ᠶᠢᠨ ᠲᠤᠬᠢᠷᠠᠭᠤᠯᠤᠯᠲᠠ | ᠲᠣᠭᠲᠠᠭᠠᠬᠤ ᠶᠢ ᠳᠡᠮᠵᠢᠨ᠎ᠠ᠃ ᠠᠹᠭᠠᠨᠢᠰᠲ᠋ᠠᠨ ᠤ ᠬᠢᠯᠢ ᠶᠢᠨ ᠳᠣᠲᠣᠷᠠᠬᠢ ᠰᠦᠷᠳᠡᠭᠦᠯᠦᠯ ᠤᠨ ᠵᠣᠬᠢᠶᠠᠨ | ᠪᠠᠶᠢᠭᠤᠯᠤᠯᠲᠠ ᠶᠢᠨ ᠬᠠᠨᠳᠤᠰᠢ ᠶᠢ ᠦᠷᠭᠦᠯᠵᠢᠯᠡᠨ ᠠᠩᠬᠠᠷᠴᠤ᠂ ᠠᠹᠭᠠᠨᠢᠰᠲ᠋ᠠᠨ ᠤ ᠬᠤᠯᠪᠣᠭᠳᠠᠯ ᠪᠦᠬᠦᠢ | ᠲᠠᠯ᠎ᠠ ᠶᠢᠨ ᠬᠢᠨ ᠢ ᠱᠠᠯᠠᠪᠳᠠᠭᠤᠯᠵᠥ ᠪᠠᠶᠢᠭᠠᠳ ᠡᠷᠡᠰ ᠴᠣᠬᠢᠯᠲᠠ ᠥᠭᠴᠦ᠂ ᠦᠡᠭᠭᠡᠨ ᠲᠠᠯ᠎ᠠ ᠪᠠ | ᠦᠨᠳᠦᠰᠦ ᠠᠴᠠ ᠨᠢ ᠵᠡᠷᠭᠡ ᠪᠠᠷ ᠵᠠᠰᠠᠬᠤ ᠠᠷᠭ᠎ᠠ ᠪᠠᠷ ᠲᠦᠢᠯᠪᠤᠷᠢᠲᠠᠢ ᠠᠷᠢᠯᠭᠠᠵᠤ᠂ ᠠᠹᠭᠠᠨᠢᠰᠲ᠋ᠠᠨ ᠳᠤ ᠪᠠᠶᠢᠭ᠎ᠠ | ᠰᠦᠷᠳᠡᠭᠦᠯᠦᠯ ᠤᠨ ᠬᠦᠴᠦᠨ ᠤ ᠤᠯᠠᠨ ᠢ ᠲᠦᠢᠪᠡᠭᠡᠬᠦ ᠶᠢ ᠰᠡᠷᠭᠡᠶᠢᠯᠡᠬᠦ ᠬᠡᠷᠡᠭᠲᠡᠢ᠃ | ᠬᠤᠶᠠᠳᠤᠭᠠᠷ ᠲᠤ᠂ ᠠᠹᠭᠠᠨᠢᠰᠲ᠋ᠠᠨ ᠲᠠᠢ ᠶᠠᠪᠤᠯᠴᠠᠭ᠎ᠠ ᠶᠠᠷᠢᠯᠴᠠᠭ᠎ᠠ ᠥᠷᠨᠢᠭᠦᠯᠦᠨ᠎ᠡ᠃ ᠣᠶᠤᠨᠴᠢ ᠪᠣᠳᠠᠲᠠᠢ ᠶᠢ | ᠡᠷᠬᠢᠮᠯᠡᠬᠦ ᠡᠭᠦᠳᠡᠨ ᠠᠴᠠ ᠡᠭᠦᠰᠴᠦ᠂ ᠠᠹᠭᠠᠨᠢᠰᠲ᠋ᠠᠨ ᠤ ᠡᠯ᠎ᠡ ᠲᠠᠯ᠎ᠠ ᠶᠢᠨ ᠬᠢᠨ ᠲᠠᠢ ᠬᠤᠷᠰᠢᠯᠴᠠᠭ᠎ᠠ ᠥᠷᠨᠢᠬᠦᠯᠵᠥ᠂ | ᠠᠹᠭᠠᠨᠢᠰᠲ᠋ᠠᠨ ᠤ ᠰᠢᠨ᠎ᠡ ᠵᠠᠰᠠᠭ ᠤᠨ ᠡᠷᠬᠡ ᠶᠢᠨ ᠪᠦᠷᠢᠯᠳᠦᠴᠡ ᠨᠡᠩ ᠨᠡᠭᠡᠭᠡᠯᠲᠡᠲᠡᠢ ᠪᠠᠭᠲᠠᠭᠠᠮᠵᠢᠲᠠᠢ ᠪᠣᠯᠬᠤ ᠶᠢ | ᠠᠬᠢᠭᠤᠯᠤᠨ᠂ ᠡᠶᠡᠯᠳᠡᠭ ᠲᠣᠭᠲᠠᠭᠤᠨ ᠳᠣᠲᠣᠭᠠᠳᠤ ᠭᠠᠳᠠᠭᠠᠳᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ | ᠳᠡᠯᠡᠬᠡᠢ ᠶᠢᠨ ᠡᠯ᠎ᠡ ᠤᠯᠤᠰ ᠢᠯᠠᠩᠭᠤᠶ᠎ᠠ ᠡᠷᠬᠢᠨ ᠲᠣᠭᠤᠷᠢᠨ ᠤ ᠬᠥᠷᠰᠢ ᠤᠯᠤᠰ ᠯᠤᠭ᠎ᠠ ᠨᠥᠬᠦᠷᠰᠡᠭ ᠢᠶᠠᠷ | ᠶᠠᠪᠤᠯᠴᠠᠬᠤ ᠶᠢ ᠬᠦᠳᠦᠯᠦᠨ ᠵᠢᠯᠤᠭᠤᠳᠤᠨ᠎ᠠ᠃ | ᠭᠤᠷᠪᠠᠳᠤᠭᠠᠷ ᠲᠤ᠂ ᠠᠹᠭᠠᠨᠢᠰᠲ᠋ᠠᠨ ᠤ ᠠᠷᠠᠳ ᠲᠦᠮᠡᠨ ᠢ ᠬᠠᠪᠰᠤᠷᠤᠨ ᠬᠦᠴᠢᠷ ᠢ ᠲᠤᠭᠤᠯᠤᠨ᠎ᠠ᠃ | ᠠᠹᠭᠠᠨᠢᠰᠲ᠋ᠠᠨ ᠳᠤ ᠴᠠᠭ ᠲᠤᠬᠠᠢ ᠳᠤᠨᠢ ᠬᠥᠮᠦᠯᠢᠭ ᠦᠵᠡᠯ ᠪᠠ ᠬᠢᠵᠢᠭ ᠲᠠᠢ ᠲᠡᠮᠡᠴᠡᠬᠦ ᠳᠡᠮᠵᠢᠯᠭᠡ ᠬᠠᠩᠭᠠᠵᠤ᠂ | ᠠᠹᠭᠠᠨᠢᠰᠲ᠋ᠠᠨ ᠤ ᠠᠷᠠᠳ ᠲᠦᠮᠡᠨ ᠤ ᠬᠦᠴᠢᠷ ᠵᠣᠪᠠᠭᠤᠷᠢ ᠶᠢ ᠬᠠᠪᠰᠤᠷᠤᠨ ᠰᠢᠢᠳᠪᠦᠷᠢᠯᠡᠵᠦ ᠥᠭᠬᠦᠨ᠎ᠠ᠃ | ᠳᠤᠮᠳᠠᠳᠤ ᠶᠢᠨ ᠲᠠᠯ᠎ᠠ ᠨᠢᠭᠡᠨᠲᠡ ᠨᠢᠭᠡ ᠪᠦᠯᠦᠭ ᠪᠠᠴᠢᠮ ᠲᠤᠰᠠᠯᠠᠮᠵᠢ ᠶᠢᠨ ᠡᠳ᠋ ᠪᠣᠳᠠᠰ ᠢ ᠲᠦᠷᠭᠡᠨ ᠵᠥᠭᠡᠭᠡᠪᠦᠷᠢᠯᠡᠨ | ᠬᠦᠷᠬᠡᠬᠦ ᠪᠠᠷ ᠨᠡᠶᠢᠲᠡᠯᠡᠭᠰᠡᠨ ᠪᠥᠭᠡᠳ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠨᠡᠩ ᠤᠯᠠᠨ ᠬᠠᠪᠰᠤᠷᠤᠯᠭ᠎ᠠ | ᠬᠠᠩᠭᠠᠨ᠎ᠠ᠃ ᠠᠹᠭᠠᠨᠢᠰᠲ᠋ᠠᠨ ᠤ ᠬᠦᠴᠢᠷᠳᠡᠯᠲᠡᠢ ᠪᠠᠶᠢᠳᠠᠯ ᠢ ᠡᠬᠢᠯᠡᠭᠦᠯᠦᠭᠰᠡᠨ ᠡᠳᠡᠬᠡᠳ ᠪᠣᠯᠤᠭᠰᠠᠨ ᠤ ᠬᠤᠪᠢ ᠳᠤ᠂ | ᠵᠠᠷᠢᠮ ᠤᠯᠤᠰ ᠨᠡᠩ ᠴᠤ ᠥᠩᠭᠡᠷᠡᠭᠰᠡᠨ ᠤ ᠰᠤᠷᠭᠠᠮᠵᠢ ᠪᠠᠨ ᠠᠪᠴᠤ᠂ ᠠᠹᠭᠠᠨᠢᠰᠲ᠋ᠠᠨ ᠤ ᠢᠷᠡᠭᠡᠳᠦᠢ ᠶᠢᠨ | ᠬᠥᠭᠵᠢᠯᠲᠡ ᠳᠤ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠪᠡᠯ ᠵᠣᠬᠢᠨ᠎ᠠ ᠬᠡᠪᠡ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ | ᠨᠡᠪᠳᠡᠷᠡᠯᠴᠡᠭᠡ ᠵᠣᠬᠢᠴᠠᠭᠤᠯᠭ᠎ᠠ᠂ ᠭᠠᠷ ᠬᠤᠯᠪᠣᠨ ᠴᠢᠷᠮᠠᠶᠢᠬᠤ ᠪᠠᠨ ᠴᠢᠩᠭᠠᠳᠬᠠᠵᠤ᠂ ᠠᠹᠭᠠᠨᠢᠰᠲ᠋ᠠᠨ ᠤ ᠠᠷᠠᠳ | ᠲᠦᠮᠡᠨ ᠤ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠳᠡᠮᠵᠢᠵᠦ᠂ ᠲᠤᠰ ᠭᠠᠵᠠᠷ ᠣᠷᠣᠨ ᠤ ᠥᠨᠢ | ᠤᠳᠠᠭᠠᠨ ᠤ ᠡᠩᠬᠡ ᠲᠠᠶᠢᠪᠤᠩ ᠪᠠ ᠠᠮᠤᠷ ᠲᠣᠭᠲᠠᠭᠤᠨ ᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠧᠩ ᠲᠦᠷᠦᠭᠦᠴᠦᠳ ᠤᠨ ᠬᠤᠷᠠᠯ ᠢ ᠡᠷᠬᠢᠯᠡᠵᠦ᠂ ᠺᠠᠽᠠᠭᠰᠲ᠋ᠠᠨ ᠤ | ᠶᠡᠷᠦᠩᠬᠡᠶᠢᠯᠡᠭᠴᠢ ᠲᠦᠸᠧᠺᠠᠶᠢᠸ᠋ᠹ᠂ ᠺᠢᠷᠬᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠫᠠᠺᠢᠰᠲ᠋ᠠᠨ ᠤ ᠶᠡᠷᠦᠩᠬᠡᠢ ᠰᠠᠶᠢᠳ | ᠢᠮᠦ᠋ᠯᠠᠨ · ᠬᠠᠨ᠂ ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠢᠸ᠋ᠹ᠂ ᠠᠷᠮᠧᠨᠢᠶ᠎ᠠ ᠶᠢᠨ ᠶᠡᠷᠦᠩᠬᠡᠢ ᠰᠠᠶᠢᠳ | ᠫᠠᠱᠨᠢᠶᠠᠩ᠂ ᠪᠧᠯᠤᠷᠦᠶᠢᠰᠢᠶᠡ ᠶᠢᠨ ᠶᠡᠷᠦᠩᠬᠡᠶᠢᠯᠡᠭᠴᠢ ᠯᠦᠺᠠᠱᠧᠨᠺᠧ᠂ ᠢᠷᠠᠨ ᠤ ᠶᠡᠷᠦᠩᠬᠡᠶᠢᠯᠡᠭᠴᠢ ᠯᠠᠶᠢᠰᠢ | ᠬᠤᠷᠠᠯ ᠳᠤ ᠣᠷᠣᠯᠴᠠᠪᠠ᠃ ᠤᠷᠤᠰ ᠤᠨ ᠶᠡᠷᠦᠩᠬᠡᠶᠢᠯᠡᠭᠴᠢ ᠫᠦᠲ᠋ᠢᠨ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ | ᠸᠢᠳᠢᠣ᠋ ᠬᠡᠯᠪᠡᠷᠢ ᠪᠠᠷ ᠲᠦᠷᠦᠭᠦᠴᠦᠳ ᠤᠨ ᠬᠤᠷᠠᠯ ᠳᠤ ᠣᠷᠣᠯᠴᠠᠪᠠ᠃ | ᠳ᠋ᠢᠩ ᠰᠢᠤᠸᠠᠢ ᠰᠢᠶᠠᠩ᠂ ᠶᠠᠩ ᠵᠢᠶᠧ ᠤᠤᠢ᠂ ᠾᠧ ᠯᠢ ᠹᠧᠩ ᠨᠠᠷ ᠲᠦᠷᠦᠭᠦᠴᠦᠳ ᠤᠨ ᠬᠤᠷᠠᠯ ᠳᠤ | ᠣᠷᠣᠯᠴᠠᠪᠠ᠃ | ᠲᠡᠷᠢᠭᠦᠯᠡᠭᠴᠢ ᠰᠢ ᠶᠢᠨ ᠫᠢᠩ ᠤᠨ ᠣᠨᠴᠠ ᠲᠥᠯᠥᠭᠡᠯᠡᠭᠴᠢ ᠶᠢᠨ ᠬᠤᠪᠢ ᠪᠠᠷ ᠸᠠᠩ ᠢ ᠳᠠᠵᠢᠺᠰᠲ᠋ᠠᠨ ᠤ | ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠪᠠ᠃ | | | | |