| ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 17 ᠤ ᠴᠠᠬᠢᠯᠭᠠᠨ ᠮᠡᠳᠡᠭᠡ 9 ᠰᠠᠷ᠎ᠠ ᠶᠢᠨ 14 ᠤ | ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠧᠨᠣ᠋᠂ | ᠮᠠᠬᠠᠵᠢᠳᠧ᠂ ᠠᠶᠢᠯᠢ᠂ ᠠᠶᠢᠫᠰᠲ᠋ᠠᠨ ᠵᠡᠷᠭᠡ ᠤᠯᠠᠨ ᠤᠯᠤᠰ ᠤᠨ ᠨᠥᠬᠦᠷᠰᠡᠭ ᠬᠥᠮᠦᠰ ᠤᠨ ᠲᠦᠷᠦᠯ ᠰᠠᠳᠤᠨ ᠳᠤ | ᠬᠠᠷᠢᠭᠤ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ | ᠲᠦᠮᠡᠨ ᠲᠠᠢ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠮᠥᠷᠥ | ᠵᠡᠷᠭᠡᠴᠡᠨ ᠲᠡᠮᠡᠴᠡᠵᠦ᠂ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ | ᠦᠢᠯᠡᠰ ᠲᠤ ᠡᠷᠬᠢᠮ ᠨᠠᠨᠳᠢᠨ ᠬᠤᠪᠢ ᠨᠡᠮᠡᠷᠢ ᠦᠵᠡᠭᠦᠯᠦᠭᠰᠡᠨ ᠤᠯᠠᠨ ᠤᠯᠤᠰ ᠤᠨ ᠨᠥᠬᠦᠷᠰᠡᠭ ᠬᠥᠮᠦᠰ ᠢ ᠭᠦᠨ | ᠳᠤᠷᠠᠰᠤᠨ ᠰᠠᠨᠠᠭᠠᠯᠵᠠᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ ᠵᠠᠬᠢᠳᠠᠯ ᠳᠠᠭᠠᠨ᠂ 20 ᠳ᠋ᠤᠭᠠᠷ ᠵᠠᠭᠤᠨ ᠤ ᠳᠡᠭᠡᠷ᠎ᠡ ᠬᠠᠭᠠᠰ ᠵᠠᠭᠤᠨ ᠳᠤ᠂ ᠰᠧᠨᠣ᠋᠂ | ᠮᠠᠬᠠᠵᠢᠳᠧ᠂ ᠪᠧᠲ᠋ᠢᠶᠦ᠋ᠨ᠂ ᠺᠧᠳᠢᠬᠤᠸᠠ᠂ ᠠᠶᠢᠯᠢ᠂ ᠠᠶᠢᠫᠰᠲ᠋ᠠᠨ ᠵᠡᠷᠭᠡ ᠨᠢᠭᠡ ᠪᠦᠯᠦᠭ ᠤᠯᠠᠨ ᠤᠯᠤᠰ ᠤᠨ | ᠨᠥᠬᠦᠷᠰᠡᠭ ᠬᠥᠮᠦᠰ ᠠᠯᠤᠰ ᠬᠤᠯᠠ ᠠᠴᠠ ᠳᠤᠮᠳᠠᠳᠤ ᠤᠯᠤᠰ ᠲᠤ ᠢᠷᠡᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠲᠠᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ | ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠮᠥᠷᠥ ᠵᠡᠷᠭᠡᠴᠡᠨ ᠪᠠᠶᠢᠯᠳᠤᠪᠠ᠃ ᠪᠢᠳᠡ ᠲᠡᠳᠡᠨ ᠤ ᠳᠤᠮᠳᠠᠳᠤ | ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠲᠤ ᠦᠵᠡᠭᠦᠯᠦᠭᠰᠡᠨ ᠡᠷᠬᠢᠮ | ᠨᠠᠨᠳᠢᠨ ᠬᠤᠪᠢ ᠨᠡᠮᠡᠷᠢ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠠᠷᠠᠳ | ᠲᠦᠮᠡᠨ ᠲᠠᠢ ᠪᠠᠷᠢᠯᠳᠤᠬᠰᠠᠨ ᠴᠢᠩ ᠦᠨᠡᠨᠴᠢ ᠨᠥᠬᠦᠷᠯᠡᠯ ᠢ ᠢᠮᠠᠭᠲᠠ ᠪᠠᠲᠤ ᠴᠡᠭᠡᠵᠢᠯᠡᠭᠰᠡᠭᠡᠷ ᠪᠠᠶᠢᠨ᠎ᠠ ᠬᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠲᠤᠷᠰᠢ᠂ | ᠴᠠᠭ ᠦᠶ᠎ᠡ ᠶᠢᠨ ᠤᠷᠢᠶᠠᠯᠠᠭ᠎ᠠ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ | ᠦᠭᠡᠢ᠂ ᠤᠯᠠᠨ ᠤᠯᠤᠰ ᠤᠨ ᠨᠥᠬᠦᠷᠰᠡᠭ ᠬᠥᠮᠦᠰ ᠤᠨ ᠢᠲᠡᠭᠡᠯ ᠢ ᠬᠥᠰᠡᠷᠳᠡᠭᠦᠯᠬᠦ ᠦᠭᠡᠢ ᠪᠠᠶᠢᠵᠤ᠂ ᠳᠤᠮᠳᠠᠳᠤ | ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠷᠳᠤ ᠬᠤᠭᠤᠴᠠᠭ᠎ᠠ ᠪᠠᠷ ᠲᠡᠮᠡᠴᠡᠵᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ | ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ | ᠶᠠᠭ ᠤᠷᠤᠭᠰᠢᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠶᠢᠨ ᠡᠷᠬᠢᠮ ᠳᠡᠭᠡᠳᠦ ᠦᠢᠯᠡᠰ ᠢ | ᠲᠠᠰᠤᠷᠠᠯᠳᠠ ᠦᠭᠡᠢ ᠠᠬᠢᠭᠤᠯᠵᠤ ᠪᠠᠶᠢᠨ᠎ᠠ᠃ ᠲᠠᠨ ᠤ ᠲᠤᠳᠤᠨᠤ ᠬᠦᠮᠤᠰ ᠤᠨ ᠲᠤᠬᠠᠶ ᠶᠢᠨ ᠵᠢᠯ ᠤᠨ ᠰᠣᠩᠭᠤᠯᠲᠠ | ᠪᠦᠷᠢᠮᠦᠰᠦᠨ ᠵᠥᠪ ᠶᠤᠮ ᠬᠡᠵᠤ ᠴᠢᠬᠤᠯᠠᠴᠢᠯᠠᠪᠠ᠃ | ᠰᠢ ᠶᠢᠨ ᠫᠢᠩ᠂ ᠲᠡᠦᠬᠡ ᠲᠠᠰᠤᠷᠠᠯᠳᠠ ᠦᠭᠡᠢ ᠤᠷᠤᠬᠰᠢᠯᠠᠵᠤ᠂ ᠵᠣᠷᠢᠭ ᠰᠠᠨᠠᠭ᠎ᠠ ᠦᠶ᠎ᠡ ᠶᠢᠨ ᠦᠶ᠎ᠡ ᠳᠤ | ᠤᠯᠠᠮᠵᠢᠯᠠᠭᠳᠠᠨ᠎ᠠ᠃ ᠲᠠ ᠨᠠᠷ ᠲᠤᠳᠤᠨᠤ ᠬᠦᠮᠤᠰ ᠢᠶᠠᠷ ᠢᠶᠠᠨ ᠬᠡᠪ ᠳᠠᠭᠤᠷᠢᠶᠠᠯ ᠪᠣᠯᠭᠠᠵᠤ᠂ ᠳᠤᠮᠳᠠᠳᠤ ᠤᠯᠤᠰ ᠤᠨ | ᠠᠷᠠᠳ ᠲᠦᠮᠡᠨ ᠪᠣᠯᠤᠨ ᠳᠡᠯᠡᠬᠡᠢ ᠶᠢᠨ ᠠᠷᠠᠳ ᠲᠦᠮᠡᠨ ᠤ ᠨᠥᠬᠦᠷᠯᠡᠯ ᠬᠢᠬᠡᠳ ᠬᠠᠮᠲᠤᠷᠠᠯᠴᠠᠭ᠎ᠠ ᠶᠢ ᠨᠡᠮᠡᠭᠳᠡᠭᠦᠯᠬᠦ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠤᠪᠢ | ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ︕ | ᠤᠵᠢᠷ᠎ᠠ ᠶᠢᠨ ᠡᠳᠦᠷ᠂ ᠰᠧᠨᠣ᠋᠂ ᠮᠠᠬᠠᠵᠢᠳᠧ᠂ ᠠᠶᠢᠯᠢ᠂ ᠠᠶᠢᠫᠰᠲ᠋ᠠᠨ᠂ ᠮᠢᠯᠧ᠂ ᠺᠧᠯᠦᠺᠧ᠂ ᠵᠧᠩ ᠯᠢᠦᠢ | ᠴᠧᠩ᠂ ᠯᠢᠱᠠ᠂ ᠹᠦ᠋ ᠯᠠᠢ᠂ ᠸᠧᠢ ᠯᠤ᠋ ᠱᠢ᠂ ᠶᠧ ᠬᠤᠸᠠ᠂ ᠴᠧᠨ ᠪᠢ ᠳ᠋ᠢ ᠵᠡᠷᠭᠡ ᠤᠯᠠᠨ ᠤᠯᠤᠰ ᠤᠨ ᠨᠥᠬᠦᠷᠰᠡᠭ | ᠬᠥᠮᠦᠰ ᠤᠨ 16 ᠲᠦᠷᠦᠯ ᠰᠠᠳᠤᠨ ᠨᠡᠷ᠎ᠡ ᠬᠤᠯᠪᠣᠨ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠬᠳᠠᠬᠰᠠᠨ ᠵᠠᠭᠤᠨ ᠵᠢᠯ ᠤᠨ ᠤᠢ ᠳᠤ ᠬᠠᠯᠠᠭᠤᠨ ᠪᠠᠶᠠᠷ | ᠬᠦᠷᠭᠡᠵᠤ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠵᠢᠴᠢ ᠳᠡᠯᠡᠬᠡᠢ ᠶᠢᠨ | ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠤᠭᠰᠠᠨ 76 ᠵᠢᠯ ᠤᠨ ᠤᠢ ᠶᠢᠨ ᠲᠠᠰᠢᠷᠠᠮ ᠢᠶᠠᠷ ᠶᠠᠫᠣᠨ ᠢ ᠡᠰᠡᠷᠭᠦᠴᠡᠬᠦ | ᠲᠠᠶᠢᠨ ᠤ ᠦᠷᠡᠭᠳᠡᠭᠰᠡᠨ ᠪᠠᠭᠠᠲᠤᠷᠴᠤᠳ ᠢᠶᠠᠨ ᠬᠠᠮᠲᠤ ᠪᠠᠷ ᠳᠤᠷᠠᠰᠤᠨ ᠰᠠᠨᠠᠭᠠᠯᠵᠠᠵᠤ᠂ ᠳᠣᠲᠣᠨᠣ ᠬᠥᠮᠦᠰ ᠨᠢ | ᠲᠤᠬᠠᠢ ᠶᠢᠨ ᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ | ᠲᠦᠮᠡᠨ ᠲᠠᠢ ᠬᠠᠨᠢᠲᠠᠨ ᠪᠣᠯᠤᠯᠴᠠᠭᠰᠠᠨ ᠳᠠᠭᠠᠨ ᠣᠮᠣᠭᠰᠢᠨ ᠪᠠᠭ᠋ᠠᠳᠤᠵᠤ ᠪᠠᠶᠢᠬᠤ ᠰᠡᠳᠬᠢᠯᠭᠡ ᠪᠠᠨ ᠢᠯᠡᠳᠬᠡᠭᠰᠡᠨ | ᠪᠥᠭᠡᠳ ᠳᠤᠷᠠᠲᠠᠶ᠎ᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠰᠠᠨᠠᠭᠠᠴᠢᠯᠠᠭ᠎ᠠ ᠶᠢᠨ | ᠵᠢᠯᠤᠭᠤᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠢᠨᠲ᠋ᠧᠷᠨᠠᠼᠢᠣᠨᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠪᠠᠳᠠᠷᠠᠭᠤᠯᠵᠤ᠂ ᠳᠤᠮᠳᠠᠳᠤ ᠭᠠᠳᠠᠭᠠᠳᠤ ᠶᠢᠨ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ᠂ ᠳᠤᠮᠳᠠᠳᠤ | ᠤᠯᠤᠰ ᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠶᠢ ᠳᠡᠮᠵᠢᠬᠦ ᠳᠤ ᠰᠢᠨ᠎ᠡ ᠬᠤᠪᠢ | ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | | | | |