ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠰᠠᠶᠢᠲᠤᠷ ᠬᠢᠵᠦ ᠵᠦᠶ ᠵᠣᠬᠢᠰᠲᠠᠶ ᠵᠢᠱᠢᠯᠲᠡ ᠶᠢ ᠲᠣᠭᠲᠠᠭᠤᠨ ᠪᠠᠶᠢᠯᠭᠠᠵᠤ ᠠᠵᠤ ᠠᠬᠤᠶ ᠶᠢ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2021/9/26
    ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠰᠠᠶᠢᠲᠤᠷ ᠬᠢᠵᠦ ᠵᠦᠶ ᠵᠣᠬᠢᠰᠲᠠᠶ ᠵᠢᠱᠢᠯᠲᠡ ᠶᠢ ᠲᠣᠭᠲᠠᠭᠤᠨ ᠪᠠᠶᠢᠯᠭᠠᠵᠤ᠂ ᠠᠵᠤ ᠠᠬᠤᠶ ᠶᠢ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠵᠠᠯᠭᠠᠮᠵᠢ ᠬᠦᠴᠦᠨ ᠤ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠡᠢ᠃      ᠳᠤᠮᠳᠠ ᠵᠢᠵᠢᠭ ᠬᠡᠯᠪᠡᠷᠢ ᠶᠢᠨ ᠡᠮᠵᠡᠭ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠵᠦ᠂ ᠤᠰᠤ ᠬᠠᠩᠭᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠪᠠᠶᠢᠷᠢᠯᠠᠭᠤᠯᠪᠠ᠃      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 22᠎ ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠰᠠᠶᠢᠲᠤᠷ ᠬᠢᠵᠦ ᠵᠦᠢ ᠵᠣᠬᠢᠰᠲᠠᠢ ᠵᠢᠱᠢᠯᠲᠡ ᠶᠢ ᠲᠣᠭᠲᠠᠭᠤᠨ ᠪᠠᠶᠢᠯᠭᠠᠵᠤ᠂ ᠠᠵᠤ ᠠᠬᠤᠢ ᠶᠢ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ︔ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠵᠠᠯᠭᠠᠮᠵᠢ ᠬᠦᠴᠦᠨ ᠤ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠡᠢ︔ ᠳᠤᠮᠳᠠ ᠵᠢᠵᠢᠭ ᠬᠡᠯᠪᠡᠷᠢ ᠶᠢᠨ ᠡᠮᠵᠡᠭ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠵᠦ ᠂ ᠤᠰᠤ ᠬᠠᠩᠭᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠪᠠᠶᠢᠷᠢᠯᠠᠭᠤᠯᠪᠠ᠃      ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠠᠴᠠ ᠨᠠᠭᠠᠰᠢ ᠮᠠᠨ ᠤ ᠤᠯᠤᠰ ᠤᠨ ᠠᠵᠤ ᠠᠬᠤᠶ ᠰᠡᠷᠭᠦᠯᠲᠡ ᠶᠢᠨ ᠪᠠᠶᠢᠳᠠᠯ ᠢᠶᠠᠨ ᠪᠠᠲᠤᠯᠠᠵᠤ᠂ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠪᠠᠶᠢᠨ᠎ᠠ᠃ ᠭᠡᠪᠡᠴᠦ ᠣᠶᠢᠷ᠎ᠠ ᠶᠢᠨ ᠬᠤᠭᠤᠴᠠᠭᠠᠨ ᠳᠤ ᠣᠯᠠᠨ ᠤᠯᠤᠰ ᠤᠨ ᠣᠷᠴᠢᠨ ᠨᠥᠬᠦᠴᠡᠯ ᠤᠨ ᠲᠣᠭᠲᠠᠪᠤᠷᠢ ᠦᠭᠡᠢ ᠬᠦᠴᠦᠨ ᠵᠦᠢᠯ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠠᠵᠢᠯᠯᠠᠭᠠᠨ ᠪᠠᠰᠠ ᠬᠢᠵᠢᠭ ᠤᠨ ᠪᠠᠶᠢᠳᠠᠯ ᠳᠡᠯᠭᠡᠷᠡᠬᠦ᠂ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠥᠨᠳᠥᠷ ᠪᠠᠶᠢᠬᠤ ᠵᠡᠷᠭᠡ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠵᠢᠯ ᠢ ᠰᠠᠶᠢᠲᠤᠷ ᠠᠳᠬᠤᠵᠤ᠂ ᠠᠵᠤ ᠠᠬᠤᠢ ᠶᠢᠨ ᠬᠠᠨᠳᠤᠰᠢ ᠶᠢ ᠮᠥᠷᠳᠡᠨ ᠵᠠᠳᠠᠯᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦᠶᠢᠴᠡ ᠴᠢᠨᠠᠷ ᠪᠠ ᠲᠣᠭᠲᠠᠩᠭᠤᠢ ᠴᠢᠨᠠᠷ ᠢ ᠪᠠᠲᠤᠯᠠᠵᠤ᠂ ᠪᠦᠳᠤᠮᠵᠢᠳᠤ ᠴᠢᠨᠠᠷ ᠢ ᠴᠢᠩᠭᠠᠳᠬᠠᠵᠤ᠂ ᠤᠷᠢᠳᠴᠢᠯᠠᠨ ᠲᠣᠬᠢᠷᠠᠭᠤᠯᠤᠯᠲᠠ᠂ ᠪᠢᠴᠢᠯ ᠲᠣᠬᠢᠷᠠᠭᠤᠯᠤᠯᠲᠠ ᠪᠠ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠵᠦᠢ ᠵᠣᠬᠢᠰᠲᠠᠢ ᠵᠢᠱᠢᠯᠲᠡ ᠶᠢ ᠲᠣᠭᠲᠠᠪᠤᠷᠢᠵᠢᠭᠤᠯᠬᠤ ᠬᠡᠷᠡᠭᠲᠡᠢ᠃ ᠠᠵᠢᠯ ᠣᠯᠭᠤᠯᠲᠠ ᠶᠢ ᠪᠠᠲᠤᠯᠠᠬᠤ ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠶᠢᠨ ᠲᠣᠭᠤᠷᠢᠨ ᠳᠤ ᠬᠤᠷᠸ᠎ᠠ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠬᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠬᠦ ᠠᠷᠭ᠎ᠠ ᠶᠢ ᠢᠯᠡᠭᠦᠬᠡᠨ ᠬᠡᠷᠡᠭᠯᠡᠵᠦ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠡᠪᠦᠯ ᠤᠨ ᠤᠯᠠᠷᠢᠯ ᠤᠨ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠶᠢᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠣᠷᠣᠭᠤᠯᠤᠯᠲᠠ ᠶᠢᠨ ᠲᠣᠭᠲᠠᠭᠤᠨ ᠨᠡᠮᠡᠭᠳᠡᠯ ᠢ ᠪᠠᠲᠤᠯᠠᠵᠤ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠮᠡᠳᠡᠭᠡ ᠵᠠᠩᠭᠢ ᠶᠢᠨ ᠰᠦᠯᠵᠢᠶ᠎ᠡ ᠪᠠᠷ ᠰᠠᠭᠤᠷᠢ ᠪᠣᠯᠭᠠᠭᠰᠠᠨ᠂ ᠮᠡᠷᠭᠡᠵᠢᠯ ᠤᠨ ᠰᠢᠨᠡᠴᠢᠯᠡᠯᠲᠡ ᠪᠠᠷ ᠬᠥᠳᠡᠯᠭᠡᠭᠦᠷ ᠪᠣᠯᠭᠠᠭᠰᠠᠨ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ ᠠᠬᠢᠭᠤᠯᠬᠤ ᠨᠢ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠠᠰᠢᠭᠲᠠᠶ ᠶᠤᠮ᠃ ᠨᠢᠭᠡ ᠳᠤ᠂ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠭᠤᠣᠯᠯᠠᠬᠤ ᠰᠦᠯᠵᠢᠶ᠎ᠡ ᠪᠠ ᠬᠤᠳᠠ ᠶᠢᠨ ᠬᠡᠪᠴᠢᠶᠡᠨ ᠤ ᠰᠦᠯᠵᠢᠶ᠎ᠡ ᠶᠢ ᠵᠣᠬᠢᠴᠠᠭᠤᠯᠤᠨ ᠪᠠᠭᠲᠠᠭᠠᠮᠵᠢ ᠶᠢ ᠨᠢ ᠥᠷᠭᠡᠳᠬᠡᠬᠦ ᠶᠢ ᠠᠬᠢᠭᠤᠯᠵᠤ᠂ ᠮᠢᠩᠭᠠᠨ ᠰᠠᠶᠠᠲᠤ ᠰᠦᠯᠵᠢᠶ᠎ᠡ ᠶᠢᠨ ᠬᠤᠷᠳᠤᠴᠠ ᠶᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠥᠷᠨᠢᠭᠦᠯᠬᠦ ᠬᠡᠷᠡᠭᠲᠡᠢ᠃ ᠰᠢᠨ᠎ᠡ ᠨᠢᠭᠡ ᠦᠶ᠎ᠡ ᠶᠢᠨ ᠰᠢᠯᠵᠢᠮᠡᠯ ᠮᠡᠳᠡᠭᠡ ᠬᠤᠯᠪᠣᠭᠠᠨ ᠤ ᠰᠦᠯᠵᠢᠶ᠎ᠡ ᠶᠢᠨ ᠬᠤᠳᠠᠯᠳᠤᠭᠠᠴᠢᠯᠠᠭᠰᠠᠨ ᠪᠠ ᠬᠡᠪᠴᠢᠶᠡᠵᠢᠭᠦᠯᠦᠭᠰᠡᠨ ᠬᠡᠷᠡᠭᠯᠡᠯᠲᠡ ᠶᠢ ᠠᠬᠢᠭᠤᠯᠬᠤ ᠬᠡᠷᠡᠭᠲᠡᠢ᠃ ᠳᠠᠭᠠᠭᠤᠯᠢ ᠤᠳᠤᠨ ᠤ ᠮᠡᠳᠡᠭᠡ ᠬᠤᠯᠪᠣᠭ᠎ᠠ᠂ ᠠᠶᠠᠯᠠᠯ ᠵᠠᠯᠠᠭᠤᠷ᠂ ᠠᠯᠤᠰ ᠰᠡᠷᠡᠯ ᠵᠡᠷᠭᠡ ᠣᠷᠣᠨ ᠵᠠᠢ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠲᠦᠭᠡᠮᠡᠯ ᠬᠠᠮᠵᠢᠯᠴᠠᠭᠰᠠᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢ ᠬᠥᠭᠵᠢᠭᠦᠯᠬᠦ ᠬᠡᠷᠡᠭᠲᠡᠢ᠃ ᠬᠤᠶᠠᠷ ᠲᠤ᠂ ᠠᠭᠤᠰᠤᠯᠴᠠᠭᠰᠠᠨ ᠰᠠᠭᠤᠷᠢ ᠪᠡᠯᠡᠳᠬᠡᠮᠵᠢ ᠶᠢ ᠲᠣᠭᠲᠠᠭᠤᠨ ᠢᠶᠠᠷ ᠬᠥᠭᠵᠢᠭᠦᠯᠬᠦ ᠬᠡᠷᠡᠭᠲᠡᠢ᠃ ᠣᠯᠠᠨ ᠲᠠᠰ ᠳᠠᠪᠬᠤᠷᠭ᠎ᠠ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠣᠶ ᠪᠣᠯᠭᠠᠵᠤ᠂ ᠠᠭᠤᠰᠤᠯᠴᠠᠨ ᠨᠡᠪᠲᠡᠷᠡᠯᠴᠡᠭᠦᠯᠵᠦ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠠᠬᠢᠭᠤᠯᠬᠤ ᠲᠠᠢ ᠤᠶᠠᠯᠳᠤᠭᠤᠯᠤᠨ᠂ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡᠨ᠂ ᠡᠨᠧᠷᠭᠢ᠂ ᠬᠤᠲᠠ ᠶᠢᠨ ᠶᠠᠪᠤᠳᠠᠯ ᠵᠡᠷᠭᠡ ᠰᠠᠭᠤᠷᠢ ᠪᠡᠯᠡᠳᠬᠡᠮᠵᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠤᠨ ᠲᠣᠭᠠᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠯᠤᠰ ᠵᠠᠶ ᠶᠢᠨ ᠡᠮᠴᠢᠯᠡᠭᠡ᠂ ᠰᠦᠯᠵᠢᠶᠡᠨ ᠤ ᠰᠤᠷᠭᠠᠨ ᠬᠥᠮᠦᠵᠢᠯ ᠵᠡᠷᠭᠡ ᠠᠷᠠᠳ ᠤᠨ ᠠᠮᠢᠳᠤᠷᠠᠯ ᠤᠨ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠬᠤ ᠬᠡᠷᠡᠭᠲᠡᠢ᠃ ᠭᠤᠷᠪᠠ ᠳᠤ᠂ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠭ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠡᠷᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠰᠣᠯᠪᠢᠴᠠᠭᠰᠠᠨ ᠤᠷᠢᠳᠠᠴᠢ ᠴᠢᠨᠠᠷᠲᠠᠢ ᠰᠤᠳᠤᠯᠭᠠᠨ ᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠠᠵᠤ ᠦᠢᠯᠡᠰ ᠤᠨ ᠨᠡᠶᠢᠲᠡᠯᠢᠭ ᠴᠢᠨᠠᠷᠲᠠᠶ ᠰᠠᠭᠤᠷᠢ ᠮᠡᠷᠭᠡᠵᠢᠯ ᠢ ᠰᠤᠳᠤᠯᠤᠨ ᠨᠡᠭᠡᠭᠡᠬᠦ ᠶᠢ ᠳᠡᠮᠵᠢᠬᠦ ᠬᠡᠷᠡᠭᠲᠡᠢ᠃ ᠨᠡᠭᠡᠭᠡᠯᠲᠡᠲᠦ᠂ ᠲᠤᠰᠬᠠᠶᠢᠵᠢᠭᠰᠠᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢ ᠪᠠᠶᠢᠭᠤᠯᠵᠤ᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠠᠬᠢᠭᠤᠯᠬᠤ ᠬᠡᠷᠡᠭᠲᠡᠢ᠃ ᠲᠦᠷᠪᠡ ᠳᠤ᠂ ᠤᠯᠠᠨ ᠡᠰᠢᠲᠦ ᠪᠡᠯᠡ ᠣᠷᠣᠭᠤᠯᠤᠯᠲᠠ ᠶᠢ ᠵᠣᠷᠢᠭᠵᠢᠭᠤᠯᠵᠤ᠂ ᠨᠡᠬᠡᠬᠡᠯᠳᠡ ᠬᠢᠵᠦ ᠬᠠᠮᠲᠤᠷᠠᠯᠴᠠᠬᠤ ᠶᠢ ᠠᠬᠢᠭᠤᠯᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠪᠠ ᠬᠢᠯᠢ ᠶᠢᠨ ᠭᠠᠳᠠᠨᠠᠬᠢ ᠬᠦᠷᠦᠩᠭᠡ ᠶᠢᠨ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠳᠤ ᠪᠡᠯᠡ ᠣᠷᠣᠭᠤᠯᠤᠨ ᠠᠵᠢᠯᠯᠠᠭᠤᠯᠤᠨ ᠡᠵᠡᠩᠨᠡᠬᠦ ᠳᠤ ᠣᠷᠣᠯᠴᠠᠬᠤ ᠶᠢ ᠳᠡᠮᠵᠢᠬᠦ ᠬᠡᠷᠡᠭᠲᠡᠢ᠃ ᠬᠤᠯᠪᠣᠭᠳᠠᠯ ᠪᠦᠬᠦᠢ ᠤᠯᠠᠨ ᠤᠯᠤᠰ ᠤᠨ ᠳᠦᠷᠢᠮ ᠪᠠ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠬᠤ ᠬᠡᠷᠡᠭᠲᠡᠢ᠃ ᠲᠠᠪᠤ ᠳᠤ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠤᠰᠤᠨ ᠴᠥᠭᠦᠷᠥᠮ ᠤᠨ ᠠᠮᠤᠷ ᠲᠦᠪᠰᠢᠨ ᠨᠢ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠪᠣᠯᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ ᠪᠣᠯᠬᠤᠷ ᠪᠠᠭᠤᠷᠠᠢ ᠭᠤᠭᠴᠤᠭ᠎ᠠ ᠳᠤ ᠴᠢᠭᠯᠡᠭᠦᠯᠦᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ 2025 ᠣᠨ ᠤ ᠰᠡᠭᠦᠯᠴᠢ ᠠᠴᠠ ᠡᠮᠦᠨ᠎ᠡ ᠤᠳᠤ ᠶᠢᠨ ᠪᠠᠶᠢᠭ᠎ᠠ ᠡᠮᠵᠡᠭ ᠠᠶᠤᠯ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠪᠦᠬᠦᠨ ᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠲᠠᠲᠠᠶᠢᠵᠢᠭᠤᠯᠤᠨ ᠴᠢᠩᠭᠠᠳᠬᠠᠵᠤ᠂ ᠡᠯ᠎ᠡ ᠭᠠᠵᠠᠷ ᠣᠷᠣᠨ ᠢᠯᠠᠩᠭᠤᠶ᠎ᠠ ᠤᠮᠠᠷᠠᠲᠤ ᠣᠷᠣᠨ ᠤ ᠬᠢᠨ ᠣᠳᠣᠬᠠᠨ ᠤ ᠪᠠᠷᠢᠯᠭ᠎ᠠ ᠶᠢᠨ ᠠᠵᠢᠯ ᠤᠨ ᠬᠦᠴᠦᠨ ᠲᠠᠢ ᠬᠤᠭᠤᠴᠠᠭ᠎ᠠ ᠶᠢ ᠡᠵᠡᠮᠳᠡᠵᠦ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠲᠥᠪᠯᠡᠷᠡᠭᠦᠯᠵᠦ᠂ ᠡᠨᠡ ᠵᠢᠯ ᠤᠨ ᠠᠶᠤᠯ ᠢ ᠠᠷᠢᠯᠭᠠᠨ ᠪᠠᠬᠢᠵᠢᠭᠦᠯᠬᠦ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠡᠮᠵᠡᠭ ᠠᠶᠤᠯ ᠤᠨ ᠬᠡᠮᠵᠢᠶ᠎ᠡ ᠪᠠᠷ ᠨᠡᠯᠢᠶᠡᠳ ᠥᠨᠳᠥᠷ᠂ ᠦᠶᠡᠷ ᠢ ᠰᠡᠷᠭᠡᠶᠢᠯᠡᠬᠦ ᠡᠭᠦᠷᠭᠡ ᠪᠠᠷ ᠨᠡᠯᠢᠶᠡᠳ ᠬᠦᠨᠳᠦ ᠤᠰᠤᠨ ᠴᠥᠭᠦᠷᠥᠮ ᠢ ᠤᠷᠢᠳ ᠢᠶᠠᠷ ᠲᠤᠬᠢᠷᠠᠭᠤᠯᠤᠨ ᠰᠢᠢᠳᠪᠦᠷᠢᠯᠡᠵᠦ᠂ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠲᠥᠪ ᠤᠨ ᠡᠳ᠋ ᠤᠨ ᠵᠠᠰᠠᠭ ᠠᠴᠠ ᠴᠢᠬᠤᠯᠠ ᠪᠦᠬᠦᠢ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠬᠤᠶᠠᠷ ᠲᠤ᠂ ᠤᠰᠤᠨ ᠴᠥᠭᠦᠷᠥᠮ ᠤᠨ ᠤᠰᠤ ᠬᠠᠩᠭᠠᠬᠤ ᠪᠠ ᠤᠰᠤᠯᠠᠯᠲᠠ ᠬᠢᠬᠦ᠂ ᠦᠶᠡᠷ ᠢ ᠰᠡᠷᠭᠡᠶᠢᠯᠡᠬᠦ ᠦᠶᠡᠷ ᠢ ᠵᠠᠯᠠᠬᠤ᠂ ᠠᠮᠢ ᠠᠬᠤᠶ ᠵᠡᠷᠭᠡ ᠶᠢᠨ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠤᠰᠤᠨ ᠴᠥᠭᠦᠷᠥᠮ ᠤᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠦᠢᠯ ᠤᠨ ᠭᠠᠶ ᠭᠠᠮᠰᠢᠭ ᠪᠠ ᠴᠠᠭ ᠠᠭᠤᠷ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠳᠦᠭᠡᠨ ᠪᠠᠶᠢᠭᠤᠯᠬᠤ ᠪᠠ ᠬᠠᠮᠢᠶᠠᠷᠤᠨ ᠬᠠᠮᠠᠭᠠᠯᠠᠬᠤ ᠭᠤᠣᠯ ᠴᠣᠭᠴᠠ᠂ ᠬᠠᠷᠢᠭᠤᠴᠠᠯᠭ᠎ᠠ ᠵᠢᠴᠢ ᠪᠡᠯᠡ ᠮᠥᠩᠭᠦᠨ ᠤ ᠠᠷᠭ᠎ᠠ ᠵᠠᠮ ᠢ ᠲᠣᠳᠣᠷᠬᠠᠶᠢᠯᠠᠵᠤ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠪᠣᠷᠣᠭᠠᠨ ᠤ ᠪᠠᠶᠢᠳᠠᠯ ᠢ ᠰᠢᠨᠵᠢᠯᠡᠨ ᠮᠡᠳᠡᠭᠦᠯᠬᠦ ᠪᠠ ᠠᠮᠤᠷ ᠲᠦᠪᠰᠢᠨ ᠢ ᠬᠢᠨᠠᠨ ᠰᠢᠨᠵᠢᠯᠡᠬᠦ ᠵᠡᠷᠭᠡ ᠪᠡᠯᠡᠳᠬᠡᠮᠵᠢ ᠶᠢ ᠴᠢᠩᠭᠠᠳᠬᠠᠵᠤ᠂ ᠪᠠᠴᠢᠮ ᠪᠠᠶᠢᠳᠠᠯ ᠳᠣᠣᠷ᠎ᠠ ᠦᠶᠡᠷ ᠢ ᠵᠠᠯᠠᠬᠤ᠂ ᠬᠥᠮᠦᠨ ᠢ ᠰᠢᠯᠵᠢᠭᠦᠯᠬᠦ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠰᠠᠶᠢᠲᠤᠷ ᠬᠢᠵᠦ᠂ ᠤᠰᠤᠨ ᠴᠥᠭᠦᠷᠥᠮ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠵᠤ᠂ ᠠᠷᠠᠳ ᠤᠯᠠᠨ ᠳᠤ ᠪᠤᠶᠠᠨ ᠦᠢᠯᠡᠳᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号