| ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ | ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 31 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 8 ᠰᠠᠷ᠎ᠠ ᠶᠢᠨ 31 ᠤ ᠡᠳᠦᠷ ᠬᠤᠷᠠᠯ ᠬᠤᠷᠠᠯᠳᠤᠭᠤᠯᠵᠤ᠂ ᠡᠨᠡ | ᠵᠢᠯ ᠤᠨ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠢ ᠪᠡᠭᠡᠵᠢᠩ ᠳᠤ ᠬᠤᠷᠠᠯᠳᠤᠭᠤᠯᠬᠤ ᠪᠠᠷ ᠲᠣᠭᠲᠠᠪᠠ᠂ ᠭᠤᠣᠯ ᠵᠥᠪᠯᠡᠬᠦ | ᠵᠦᠢᠯ ᠭᠡᠪᠡᠯ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠲᠥᠪ ᠬᠤᠷᠢᠶ᠎ᠠ ᠳᠤ ᠠᠵᠢᠯ ᠤᠨ | ᠮᠡᠳᠡᠭᠦᠯᠦᠯᠲᠡ ᠬᠢᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ | ᠲᠡᠦᠬᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ ᠭᠤᠣᠯᠳᠠᠯᠭ᠎ᠠ ᠲᠠᠢ ᠰᠤᠳᠤᠯᠤᠨ᠎ᠠ᠃ ᠬᠤᠷᠠᠯ ᠠᠴᠠ ︽ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ | ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠪᠡ᠃ ᠨᠠᠮ ᠤᠨ | ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ᠃ | ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ 1921 ᠣᠨ ᠳᠤ ᠪᠠᠶᠢᠭᠤᠯᠤᠭᠳᠠᠭᠰᠠᠨ ᠠᠴᠠ | ᠨᠠᠭᠠᠰᠢ᠂ ᠢᠮᠠᠭᠲᠠ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ᠂ ᠳᠤᠮᠳᠠᠳᠤ ᠶᠢᠨ | ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠣᠯᠭᠠᠵᠤ᠂ ᠢᠮᠠᠭᠲᠠ ᠡᠪ ᠬᠠᠮᠲᠤ ᠶᠣᠰᠣᠨ ᠤ ᠬᠦᠰᠡᠯᠡᠩ ᠪᠠ ᠨᠡᠶᠢᠭᠡᠮ ᠵᠢᠷᠤᠮ ᠤᠨ ᠢᠲᠡᠭᠡᠯ ᠪᠢᠰᠢᠷᠡᠯ ᠢᠶᠠᠨ | ᠪᠠᠷᠢᠮᠲᠠᠯᠠᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ ᠪᠠ ᠤᠯᠤᠰ | ᠣᠷᠣᠨ ᠤ ᠪᠠᠶᠠᠨ ᠬᠦᠴᠦᠷᠬᠡᠭ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ | ᠲᠡᠮᠡᠴᠡᠵᠦ᠂ ᠨᠢᠭᠡᠨᠲᠡ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠦᠯᠵᠡᠢ᠃ ᠵᠠᠭᠤᠨ | ᠵᠢᠯ ᠤᠨ ᠲᠤᠷᠰᠢ᠂ ᠨᠠᠮ ᠠᠷᠠᠳ ᠲᠦᠮᠡᠨ ᠢ ᠤᠳᠤᠷᠢᠳᠤᠨ ᠴᠢᠰᠤ ᠤᠷᠤᠰᠬᠠᠨ ᠪᠠᠶᠢᠯᠳᠤᠵᠤ᠂ ᠨᠤᠭᠤᠷᠠᠰᠢ ᠦᠭᠡᠢ | ᠲᠡᠮᠡᠴᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠦᠨ | ᠪᠦᠲᠦᠭᠡᠵᠡᠢ︔ ᠥᠪᠡᠷ ᠤᠨ ᠬᠦᠴᠦ ᠪᠠᠷ ᠢᠶᠠᠨ ᠳᠡᠭᠵᠢᠷᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ | ᠵᠢᠷᠤᠮᠲᠤ ᠬᠤᠪᠢᠰᠬᠠᠯ ᠪᠠ ᠪᠦᠳᠦᠭᠡᠠ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠦᠨ | ᠪᠦᠲᠦᠭᠡᠵᠡᠢ︔ ᠦᠵᠡᠯ ᠰᠠᠨᠠᠭ᠎ᠠ ᠪᠠᠨ ᠴᠢᠯᠥᠭᠡᠯᠡᠨ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ | ᠥᠭᠡᠷᠡᠴᠢᠯᠡᠯᠲᠡ ᠨᠡᠭᠡᠭᠡᠯᠳᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠤᠭᠡᠨ ᠪᠠᠶᠢᠭᠤᠯᠤᠯᠲᠠ ᠶᠢᠨ ᠠᠭᠤᠤ | ᠶᠡᠭᠡ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠵᠡᠢ︔ ᠢᠲᠡᠭᠡᠯ ᠲᠡᠭᠦᠯᠳᠡᠷ ᠢᠶᠠᠷ ᠥᠪᠡᠷ ᠢ ᠪᠠᠨ | ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠵᠡᠢ᠃ | ᠨᠠᠮ ᠪᠣᠯᠤᠨ ᠠᠷᠠᠳ ᠲᠦᠮᠡᠨ ᠤ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ | ᠵᠢᠯ ᠤᠨ ᠲᠡᠦᠬᠡᠨ ᠳᠡᠭᠡᠷᠡᠬᠢ ᠬᠠᠮᠤᠭ ᠤᠨ ᠠᠤᠭ᠎ᠠ ᠰᠦᠷᠯᠢᠭ ᠲᠤᠤᠯᠢᠰ ᠢ ᠪᠢᠴᠢᠭᠯᠡᠪᠡ ᠭᠡᠵᠦ ᠦᠵᠡᠪᠡ᠃ | ᠬᠤᠷᠠᠯ ᠠᠴᠠ᠂ ᠲᠡᠦᠬᠡ ᠪᠠᠷ ᠲᠤᠯᠢ ᠪᠣᠯᠭᠠᠪᠠᠯ᠂ ᠮᠠᠨᠳᠤᠵᠤ ᠮᠥᠬᠦᠬᠦ ᠶᠢ ᠮᠡᠳᠡᠵᠦ ᠪᠣᠯᠤᠨ᠎ᠠ᠃ ᠨᠠᠮ ᠤᠨ | ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠳ᠋ᠦᠩᠨᠡᠬᠦ ᠨᠢ | ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠡᠦᠬᠡ ᠶᠢᠨ ᠨᠥᠬᠦᠴᠡᠯ ᠳᠣᠣᠷ᠎ᠠ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ᠂ ᠰᠢᠨ᠎ᠡ ᠴᠠᠭ | ᠣᠢᠶ᠎ᠠ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠬᠡᠷᠡᠭᠴᠡᠭᠡ | ᠱᠠᠭᠠᠷᠳᠠᠯᠭ᠎ᠠ ᠪᠤᠯᠤᠨ᠎ᠠ᠂ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠣᠯᠯᠠᠬᠤ ᠤᠬᠠᠮᠰᠠᠷ᠂ | ᠨᠢᠭᠡᠳᠦᠯᠲᠡᠢ ᠪᠠᠶᠢᠬᠤ ᠤᠬᠠᠮᠰᠠᠷ ᠢᠶᠠᠨ ᠴᠢᠩᠭᠠᠳᠬᠠᠬᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ | ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠬᠤ᠂ ᠶᠡᠷᠦᠩᠬᠡᠶ ᠱᠦᠵᠢ ᠰᠢ ᠶᠢᠨ ᠫᠢᠩ ᠤᠨ | ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠤ | ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠵᠤ᠂ ᠪᠦᠬᠦ ᠨᠠᠮ ᠤᠨ ᠠᠯᠬᠤᠮ ᠨᠢᠭᠡᠲᠡᠶ ᠤᠷᠤᠭᠰᠢᠯᠠᠬᠤ ᠶᠢ ᠪᠠᠲᠤᠯᠠᠬᠤ ᠬᠡᠷᠡᠭᠴᠡᠭᠡ ᠪᠤᠯᠤᠨ᠎ᠠ᠂ ᠨᠠᠮ ᠤᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠪᠦᠬᠦ ᠨᠠᠮ ᠤᠨ ᠲᠡᠮᠡᠴᠡᠯ ᠤᠨ ᠴᠢᠳᠠᠪᠤᠷᠢ ᠪᠣᠯᠤᠨ ᠠᠶᠤᠯ ᠲᠦᠭᠰᠢᠭᠦᠷᠢ | ᠥᠷᠢᠰᠥᠯᠳᠦᠭᠡᠨ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠠᠮᠢᠵᠢᠷᠠᠯ ᠤᠨ ᠬᠦᠴᠦᠨ ᠢ ᠡᠭᠦᠷᠢᠳᠡ | ᠪᠠᠲᠤᠯᠠᠬᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢ ᠠᠬᠢᠭᠤᠯᠬᠤ ᠬᠡᠷᠡᠭᠴᠡᠭᠡ ᠪᠤᠯᠤᠨ᠎ᠠ᠃ ᠪᠦᠬᠦ | ᠨᠠᠮ ᠢᠶᠠᠷ ᠢᠶᠠᠨ ᠲᠡᠦᠬᠡ ᠶᠢᠨ ᠪᠣᠳᠠᠰᠴᠢ ᠦᠵᠡᠯᠲᠡ ᠪᠠ ᠵᠥᠪ ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ | ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ | ᠴᠢᠳᠠᠭᠰᠠᠨ ᠢᠶᠠᠨ ᠲᠣᠳᠣᠷᠬᠠᠢ ᠲᠠᠨᠢᠵᠤ᠂ ᠢᠷᠡᠭᠡᠳᠦᠢ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ | ᠴᠢᠳᠠᠬᠤ ᠪᠠᠨ ᠲᠣᠳᠣᠷᠬᠠᠢ ᠣᠶᠢᠯᠠᠭᠠᠬᠤ ᠶᠢᠨ ᠤᠯᠠᠮ ᠠᠴᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠡᠩ ᠡᠷᠡᠰ | ᠪᠠᠲᠤ᠂ ᠨᠡᠩ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠲᠤᠷ ᠪᠠᠷᠢᠮᠲᠠᠯᠠᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠤᠭ ᠰᠠᠨᠠᠭ᠎ᠠ ᠪᠠᠨ ᠦᠯᠦ ᠮᠠᠷᠲᠠᠪᠠᠯ ᠰᠠᠶ᠋ᠢ ᠲᠤᠭᠤᠰᠢᠳᠠᠢ ᠪᠠᠷᠢᠮᠲᠠᠯᠠᠵᠤ ᠴᠢᠳᠠᠨ᠎ᠠ᠃ ᠳᠤᠮᠳᠠᠳᠤ | ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠢ | ᠪᠦᠲᠦᠭᠡᠬᠦ ᠪᠠᠷ ᠵᠣᠷᠢᠭ ᠰᠢᠭᠤᠳᠤᠭᠰᠠᠨ ᠶᠤᠮ᠂ ᠵᠠᠭᠤᠨ ᠵᠢᠯ ᠪᠣᠯ ᠶᠠᠭ ᠴᠤᠭ ᠪᠠᠳᠠᠷᠠᠩᠭᠤᠢ ᠴᠠᠭ ᠦᠶ᠎ᠡ ᠮᠥᠨ᠃ | ᠥᠩᠭᠡᠷᠡᠭᠰᠡᠨ ᠵᠠᠭᠤᠨ ᠵᠢᠯ ᠳᠤ᠂ ᠨᠠᠮ ᠠᠴᠠ ᠠᠷᠠᠳ ᠲᠦᠮᠡᠨ᠂ ᠲᠡᠦᠬᠡᠨ ᠳᠤ ᠨᠢᠭᠡ ᠬᠤᠪᠢ ᠰᠢᠯᠢᠳᠡᠭ | ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ ᠤᠳᠤ᠂ ᠨᠠᠮ ᠠᠴᠠ ᠳᠤᠮᠳᠠᠳᠤ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ | ᠰᠢᠯᠭᠠᠯᠲᠠ ᠶᠢᠨ ᠵᠠᠮ ᠢᠶᠠᠷ ᠵᠠᠮᠨᠠᠵᠤ ᠡᠬᠢᠯᠡᠪᠡ᠃ ᠴᠠᠭ ᠦᠶ᠎ᠡ ᠪᠣᠯ ᠰᠡᠳᠦᠪ ᠭᠠᠷᠭᠠᠭᠴᠢ᠂ ᠪᠢᠳᠡ ᠪᠣᠯ ᠰᠡᠳᠦᠪ | ᠬᠠᠷᠢᠭᠤᠯᠤᠭᠴᠢ᠂ ᠠᠷᠠᠳ ᠲᠦᠮᠡᠨ ᠪᠣᠯ ᠰᠡᠳᠦᠪ ᠬᠢᠨᠠᠭᠴᠢ ᠮᠥᠨ᠂ ᠪᠢᠳᠡ ᠵᠠᠪᠠᠯ ᠦᠷᠭᠦᠯᠵᠢᠯᠡᠨ ᠰᠠᠶᠢᠨ ᠬᠢᠷᠢ | ᠪᠦᠲᠦᠮᠵᠢ ᠣᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠤᠷᠭᠠᠨ | ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠨ ᠬᠥᠮᠦᠵᠢᠯ ᠤᠨ ᠦᠢᠯᠡᠰ ᠢ | ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ | ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠤ ᠮᠡᠳᠡᠭᠳᠡᠮ᠎ᠡ | ᠬᠤᠪᠢᠷᠠᠯᠲᠠ ᠭᠠᠷᠪᠠ᠃ ᠲᠣᠭᠤᠷᠢᠨ ᠪᠠᠶᠢᠴᠠᠭᠠᠯᠲᠠ ᠠᠴᠠ ᠦᠵᠡᠪᠡᠯ᠂ ᠰᠤᠷᠭᠠᠨ ᠬᠥᠮᠦᠵᠢᠯ ᠤᠨ ᠶᠠᠮᠤᠨ ᠤ ᠨᠠᠮ ᠤᠨ | ᠤᠳᠤᠷᠢᠳᠬᠤ ᠳᠤᠭᠤᠶᠢᠯᠠᠩ ᠪᠣᠯᠤᠨ ᠨᠠᠮ ᠤᠨ ᠲᠥᠪ ᠬᠤᠷᠢᠶ᠎ᠠ ᠠᠴᠠ ᠰᠢᠭᠤᠳ ᠬᠠᠮᠢᠶᠠᠷᠴᠤ ᠪᠠᠶᠢᠭ᠎ᠠ 31 ᠶᠡᠭᠡ | ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ | ᠤᠬᠠᠮᠰᠠᠷ ᠳᠡᠭᠡᠭᠰᠢᠯᠡᠵᠦ᠂ ᠰᠤᠷᠭᠠᠭᠤᠯᠢ ᠡᠷᠬᠢᠯᠡᠵᠤ ᠰᠤᠷᠭᠠᠭᠤᠯᠢ ᠶᠢ ᠵᠠᠰᠠᠬᠤ ᠠᠵᠢᠯ ᠰᠢᠨ᠎ᠡ ᠦᠷ᠎ᠡ ᠪᠦᠲᠦᠮᠵᠢ | ᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠪᠡ | ᠂ ᠭᠡᠪᠡᠴᠦ ᠪᠠᠰᠠ ᠵᠠᠷᠢᠮ ᠨᠡᠶᠢᠲᠡᠯᠢᠭ ᠴᠢᠨᠠᠷᠲᠠᠢ ᠠᠰᠠᠭᠤᠳᠠᠯ ᠪᠣᠯᠤᠨ ᠭᠦᠨ ᠳᠠᠪᠬᠤᠷᠭ᠎ᠠ ᠶᠢᠨ ᠠᠰᠠᠭᠤᠳᠠᠯ ᠢ | ᠢᠯᠡᠷᠡᠭᠦᠯᠵᠦ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ | ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠲᠦᠷᠢᠮ ᠢ ᠬᠡᠷᠡᠭᠵᠢᠭᠦᠯᠬᠦ᠂ ᠨᠠᠮ ᠢ ᠴᠢᠩᠭ᠎ᠠ ᠬᠠᠮᠢᠶᠠᠷᠴᠤ ᠰᠤᠷᠭᠠᠭᠤᠯᠢ ᠶᠢ | ᠴᠢᠩᠭ᠎ᠠ ᠵᠠᠰᠠᠬᠤ᠂ ᠤᠳᠤᠷᠢᠳᠬᠤ ᠪᠠᠭ ᠤᠨ ᠡᠩᠨᠡᠭᠡ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠠᠰᠠ ᠬᠦᠷᠦᠯᠴᠡᠬᠦ ᠦᠭᠡᠢ ᠲᠠᠯ᠎ᠠ | ᠣᠷᠣᠰᠢᠵᠤ ᠪᠠᠶᠢᠨ᠎ᠠ᠃ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠲᠥᠪ ᠴᠢᠩᠭ᠎ᠠ ᠪᠠᠷ | ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠴᠡᠭᠴᠡᠯᠡᠨ ᠰᠠᠶᠢᠵᠢᠷᠠᠭᠤᠯᠬᠤ ᠡᠳᠦᠷ ᠲᠤᠲᠤᠮ ᠤᠨ ᠬᠢᠨᠠᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ | ᠬᠤᠷᠴᠠ ᠰᠡᠯᠡᠮ᠎ᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠨᠠᠮ ᠢ ᠬᠠᠮᠢᠶᠠᠷᠴᠤ | ᠰᠤᠷᠭᠠᠭᠤᠯᠢ ᠶᠢ ᠵᠠᠰᠠᠬᠤ ᠬᠦᠴᠦᠲᠡᠶ ᠭᠠᠷᠳᠠᠴᠠ ᠪᠣᠯᠭᠠᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ᠂ | ᠭᠤᠤᠯᠳᠠᠯᠭ᠎ᠠ ᠶᠢ ᠳᠣᠪᠤᠶᠢᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃ | ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠶᠡᠭᠡ ᠳᠡᠭᠡᠳᠦ ᠰᠤᠷᠭᠠᠭᠤᠯᠢ ᠳᠠᠬᠢ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠪᠠᠷ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠵᠤ᠂ ᠲᠣᠭᠤᠷᠢᠨ ᠪᠠᠶᠢᠴᠠᠭᠠᠬᠤ ᠪᠠᠷ ᠪᠦᠳᠦᠭᠡᠨ ᠪᠠᠶᠢᠭᠤᠯᠬᠤ ᠶᠢ ᠠᠬᠢᠭᠤᠯᠵᠤ᠂ | ᠲᠣᠭᠤᠷᠢᠨ ᠪᠠᠶᠢᠴᠠᠭᠠᠬᠤ ᠪᠠᠷ ᠵᠠᠰᠠᠯᠲᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ | ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠬᠦ | ᠤᠨᠤᠯ ᠢᠶᠠᠷ ᠤᠬᠠᠮᠰᠠᠷ ᠠᠴᠠ ᠪᠠᠨ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ | ᠠᠵᠢᠯ ᠢᠶᠠᠨ ᠠᠬᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ | ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ | ︾ ᠢ ᠪᠠᠲᠤ ᠴᠡᠭᠡᠵᠢᠯᠡᠵᠦ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠨᠠᠮ ᠤᠨ | ᠲᠥᠯᠥᠭᠡ ᠬᠥᠮᠦᠨ ᠬᠥᠮᠦᠵᠢᠭᠦᠯᠵᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠬᠡᠷᠡᠭᠲᠡᠢ᠃ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠣᠯᠭᠠᠵᠤ᠂ ᠦᠵᠡᠯ ᠰᠠᠨᠠᠭ᠎ᠠ ᠤᠯᠤᠰ | ᠲᠦᠷᠦ ᠶᠢᠨ ᠠᠵᠢᠯ ᠪᠣᠯᠤᠨ ᠪᠠᠭᠰᠢ ᠶᠢᠨ ᠮᠤᠷᠠᠯ ᠪᠠᠭᠰᠢ ᠶᠢᠨ ᠰᠤᠷᠲᠠᠯ᠂ ᠰᠤᠷᠭᠠᠭᠤᠯᠢ ᠶᠢᠨ ᠰᠤᠷᠲᠠᠯ ᠰᠤᠷᠤᠯᠴᠠᠬᠤ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ | ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ | ᠵᠠᠯᠭᠠᠮᠵᠢᠯᠠᠭᠴᠢ ᠶᠢ ᠬᠦᠴᠦᠯᠡᠨ ᠬᠥᠮᠦᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠵᠠᠰᠠᠯᠲᠠ ᠶᠢᠨ ᠰᠢᠰᠲ᠋ᠧᠮ ᠪᠣᠯᠤᠨ | ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠠᠯᠢᠭ ᠠᠭᠤᠯᠤᠭᠳᠠᠬᠤᠨ ᠲᠠᠢ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ᠃ ᠶᠡᠭᠡ | ᠳᠡᠭᠡᠳᠦ ᠰᠤᠷᠭᠠᠭᠤᠯᠢ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ | ᠬᠤᠷᠢᠶᠠᠨ ᠤ ᠭᠤᠣᠯ ᠴᠣᠭᠴᠠ ᠶᠢᠨ ᠬᠠᠷᠢᠭᠤᠴᠠᠯᠭ᠎ᠠ᠂ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ | ᠬᠠᠷᠢᠭᠤᠴᠠᠯᠭ᠎ᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠳᠠᠷᠤᠯᠲᠠ ᠥᠭᠴᠦ᠂ ᠴᠢᠩᠭ᠎ᠠ ᠠᠭᠤᠷ ᠠᠮᠢᠰᠬᠤᠯ ᠢ ᠪᠤᠢ | ᠪᠤᠯᠭᠠᠵᠤ᠂ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠵᠤ᠂ ᠢᠯᠵᠠᠷᠠᠯ ᠤᠨ | ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠰᠦᠷᠳᠡᠭᠦᠯᠵᠦ᠂ ᠠᠷᠢᠭᠤᠨ ᠴᠢᠬᠡᠴᠢ ᠶᠢᠨ ᠠᠶᠤᠯ | ᠲᠦᠭᠰᠢᠭᠦᠷᠢ ᠶᠢ ᠦᠨᠡᠨ ᠬᠦ ᠰᠡᠷᠭᠡᠶᠢᠯᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠠᠵᠢᠯ ᠤᠨ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠶᠠᠨ ᠤ | ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠲᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ | ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ ᠤ ᠡᠩᠨᠡᠭᠡ ᠪᠣᠯᠤᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠪᠠᠶᠢᠭᠤᠯᠤᠮᠵᠢ | ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ | ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠯᠲᠡ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | | |