| ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 3 ᠤ | ᠡᠳᠦᠷ ᠸᠢᠳᠢᠣ᠋ ᠪᠠᠷ 2021 ᠣᠨ ᠤ ᠲᠠᠶᠢᠶᠤᠸᠠᠨ ᠤ ᠡᠨᠧᠷᠭᠢ ᠶᠢᠨ ᠰᠤᠷᠪᠤᠯᠵᠢ ᠶᠢᠨ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ | ᠶᠣᠰᠣᠯᠠᠯ ᠳᠤ ᠣᠷᠣᠯᠴᠠᠵᠤ ᠭᠤᠣᠯ ᠵᠣᠷᠢᠯᠲᠠᠲᠤ ᠶᠠᠷᠢᠶ᠎ᠠ ᠲᠠᠯᠪᠢᠪᠠ | ᠯᠢ ᠺᠧ ᠴᠢᠶᠠᠩ᠂ ᠳᠤᠮᠳᠠᠳᠤ ᠤᠯᠤᠰ ᠤᠨ ᠵᠠᠰᠠᠭ ᠤᠨ ᠣᠷᠳᠣᠨ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ | ᠪᠣᠯᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ | ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠳᠤ ᠬᠦᠷᠦᠭᠦᠯᠬᠦ ᠪᠠᠷ ᠴᠢᠷᠮᠠᠶᠢᠵᠤ᠂ 2060 | ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠪᠡᠶᠡᠯᠡᠭᠦᠯᠦᠨ᠎ᠡ ᠭᠡᠵᠦ | ᠨᠡᠶᠢᠲᠡᠯᠡᠪᠡ᠃ ᠤᠢᠢᠷ᠎ᠠ ᠶᠢᠨ ᠵᠢᠯ ᠤᠳ ᠲᠤ᠂ ᠳᠤᠮᠳᠠᠳᠤ ᠤᠯᠤᠰ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠢ ᠬᠡᠷᠡᠭᠵᠢᠭᠦᠯᠵᠦ᠂ ᠡᠨᠧᠷᠭᠢ᠂ ᠠᠵᠤ ᠦᠢᠯᠡᠰ ᠤᠨ ᠪᠦᠲᠦᠴᠡ ᠶᠢ | ᠲᠤᠬᠢᠷᠠᠭᠤᠯᠤᠨ ᠰᠢᠯᠢᠳᠡᠭᠵᠢᠭᠦᠯᠬᠦ ᠪᠠᠷ ᠬᠦᠴᠦᠯᠡᠵᠦ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ | ᠪᠠᠭᠠᠰᠬᠠᠬᠤ ᠠᠵᠢᠯ ᠢ ᠴᠢᠩᠭ᠎ᠠ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠠᠰᠤᠷᠠᠯᠲᠠ | ᠦᠭᠡᠢ ᠰᠠᠶᠢᠵᠢᠷᠠᠪᠠ᠃ ᠲᠦᠷᠦᠭᠦᠬᠡᠨ ᠪᠥᠬᠦ ᠳᠡᠯᠡᠬᠡᠶ ᠶᠢᠨ ᠬᠡᠪᠴᠢᠶ᠎ᠡ ᠪᠠᠷ ᠬᠠᠮᠤᠭ ᠤᠨ ᠶᠡᠭᠡ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ | ᠳᠤᠮᠳᠠᠳᠤ ᠤᠯᠤᠰ ᠲᠤ ᠵᠢᠩᠬᠢᠨᠢ ᠪᠠᠷ ᠠᠰᠢᠭᠯᠠᠯᠲᠠ ᠳᠤ ᠣᠷᠣᠪᠠ ᠭᠡᠵᠦ ᠢᠯᠡᠳᠬᠡᠵᠡᠢ᠃ | | | | ᠯᠢ ᠺᠧ ᠴᠢᠶᠠᠩ᠂ ᠣᠳᠣᠬᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠮᠥᠨ ᠯᠡ ᠪᠦᠬᠦ ᠪᠥᠮᠪᠥᠷᠴᠡᠭ ᠲᠤ ᠳᠡᠯᠭᠡᠷᠡᠵᠦ᠂ ᠸᠢᠷᠦ᠋ᠰ ᠤᠳᠠᠭ᠎ᠠ ᠳᠠᠷᠠᠭᠠᠯᠠᠨ ᠣᠨᠳᠣᠣᠰᠢᠵᠤ᠂ ᠳᠡᠯᠡᠬᠡᠢ ᠶᠢᠨ | ᠠᠵᠤ ᠠᠬᠤᠢ ᠶᠢᠨ ᠲᠣᠭᠲᠠᠭᠤᠨ ᠪᠤᠰᠤ ᠴᠢᠨᠠᠷ᠂ ᠲᠣᠭᠲᠠᠪᠤᠷᠢ ᠦᠭᠡᠢ ᠴᠢᠨᠠᠷ ᠨᠡᠮᠡᠭᠳᠡᠵᠦ᠂ ᠪᠦᠬᠦ ᠪᠥᠮᠪᠥᠷᠴᠡᠭ ᠤᠨ | ᠪᠣᠬᠢᠷᠲᠤᠯ ᠦᠭᠡᠢ ᠪᠠ ᠦᠷᠭᠦᠯᠵᠢᠯᠡᠬᠦᠶᠢᠴᠡ ᠬᠥᠭᠵᠢᠯᠲᠡ ᠬᠦᠨᠳᠦ ᠨᠣᠴᠢᠲᠠᠢ ᠥᠷᠢᠰᠥᠯᠳᠦᠭᠡᠨ ᠳᠤ ᠲᠤᠯᠭᠠᠷᠠᠵᠤ | ᠪᠠᠶᠢᠨ᠎ᠠ᠃ ᠡᠯ᠎ᠡ ᠤᠯᠤᠰ ᠨᠢᠭᠲᠠ ᠬᠠᠮᠲᠤᠷᠠᠯᠴᠠᠵᠤ᠂ ᠴᠠᠭ ᠤᠨ ᠪᠡᠷᠬᠡ ᠶᠢ ᠬᠠᠮᠲᠤᠪᠠᠷ ᠲᠤᠭᠤᠯᠵᠤ᠂ | ᠬᠥᠭᠵᠢᠭᠦᠯᠬᠦ ᠶᠢ ᠰᠦᠪᠡᠭᠴᠢᠯᠡᠬᠦ ᠪᠠ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠵᠡᠷᠭᠡᠪᠡᠷ | ᠶᠠᠪᠤᠭᠳᠠᠭᠤᠯᠬᠤ ᠳᠤ ᠬᠠᠷᠰᠢᠯᠳᠤᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠬᠠᠷᠢᠯᠴᠠᠨ ᠠᠬᠢᠭᠤᠯᠵᠤ᠂ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ᠯᠢ ᠺᠧ ᠴᠢᠶᠠᠩ | ᠡᠭᠦᠨ ᠤ ᠲᠤᠬᠠᠢ ᠭᠤᠷᠪᠠᠨ ᠰᠠᠨᠠᠭᠤᠯᠭ᠎ᠠ ᠳᠤᠷᠠᠳᠪᠠ᠄ | ᠨᠢᠭᠡ ᠳᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠪᠠ ᠪᠣᠳᠠᠲᠠᠶ ᠶᠢ ᠡᠷᠬᠢᠮᠯᠡᠬᠦ ᠣᠪᠣᠷ ᠢ ᠪᠠᠷᠢᠮᠲᠠᠯᠠᠵᠤ᠂ | ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ ᠢᠶᠠᠷ ᠠᠰᠢᠭᠯᠠᠬᠤ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ | ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠵᠣᠬᠢᠰᠲᠠᠶ ᠪᠠᠷ ᠠᠬᠢᠭᠤᠯᠬᠤ ᠬᠡᠷᠡᠭᠲᠡᠢ᠃ ᠡᠯ᠎ᠡ | ᠤᠯᠤᠰ ᠰᠢᠨᠵᠢᠯᠡᠬᠦ ᠤᠬᠠᠭᠠᠨ ᠢ ᠬᠦᠨᠳᠦᠳᠬᠡᠨ ᠬᠡᠷᠡᠭᠯᠡᠵᠦ᠂ ᠲᠣᠭᠲᠠᠭᠤᠨ ᠳᠢᠭᠯᠢᠮ ᠲᠠᠢ᠂ ᠡᠨᠧᠷᠭᠢ ᠶᠢᠨ | ᠰᠤᠷᠪᠤᠯᠵᠢ ᠶᠢᠨ ᠬᠡᠷᠡᠭᠯᠡᠭᠡ ᠪᠠ ᠦᠢᠯᠡᠳᠪᠦᠷᠢᠯᠡᠯ ᠤᠨ ᠬᠡᠯᠪᠡᠷᠢ ᠶᠢᠨ ᠬᠤᠪᠢᠷᠠᠭᠤᠯᠤᠯᠲᠠ ᠶᠢ ᠴᠢᠳᠠᠯ ᠤᠨ | ᠬᠢᠷᠢ ᠪᠠᠷ ᠢᠶᠠᠨ ᠠᠬᠢᠭᠤᠯᠬᠤ ᠬᠡᠷᠡᠭᠲᠡᠶ᠃ ᠶᠡᠷᠦᠩᠬᠡᠶ ᠬᠡᠮᠵᠢᠶ᠎ᠡ ᠶᠢ ᠬᠢᠵᠠᠭᠠᠷᠯᠠᠵᠤ᠂ ᠡᠨᠧᠷᠭᠢ ᠠᠷᠪᠢᠯᠠᠬᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠬᠤ ᠬᠡᠷᠡᠭᠲᠡᠶ᠃ ᠪᠦᠲᠦᠴᠡ ᠶᠢ ᠲᠣᠬᠢᠷᠠᠭᠤᠯᠵᠤ᠂ ᠴᠢᠯᠠᠭᠤᠵᠢᠮᠠᠯ ᠪᠤᠰᠤ | ᠡᠨᠧᠷᠭᠢ ᠶᠢᠨ ᠰᠤᠷᠪᠤᠯᠵᠢ ᠶᠢᠨ ᠠᠩᠬᠠᠳᠠᠭᠴᠢ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠳᠠᠬᠢ ᠡᠵᠡᠯᠡᠬᠦ ᠬᠠᠷᠢᠴᠠᠯ ᠢ | ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠴᠡᠪᠡᠷ ᠡᠨᠧᠷᠭᠢ ᠶᠢᠨ ᠰᠤᠷᠪᠤᠯᠵᠢ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ᠂ ᠮᠡᠷᠭᠡᠵᠢᠯ ᠤᠨ ᠰᠢᠯᠵᠢᠯᠲᠡ ᠪᠠ ᠦᠷ᠎ᠡ ᠪᠦᠲᠦᠭᠡᠯ ᠤᠨ | ᠲᠦᠭᠡᠮᠡᠯᠵᠢᠬᠦ ᠶᠢ ᠴᠢᠩᠭᠠᠳᠬᠠᠬᠤ ᠬᠡᠷᠡᠭᠲᠡᠢ᠃ ᠦᠵᠡᠯᠲᠡ ᠪᠠᠨ ᠰᠢᠨᠡᠳᠬᠡᠵᠦ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠰᠢᠨ᠎ᠡ | ᠰᠤᠷᠲᠠᠯ ᠢ ᠰᠠᠨᠠᠭᠠᠴᠢᠯᠠᠵᠤ᠂ ᠬᠥᠮᠦᠨ ᠪᠦᠬᠦᠨ ᠬᠢᠵᠦ ᠪᠣᠯᠬᠤ᠂ ᠬᠥᠮᠦᠨ ᠪᠦᠬᠦᠨ ᠣᠷᠣᠯᠴᠠᠵᠤ ᠪᠣᠯᠬᠤ ᠪᠣᠬᠢᠷᠲᠤᠯ | ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠨᠡᠶᠢᠭᠡᠮ ᠢ ᠪᠠᠶᠢᠭᠤᠯᠬᠤ ᠬᠡᠷᠡᠭᠲᠡᠢ᠃ | ᠬᠤᠶᠠᠷ ᠲᠤ᠂ ᠲᠡᠦᠬᠡ ᠶᠢᠨ ᠬᠠᠷᠢᠭᠤᠴᠠᠯᠭ᠎ᠠ ᠪᠣᠯᠤᠨ ᠤᠯᠤᠰ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠶᠢ ᠦᠷᠭᠦᠯᠵᠢᠯᠡᠨ ᠠᠬᠢᠭᠤᠯᠬᠤ | ᠬᠡᠷᠡᠭᠲᠡᠢ᠃ ᠬᠥᠭᠵᠢᠭᠰᠡᠨ ᠤᠯᠤᠰ ᠪᠠ ᠬᠥᠭᠵᠢᠵᠦ ᠪᠠᠶᠢᠭ᠎ᠠ ᠤᠯᠤᠰ ᠤᠳ ᠤᠨ ᠠᠭᠤᠷ ᠠᠮᠢᠰᠬᠤᠯ ᠤᠨ | ᠬᠤᠪᠢᠷᠠᠯᠲᠠ ᠶᠢᠨ ᠲᠤᠬᠠᠶ ᠲᠡᠦᠬᠡᠲᠦ ᠬᠠᠷᠢᠭᠤᠴᠠᠯᠭ᠎ᠠ ᠨᠢ ᠠᠳᠠᠯᠢ ᠦᠭᠡᠢ ᠪᠥᠭᠡᠳ᠂ ᠬᠥᠭᠵᠢᠯᠲᠡ ᠶᠢᠨ ᠬᠡᠷᠡᠭᠴᠡᠭᠡ | ᠪᠠ ᠴᠢᠳᠠᠪᠤᠷᠢ ᠨᠢ ᠴᠦ ᠵᠥᠷᠢᠶ᠎ᠡ ᠲᠠᠢ ᠪᠠᠶᠢᠳᠠᠭ᠃ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠬᠠᠮᠲᠤ ᠶᠢᠨ ᠪᠣᠯᠪᠠᠴᠤ | ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠬᠥᠭᠵᠢᠵᠦ ᠪᠠᠶᠢᠭ᠎ᠠ ᠤᠯᠤᠰ ᠤᠳ ᠤᠨ | ᠠᠩᠬᠠᠷᠤᠯ ᠪᠣᠯᠤᠨ ᠱᠠᠭᠠᠷᠳᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠷᠭᠡᠵᠢᠯ᠂ ᠪᠡᠯᠡ ᠮᠥᠩᠭᠦ᠂ | ᠴᠢᠳᠠᠪᠤᠷᠢ ᠶᠢᠨ ᠳᠡᠮᠵᠢᠯᠭᠡ ᠪᠠᠨ ᠨᠡᠮᠡᠭᠳᠡᠭᠦᠯᠵᠦ᠂ ᠲᠡᠳᠡᠨ ᠢ ᠬᠠᠪᠰᠤᠷᠤᠨ ᠬᠥᠭᠵᠢᠯᠲᠡ ᠶᠢᠨ ᠳᠤᠮᠳᠠ ᠪᠣᠬᠢᠷᠲᠤᠯ | ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ | ᠪᠡᠶᠡᠯᠡᠭᠦᠯᠬᠦ ᠬᠡᠷᠡᠭᠲᠡᠢ᠃ | ᠭᠤᠷᠪᠠ ᠳᠤ᠂ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠ ᠪᠦᠲᠦᠴᠡ ᠶᠢᠨ ᠥᠭᠡᠷᠡᠴᠢᠯᠡᠯᠲᠡ ᠶᠢ | ᠴᠢᠩᠭᠠᠳᠬᠠᠵᠤ᠂ ᠳᠡᠯᠡᠬᠡᠢ ᠶᠢᠨ ᠠᠵᠤ ᠠᠬᠤᠢ ᠶᠢᠨ ᠲᠡᠩᠴᠡᠭᠦᠷᠢᠲᠡᠢ᠂ ᠪᠣᠬᠢᠷᠲᠤᠯ ᠦᠭᠡᠢ᠂ ᠦᠷᠭᠦᠯᠵᠢᠯᠡᠬᠦᠶᠢᠴᠡ | ᠰᠡᠷᠭᠦᠯᠲᠡ ᠶᠢ ᠬᠠᠮᠲᠤᠷᠠᠨ ᠪᠡᠶᠡᠯᠡᠭᠦᠯᠬᠦ ᠬᠡᠷᠡᠭᠲᠡᠢ᠃ ᠡᠯ᠎ᠡ ᠤᠯᠤᠰ ᠤᠨ ᠬᠢᠵᠢᠭ ᠤᠨ ᠳᠠᠷᠠᠭᠠᠬᠢ ᠰᠡᠷᠭᠦᠯᠲᠡ ᠨᠢ | ᠪᠣᠬᠢᠷᠲᠤᠯ ᠶᠡᠬᠡᠲᠡᠢ᠂ ᠭᠠᠳᠠᠭᠰᠢᠯᠠᠭᠤᠯᠤᠯ ᠶᠡᠬᠡᠲᠡᠢ ᠬᠥᠭᠵᠢᠯᠲᠡ ᠶᠢᠨ ᠬᠠᠭᠤᠴᠢᠨ ᠵᠠᠮ ᠳᠤ ᠲᠠᠬᠢᠨ ᠣᠷᠣᠵᠤ ᠪᠣᠯᠬᠤ | ᠦᠭᠡᠢ᠂ ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠷᠸ᠎ᠠ | ᠲᠦᠷᠦ ᠶᠢᠨ ᠪᠤᠳᠤᠯᠭ᠎ᠠ ᠶᠢᠨ ᠡᠷᠴᠢᠮ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠤᠷᠸ᠎ᠠ ᠲᠦᠷᠦ ᠶᠢᠨ | ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠵᠤ᠂ | ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠡᠩ ᠳᠣᠣᠷ᠎ᠠ ᠦᠷᠳᠡᠭ ᠢᠶᠠᠷ ᠪᠦᠬᠦ | ᠪᠥᠮᠪᠥᠷᠴᠡᠭ ᠤᠨ ᠠᠵᠤ ᠠᠬᠤᠢ ᠶᠢᠨ ᠲᠡᠩᠴᠡᠭᠦᠷᠢᠲᠡᠢ ᠰᠡᠷᠭᠦᠯᠲᠡ᠂ ᠪᠣᠬᠢᠷᠲᠤᠯ ᠦᠭᠡᠢ ᠰᠡᠷᠭᠦᠯᠲᠡ᠂ | ᠦᠷᠭᠦᠯᠵᠢᠯᠡᠬᠦᠶᠢᠴᠡ ᠰᠡᠷᠭᠦᠯᠲᠡ ᠶᠢ ᠠᠬᠢᠭᠤᠯᠬᠤ ᠬᠡᠷᠡᠭᠲᠡᠢ᠃ | ᠯᠢ ᠺᠧ ᠴᠢᠶᠠᠩ᠂ ᠳᠡᠯᠡᠬᠡᠢ ᠳᠡᠭᠡᠷᠡᠬᠢ ᠬᠠᠮᠤᠭ ᠤᠨ ᠲᠤᠮᠤ ᠬᠥᠭᠵᠢᠵᠦ ᠪᠠᠶᠢᠭ᠎ᠠ ᠤᠯᠤᠰ ᠪᠣᠯᠤᠭᠰᠠᠨ ᠤ | ᠬᠤᠪᠢ ᠳᠤ᠂ ᠳᠤᠮᠳᠠᠳᠤ ᠤᠯᠤᠰ ᠲᠤᠰ ᠵᠠᠭᠤᠨ ᠤ ᠳᠤᠮᠳᠠᠴᠢ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ | ᠪᠡᠶᠡᠯᠡᠭᠦᠯᠵᠦ᠂ ᠳᠤᠮᠳᠠᠳᠤ ᠶᠢᠨ ᠠᠷᠠᠳ ᠢ ᠵᠣᠯ ᠵᠢᠷᠭᠠᠯᠲᠤ ᠠᠮᠢᠳᠤᠷᠠᠯ ᠲᠠᠢ ᠪᠣᠯᠭᠠᠬᠤ ᠶᠠᠪᠤᠴᠠ ᠳᠤ ᠳᠣᠣᠷ᠎ᠠ | ᠨᠡᠭᠦᠷᠡᠰᠦᠲᠥ᠋ᠷᠥᠭᠴᠢᠲᠦ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠦᠨ᠎ᠡ᠃ ᠡᠨᠡ ᠨᠢ ᠬᠥᠮᠦᠨ ᠲᠥᠷᠥᠯᠬᠢᠲᠡᠨ ᠤ | ᠲᠡᠦᠬᠡᠨ ᠳᠤ ᠭᠠᠷᠤᠭ᠎ᠠ ᠦᠭᠡᠢ ᠶᠤᠮ᠂ ᠰᠢᠷᠭᠠᠭᠤ ᠬᠠᠲᠠᠭᠤᠵᠢᠯᠲᠠᠢ ᠭᠠᠷᠮᠠᠭᠠᠢ ᠴᠢᠷᠮᠠᠶᠢᠯᠭ᠎ᠠ ᠪᠠᠷ ᠰᠠᠶ᠋ᠢ ᠪᠡᠶᠡᠯᠡᠭᠦᠯᠵᠦ | ᠴᠢᠳᠠᠨ᠎ᠠ᠃ ᠪᠢᠳᠡ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠶᠢ ᠪᠠᠷᠢᠮᠲᠠᠯᠠᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ᠂ ᠬᠠᠩᠭᠠᠯᠭ᠎ᠠ᠂ ᠮᠡᠷᠭᠡᠵᠢᠯ᠂ | ᠪᠠᠶᠢᠭᠤᠯᠤᠯ ᠤᠨ ᠬᠤᠪᠢᠰᠬᠠᠯ ᠢ ᠠᠬᠢᠭᠤᠯᠵᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠦᠨᠡᠨ ᠬᠦ ᠠᠬᠢᠭᠤᠯᠤᠨ᠎ᠠ᠃ | ᠬᠤᠷᠸ᠎ᠠ ᠲᠦᠷᠦ ᠶᠢᠨ ᠪᠤᠳᠤᠯᠭ᠎ᠠ ᠶᠢᠨ ᠦᠶᠡᠯᠡᠯ ᠠᠯᠤᠰᠯᠠᠨ ᠲᠣᠬᠢᠷᠠᠭᠤᠯᠬᠤ ᠶᠢ ᠰᠠᠶᠢᠲᠤᠷ ᠬᠢᠬᠦ ᠶᠢᠨ ᠬᠠᠮᠲᠤ᠂ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠨᠢᠭᠡ ᠲᠠᠯ᠎ᠠ ᠪᠠᠷ | ︽ᠬᠠᠰᠤᠬᠤ ᠠᠷᠭ᠎ᠠ︾ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠯ ᠶᠡᠭᠡ | ᠭᠠᠳᠠᠭᠰᠢᠯᠠᠭᠤᠯᠬᠤ ᠠᠵᠢᠯ ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠶᠢᠨ ᠬᠡᠪᠴᠢᠶ᠎ᠡ ᠶᠢ ᠴᠢᠩᠭ᠎ᠠ ᠬᠢᠵᠠᠭᠠᠷᠯᠠᠨ᠎ᠠ | ︔ ᠨᠥᠭᠦᠭᠡ ᠲᠠᠯ᠎ᠠ ᠪᠠᠷ ︽ᠨᠡᠮᠡᠬᠦ ᠠᠷᠭ᠎ᠠ︾ ᠠᠪᠴᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ | ᠠᠵᠤ ᠦᠢᠯᠡᠰ ᠢ ᠶᠡᠬᠡᠪᠡᠷ ᠬᠥᠭᠵᠢᠭᠦᠯᠵᠦ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ | ᠲᠤᠰ ᠤᠳᠠᠭ᠎ᠠ ᠶᠢᠨ ᠶᠠᠷᠢᠶᠠᠨ ᠤ ᠲᠠᠪᠴᠠᠩ ᠨᠢ ︽ᠡᠨᠧᠷᠭᠢ ᠠᠭᠤᠷ ᠠᠮᠢᠰᠬᠤᠯ ᠣᠷᠴᠢᠨ ᠲᠣᠭᠤᠷᠢᠨ︾ | ᠢᠶᠠᠷ ᠰᠡᠳᠦᠪᠯᠡᠵᠦ᠂ ᠡᠸ᠋ᠽᠢᠤᠫᠢᠶ᠎ᠠ ᠶᠢᠨ ᠶᠡᠷᠦᠩᠬᠡᠶᠢᠯᠡᠭᠴᠢ ᠰᠠᠾᠯᠧ — ᠸᠣᠷᠺ᠂ ᠫᠠᠫᠦ᠋ᠶᠠ ᠰᠢᠨ᠎ᠡ ᠬᠢᠨᠧᠶᠠ ᠶᠢᠨ | ᠪᠦᠭᠦᠳᠡ ᠶᠢ ᠵᠠᠬᠢᠷᠤᠭᠴᠢ ᠰᠠᠶᠢᠳ ᠪᠤᠪ · ᠳ᠋ᠠᠳᠠᠶᠧ᠂ ᠺᠠᠮᠪᠣᠵᠠ ᠶᠢᠨ ᠲᠡᠷᠢᠭᠦᠨ ᠰᠠᠶᠢᠳ ᠾᠦᠨ ᠰᠧᠨ᠂ | ᠯᠦᠺᠰᠧᠮᠪᠦ᠋ᠷᠡᠭ ᠤᠨ ᠲᠡᠷᠢᠭᠦᠨ ᠰᠠᠶᠢᠳ ᠪᠧᠲᠲ᠋ᠧᠯ᠂ ᠰᠷᠢ ᠯᠠᠨᠺᠠ ᠶᠢᠨ ᠶᠡᠷᠦᠩᠬᠡᠢ ᠰᠠᠶᠢᠳ ᠮᠠᠾᠢᠨᠳᠠ ᠵᠡᠷᠭᠡ | ᠭᠠᠳᠠᠭᠠᠳᠤ ᠤᠯᠤᠰ ᠤᠨ ᠤᠯᠤᠰ ᠲᠦᠷᠦ ᠶᠢᠨ ᠴᠢᠬᠤᠯᠠ ᠬᠥᠮᠦᠰ ᠸᠢᠳᠢᠣ᠋ ᠪᠠᠷ ᠣᠷᠣᠯᠴᠠᠵᠠᠢ᠃ | | | | |