ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ  ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠴᠢᠩᠭᠠᠳᠬᠠᠵᠤ᠂ ᠦᠶᠡᠯᠡᠯ ᠠᠯᠤᠰᠯᠠᠨ ᠲᠣᠬᠢᠷᠠᠭᠤᠯᠬᠤ ᠶᠢ ᠰᠠᠶᠢᠲᠤᠷ ᠬᠢᠬᠦ ᠵᠡᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/9/8
ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ  ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠴᠢᠩᠭᠠᠳᠬᠠᠵᠤ᠂ ᠦᠶᠡᠯᠡᠯ ᠠᠯᠤᠰᠯᠠᠨ ᠲᠣᠬᠢᠷᠠᠭᠤᠯᠬᠤ ᠶᠢ ᠰᠠᠶᠢᠲᠤᠷ ᠬᠢᠬᠦ ᠵᠡᠷᠭᠡ ᠶᠢ ᠪᠠᠶᠢᠷᠢᠯᠠᠭᠤᠯᠪᠠᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠳᠡᠮᠵᠢᠯᠭᠡ ᠶᠢ ᠴᠢᠩᠭᠠᠳᠬᠠᠵᠤ  ᠨᠠᠩ ᠣᠯᠠᠨ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠢ ᠰᠠᠨᠠᠭ᠎ᠠ ᠠᠮᠤᠷ ᠰᠤᠷᠤᠯᠴᠠᠭᠤᠯᠬᠤ ᠪᠠᠷ ᠲᠣᠭᠲᠠᠪᠠ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾᠎ ᠶᠢ ᠪᠠᠲᠤᠯᠠᠪᠠ      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ1᠎ ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠴᠢᠩᠭᠠᠳᠬᠠᠵᠤ᠂ ᠦᠶᠡᠯᠡᠯ ᠠᠯᠤᠰᠯᠠᠨ ᠲᠣᠬᠢᠷᠠᠭᠤᠯᠬᠤ ᠶᠢ ᠰᠠᠶᠢᠲᠤᠷ ᠬᠢᠬᠦ ᠶᠢ ᠪᠠᠶᠢᠷᠢᠯᠠᠭᠤᠯᠪᠠ︔ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠳᠡᠮᠵᠢᠯᠭᠡ ᠶᠢ ᠴᠢᠩᠭᠠᠳᠬᠠᠵᠤ  ᠨᠠᠩ ᠣᠯᠠᠨ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠢ ᠰᠠᠨᠠᠭ᠎ᠠ ᠠᠮᠤᠷ ᠰᠤᠷᠤᠯᠴᠠᠭᠤᠯᠬᠤ ᠪᠠᠷ ᠲᠣᠭᠲᠠᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾᠎ ᠶᠢ ᠪᠠᠲᠤᠯᠠᠪᠠ᠃      ᠬᠤᠷᠠᠯ ᠳᠤ ᠨᠡᠮᠡᠭᠳᠡᠯ ᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠬᠤ ᠶᠢᠨ ᠭᠤᠣᠯᠳᠠᠯᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠬᠡᠮᠵᠢᠶ᠎ᠡ ᠶᠡᠭᠡ ᠬᠡᠪᠴᠢᠶ᠎ᠡ ᠥᠷᠭᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠪᠠᠲᠤᠯᠠᠬᠤ ᠳᠤ ᠪᠤᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠪᠠᠭᠤᠷᠠᠬᠤ ᠦᠭᠡᠢ ᠠᠴᠠ ᠪᠤᠯᠵᠤ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠦᠷᠳᠡᠭ ᠳᠡᠭᠡᠭᠰᠢᠯᠡᠬᠦ᠂ ᠬᠤᠷᠢᠶᠠᠬᠤ ᠶᠣᠰᠣᠲᠠᠶ ᠲᠠᠩᠰᠠᠨ ᠤ ᠵᠣᠭᠤᠰ ᠨᠡᠮᠡᠭᠳᠡᠬᠦ᠂ ᠬᠢᠵᠢᠭ ᠭᠠᠮᠰᠢᠭ ᠨᠥᠯᠥᠭᠡᠯᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠨᠢᠭᠡᠨᠲᠡ ᠨᠡᠶᠢᠲᠡᠯᠡᠭᠰᠡᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠭᠰᠡᠨ ᠰᠠᠭᠤᠷᠢᠨ ᠳᠤ᠂ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠣᠬᠢᠰᠲᠠᠶ ᠣᠷᠣᠨ ᠳᠤ ᠪᠠᠶᠢᠯᠭᠠᠬᠤ ᠶᠢ ᠪᠠᠲᠤᠯᠠᠨ᠎ᠠ᠃ ᠨᠢᠭᠡ ᠳᠤ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠨᠡ ᠵᠢᠯ ᠲᠠᠬᠢᠭᠠᠳ 3000 ᠳ᠋ᠦᠩᠰᠢᠭᠤᠷ ᠲᠥᠭᠦᠷᠢᠭ ᠤᠨ ᠵᠢᠵᠢᠭ ᠠᠵᠤ ᠠᠬᠤᠶᠢᠯᠠᠯ ᠢ ᠳᠡᠮᠵᠢᠬᠦ ᠲᠠᠬᠢᠨ ᠵᠢᠭᠡᠯᠡᠯᠭᠡ ᠶᠢᠨ ᠲᠤᠭ᠎ᠠ ᠶᠢ ᠨᠡᠮᠡᠭᠳᠡᠭᠦᠯᠵᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠤᠭᠡ ᠳᠤ ᠵᠢᠭᠡᠯᠡᠯᠭᠡ ᠲᠠᠯᠪᠢᠬᠤ ᠶᠢ ᠲᠡᠮᠵᠢᠨ᠎ᠠ᠃ ᠬᠢᠵᠢᠭ ᠤᠨ ᠪᠠᠶᠢᠳᠠᠯ ᠳᠤ ᠬᠦᠨᠳᠦ ᠨᠥᠯᠥᠭᠡᠯᠡᠭᠳᠡᠭᠰᠡᠨ ᠠᠵᠢᠯ ᠲᠦᠷᠦᠯ ᠤᠨ ᠠᠵᠤ ᠠᠬᠤᠶᠢᠯᠠᠯ ᠳᠤ ᠥᠭᠬᠦ ᠵᠢᠭᠡᠯᠡᠯᠭᠡ ᠶᠢᠨ ᠳᠠᠮ ᠬᠦᠦ ᠵᠢᠴᠢ ᠱᠠᠩᠨᠠᠵᠤ ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠪᠠᠩᠬᠢ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠢᠲᠡᠭᠡᠮᠵᠢᠲᠦ ᠵᠢᠭᠡᠯᠡᠯᠭᠡ ᠶᠢ ᠨᠡᠩ ᠤᠯᠠᠨ ᠲᠠᠯᠪᠢᠬᠤ ᠶᠢ ᠠᠬᠢᠭᠤᠯᠤᠨ᠎ᠠ᠃ ᠤᠯᠤᠰ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢᠨ ᠲᠦᠭᠰᠢᠭᠦᠷᠢ ᠶᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠵᠤ᠂ ᠳᠠᠭᠠᠭᠠᠯᠲᠠ ᠶᠢᠨ ᠪᠠᠶᠢᠭᠤᠯᠤᠮᠵᠢ ᠶᠢᠨ ᠪᠠᠷᠢᠴᠠᠭᠠᠨ ᠤ ᠡᠳ᠋ ᠪᠠ ᠢᠲᠡᠭᠡᠮᠵᠢ ᠶᠢᠨ ᠲᠡᠮᠳᠡᠭᠯᠡᠯ ᠢᠶᠠᠷ ᠳᠤᠲᠠᠮᠠᠭ ᠵᠢᠵᠢᠭ ᠪᠢᠴᠢᠯ ᠠᠵᠤ ᠠᠬᠤᠶᠢᠯᠠᠯ ᠳᠤ ᠳᠠᠭᠠᠭᠠᠯᠲᠠ ᠬᠠᠩᠭᠠᠬᠤ ᠶᠢ ᠳᠡᠮᠵᠢᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠷᠢᠮᠲᠠ ᠪᠠᠷ ᠪᠡᠯᠡᠨ ᠵᠣᠭᠤᠰ ᠰᠣᠯᠢᠬᠤ ᠪᠠ ᠪᠠᠷᠢᠮᠵᠢᠶᠠᠵᠢᠭᠤᠯᠤᠭᠰᠠᠨ ᠪᠠᠷᠢᠮᠲᠠ ᠪᠠᠷ ᠪᠠᠯᠠ ᠲᠣᠬᠢᠷᠠᠭᠤᠯᠭ᠎ᠠ ᠥᠷᠨᠢᠭᠦᠯᠬᠦ ᠶᠢ ᠬᠥᠲᠥᠯᠥᠨ ᠵᠢᠯᠣᠭᠤᠳᠴᠤ᠂ ᠠᠷᠠᠳ ᠤᠨ ᠪᠠᠩᠬᠢ ᠳᠠᠬᠢᠨ ᠪᠡᠯᠡᠨ ᠵᠣᠭᠤᠰ ᠰᠣᠯᠢᠬᠤ ᠳᠡᠮᠵᠢᠯᠭᠡ ᠬᠠᠩᠭᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠣᠭᠤᠰ ᠡᠵᠡᠯᠡᠬᠦ ᠳᠠᠷᠤᠯᠲᠠ ᠶᠢ ᠬᠥᠩᠭᠡᠷᠡᠭᠦᠯᠦᠨ᠎ᠡ᠃ ᠬᠤᠶᠠᠷ ᠲᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠥᠮᠴᠢᠯᠡᠬᠦ ᠡᠷᠬᠡ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠨ᠂ ᠡᠷᠬᠡ ᠲᠡᠭᠰᠢ ᠪᠠᠷ ᠥᠷᠢᠰᠥᠯᠳᠦᠬᠦ ᠶᠢ ᠬᠠᠮᠠᠭᠠᠯᠠᠵᠤ᠂ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠦᠨ᠎ᠡ᠃ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠶᠢ ᠴᠢᠩᠭ᠎ᠠ ᠴᠠᠭᠠᠵᠠᠯᠠᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠢᠯᠭᠠᠷᠠᠭᠤᠯᠤᠨ ᠲᠢᠭᠯᠡᠬᠦ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠣᠷᠣᠨ ᠨᠤᠲᠤᠭ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠢᠭᠯᠡᠯᠲᠦ ᠴᠢᠨᠠᠷᠲᠠᠢ ᠪᠠᠷ ᠨᠡᠶᠢᠲᠡᠯᠡᠬᠦ ᠶᠢ ᠵᠣᠷᠢᠭᠵᠢᠭᠤᠯᠵᠤ ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠥᠪᠡᠷ ᠤᠨ ᠦᠷᠳᠡᠭ ᠨᠡᠮᠡᠭᠳᠡᠬᠦ ᠳᠠᠷᠤᠯᠲᠠ ᠶᠢ ᠬᠥᠩᠭᠡᠷᠡᠭᠦᠯᠦᠨ᠎ᠡ᠃ ᠭᠤᠷᠪᠠ ᠳᠤ᠂ ᠦᠶᠡᠯᠡᠯ ᠠᠯᠤᠰᠯᠠᠨ ᠲᠣᠬᠢᠷᠠᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠥᠭᠴᠡᠭᠡᠨ ᠤ ᠦᠢᠯᠡᠳᠦᠯ ᠢ ᠪᠠᠳᠠᠷᠠᠭᠤᠯᠤᠨ ᠪᠦᠲᠦᠮᠵᠢᠲᠡᠶ ᠪᠡᠯᠡ ᠣᠷᠤᠭᠤᠯᠤᠯᠲᠠ ᠶᠢ ᠥᠷᠭᠡᠳᠬᠡᠨ᠎ᠡ᠃ ᠤᠯᠠᠨ ᠤᠯᠤᠰ ᠤᠨ ᠣᠷᠴᠢᠨ ᠠᠬᠤᠶ ᠶᠢᠨ ᠬᠤᠪᠢᠷᠠᠯᠲᠠ ᠪᠠ ᠪᠣᠳᠠᠲᠤ ᠴᠣᠭᠴᠠᠲᠤ ᠠᠵᠤ ᠠᠬᠤᠶ ᠶᠢ ᠬᠥᠭᠵᠢᠭᠦᠯᠬᠦ ᠬᠡᠷᠡᠭᠴᠡᠭᠡ ᠶᠢ ᠦᠨᠳᠦᠰᠦᠯᠡᠨ᠂ ᠲᠦᠷᠦ ᠶᠢᠨ ᠪᠤᠳᠤᠯᠭ᠎ᠠ ᠶᠢᠨ ᠨᠥᠭᠡᠴᠡᠯᠡᠯ ᠢ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠬᠡᠰᠡᠭ ᠲᠦᠷᠦ ᠶᠢᠨ ᠪᠤᠳᠤᠯᠭ᠎ᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭᠠᠬᠢ ᠵᠠᠯᠭᠠᠮᠵᠢ ᠲᠦᠷᠦ ᠶᠢᠨ ᠪᠤᠳᠤᠯᠭ᠎ᠠ ᠶᠢ ᠰᠤᠳᠤᠯᠬᠤ ᠪᠠ ᠴᠠᠭ ᠲᠤᠬᠠᠢ ᠳᠤ ᠎ ᠨᠢ ᠨᠡᠶᠢᠲᠡᠯᠡᠵᠦ᠂ ᠬᠦᠴᠢᠷᠳᠡᠯ ᠪᠠ ᠥᠷᠢᠰᠥᠯᠳᠦᠭᠡᠨ ᠢ ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠪᠠ ᠠᠵᠢᠯ ᠣᠯᠣᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ ᠭᠡᠵᠦ ᠵᠢᠭᠠᠵᠤ ᠭᠠᠷᠭᠠᠪᠠ᠃      ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠤᠨ ᠬᠤᠶᠢᠰᠢᠳᠠ ᠶᠢᠨ ᠵᠣᠪᠠᠨᠢᠯ ᠢ ᠨᠡᠩ ᠰᠠᠶᠢᠲᠤᠷ ᠨᠠᠮᠳᠠᠭᠤᠯᠵᠤ᠂ ᠲᠡᠳᠡᠨ ᠢ ᠬᠠᠪᠰᠤᠷᠴᠤ ᠰᠠᠨᠠᠭ᠎ᠠ ᠠᠮᠤᠷ ᠰᠤᠷᠤᠯᠴᠠᠭᠤᠯᠵᠤ᠂ ᠰᠤᠷᠤᠯᠭ᠎ᠠ ᠳᠤ ᠪᠠᠨ ᠠᠮᠵᠢᠯᠲᠠ ᠣᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢᠨ ᠲᠥᠯᠥᠭᠡ᠂ ᠬᠤᠷᠠᠯ ᠳᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢ ᠤᠯᠠᠮ ᠲᠡᠭᠦᠯᠳᠡᠷᠵᠢᠭᠦᠯᠬᠦ ᠪᠠᠷ ᠲᠣᠭᠲᠠᠭᠠᠪᠠ᠃ ᠨᠢᠭᠡ ᠳᠤ᠂ ᠡᠨᠡ ᠵᠢᠯ ᠤᠨ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠵᠢᠭᠡᠯᠡᠯᠭᠡ ᠶᠢᠨ ᠲᠤᠭ᠎ᠠ ᠶᠢ ᠳᠡᠭᠡᠭᠰᠢᠯᠡᠭᠦᠯᠵᠦ᠂ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠨᠢᠭᠡᠪᠦᠷᠢ ᠶᠢᠨ ᠵᠢᠯ ᠪᠦᠷᠢ ᠶᠢᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠶᠢ 8000 ᠲᠥᠭᠦᠷᠢᠭ ᠪᠠᠶᠢᠭᠰᠠᠨ ᠠᠴᠠ 12000 ᠲᠥᠭᠦᠷᠢᠭ ᠪᠣᠯᠭᠠᠨ ᠳᠡᠭᠡᠭᠰᠢᠯᠡᠭᠦᠯᠵᠦ᠂ ᠰᠤᠳᠤᠯᠬᠤ ᠰᠣᠷᠣᠭᠴᠢ ᠶᠢᠨ ᠬᠢ ᠶᠢ 12000 ᠲᠥᠭᠦᠷᠢᠭ ᠪᠠᠶᠢᠭᠰᠠᠨ ᠠᠴᠠ 16000 ᠲᠥᠭᠦᠷᠢᠭ ᠪᠣᠯᠭᠠᠨ ᠳᠡᠭᠡᠭᠰᠢᠯᠡᠭᠦᠯᠵᠦ᠂ ᠡᠳ᠋ ᠤᠨ ᠵᠠᠰᠠᠭ ᠰᠣᠷᠣᠭᠴᠢ ᠶᠢᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠵᠢᠭᠡᠯᠡᠯᠭᠡ ᠶᠢᠨ ᠬᠦᠤ ᠮᠥᠩᠭᠦ ᠳᠤ ᠪᠥᠬᠦ ᠲᠣᠭᠠᠨ ᠤ ᠨᠥᠬᠦᠪᠥᠷᠢ ᠥᠭᠬᠦ ᠶᠢ ᠬᠡᠷᠡᠭᠵᠢᠭᠦᠯᠦᠨ᠎ᠡ᠃ ᠬᠤᠶᠠᠷ ᠲᠤ᠂ ᠡᠳ᠋ ᠤᠨ ᠵᠠᠰᠠᠭ ᠦᠷᠭᠦᠯᠵᠢᠯᠡᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠳᠠᠭᠠᠭᠠᠨ ᠭᠦᠢᠴᠡᠳᠬᠡᠵᠦ ᠪᠠᠶᠢᠭ᠎ᠠ ᠪᠠᠩᠬᠢ ᠳᠤ ᠵᠣᠬᠢᠬᠤ ᠬᠠᠷᠢᠴᠠᠯ ᠤᠨ ᠲᠦᠭᠰᠢᠭᠦᠷᠢ ᠶᠢᠨ ᠨᠥᠬᠦᠪᠥᠷᠢ ᠥᠭᠬᠦ ᠶᠢᠨ ᠬᠠᠮᠲᠤ ᠨᠥᠬᠦᠪᠥᠷᠢ ᠶᠢᠨ ᠬᠠᠷᠢᠴᠠᠯ ᠢ ᠵᠣᠬᠢᠰᠲᠠᠶ ᠪᠠᠷ ᠳᠣᠷᠣᠭᠰᠢᠯᠠᠭᠤᠯᠤᠨ᠎ᠠ᠃ ᠭᠤᠷᠪᠠ ᠳᠤ᠂ ᠰᠤᠷᠤᠭᠴᠢᠳ ᠢ ᠠᠵᠢᠯᠴᠢ ᠠᠷᠪᠢᠴᠢ᠂ ᠴᠢᠷᠮᠠᠶᠢᠨ ᠰᠤᠷᠤᠯᠴᠠᠵᠤ᠂ ᠰᠣᠷᠣᠭᠰᠠᠨ ᠢᠶᠠᠨ ᠬᠡᠷᠡᠭᠯᠡᠵᠦ ᠶᠢ ᠬᠥᠲᠥᠯᠥᠨ ᠵᠢᠯᠣᠭᠤᠳᠴᠤ᠂ ᠠᠵᠢᠯ ᠤᠯᠬᠤ ᠪᠠ ᠤᠯᠤᠰ ᠣᠷᠣᠨ ᠳᠤ ᠪᠠᠨ ᠬᠦᠴᠦ ᠪᠠᠨ ᠡᠷᠭᠦᠬᠦ᠂ ᠨᠡᠶᠢᠭᠡᠮ ᠳᠤ ᠦᠢᠯᠡᠴᠢᠯᠡᠬᠦ ᠴᠢᠳᠠᠪᠤᠷᠢ ᠶᠢ ᠨᠢ ᠨᠡᠮᠡᠭᠳᠡᠭᠦᠯᠦᠨ᠎ᠡ᠃ ᠰᠤᠷᠭᠠᠭᠤᠯᠢ ᠨᠤᠭᠤᠳ ᠴᠤ ᠰᠤᠷᠤᠭᠴᠢᠳ ᠲᠤ ᠠᠵᠢᠯ ᠢᠶᠠᠷ ᠰᠤᠷᠤᠯᠭ᠎ᠠ ᠪᠠᠨ ᠲᠡᠳᠬᠦᠬᠦ ᠨᠡᠩ ᠤᠯᠠᠨ ᠲᠣᠬᠢᠶᠠᠯ ᠣᠯᠭᠤᠬᠤ ᠪᠠᠷ ᠴᠢᠷᠮᠠᠶᠢᠬᠤ ᠬᠡᠷᠡᠭᠲᠡᠶ᠃      ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠨᠢ ᠠᠷᠠᠳ ᠤᠯᠠᠨ ᠤ ᠪᠡᠶ᠎ᠡ ᠶᠢᠨ ᠡᠷᠡᠭᠦᠯ ᠮᠡᠨᠳᠦ ᠳᠤ ᠬᠤᠯᠪᠣᠭᠳᠠᠳᠠᠭ᠃ ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾᠎ ᠶᠢ ᠪᠠᠲᠤᠯᠠᠪᠠ᠃ ᠲᠥᠰᠦᠯ ᠳᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠪᠥᠬᠦ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠤᠯᠠᠮ ᠴᠢᠩᠭᠠᠳᠬᠠᠪᠠ᠃ ᠦᠢᠯᠡᠳᠪᠦᠷᠢᠯᠡᠭᠴᠢ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠨᠡᠬᠡᠮᠵᠢᠯᠡᠬᠦ ᠳᠦᠷᠢᠮ ᠢ ᠪᠠᠶᠢᠭᠤᠯᠪᠠ᠃ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠨᠡᠬᠡᠮᠵᠢᠯᠡᠵᠦ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠵᠠᠯᠬᠠᠭᠠᠨ ᠰᠢᠢᠳᠬᠡᠬᠦ ᠡᠷᠴᠢᠮ ᠢ ᠶᠡᠭᠡ ᠪᠠᠷ ᠴᠢᠩᠭᠠᠷᠠᠭᠤᠯᠪᠠ᠃ ᠬᠤᠷᠠᠯ ᠳᠤ ᠡᠨᠡ ᠲᠥᠰᠦᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠭᠤᠯᠬᠤ ᠪᠠᠷ ᠲᠣᠭᠲᠠᠪᠠ᠃      ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号