| | | | 9 ᠰᠠᠷ᠎ᠠ ᠶᠢᠨ 3 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠵᠢᠷᠭᠤᠳᠤᠭᠠᠷ | ᠬᠤᠭᠤᠴᠠᠭᠠᠨ ᠤ ᠳᠣᠷᠣᠨᠠᠳᠠᠬᠢᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠪᠦᠬᠦᠳᠡ ᠬᠤᠷᠠᠯ ᠤᠨ | ᠡᠬᠢᠯᠡᠯᠲᠡ ᠶᠢᠨ ᠶᠣᠰᠣᠯᠠᠯ ᠳᠤ ᠸᠢᠳᠢᠣ᠋ ᠭᠡᠯᠪᠡᠷᠢ ᠪᠠᠷ ᠣᠷᠣᠯᠴᠠᠵᠤ ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠡ ᠰᠡᠬᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ | ᠰᠢ ᠶᠢᠨ ᠫᠢᠩ 9 ᠰᠠᠷ᠎ᠠ ᠶᠢᠨ 3 ᠤ ᠡᠳᠦᠷ ᠤᠷᠢᠯᠭ᠎ᠠ ᠪᠠᠷ ᠵᠢᠷᠭᠤᠳᠤᠭᠠᠷ ᠬᠤᠭᠤᠴᠠᠭᠠᠨ ᠤ ᠳᠣᠷᠣᠨᠠᠳᠠᠬᠢᠨ ᠤ ᠠᠵᠤ | ᠠᠬᠤᠢ ᠶᠢᠨ ᠶᠠᠷᠢᠶᠠᠨ ᠤ ᠲᠠᠪᠴᠠᠩ ᠤᠨ ᠪᠦᠬᠦᠳᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠸᠢᠳᠢᠣ᠋ ᠭᠡᠯᠪᠡᠷᠢ ᠪᠠᠷ | ᠣᠷᠣᠯᠴᠠᠵᠤ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠡᠨᠡ ᠡᠳᠤᠷ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ | ᠲᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 76 ᠵᠢᠯ ᠤᠨ ᠣᠶ ᠶᠢᠨ | ᠳᠤᠷᠠᠰᠬᠠᠯ ᠤᠨ ᠡᠳᠦᠷ ᠪᠣᠯᠤᠨ᠎ᠠ᠃ ᠳᠡᠯᠡᠬᠡᠢ ᠨᠡᠶᠢᠭᠡᠮ ᠢᠶᠠᠷ ᠢᠶᠠᠨ ᠳᠡᠯᠡᠬᠡᠢ ᠶᠢᠨ ᠬᠤᠶᠠᠳᠤᠭᠠᠷ ᠲᠠᠶᠢᠨ ᠤ | ᠢᠯᠠᠯᠲᠠ ᠶᠢᠨ ᠦᠷ᠎ᠡ ᠪᠦᠲᠦᠭᠡᠯ ᠢ ᠡᠷᠡᠰ ᠬᠠᠮᠠᠭᠠᠯᠠᠵᠤ᠂ ᠲᠡᠦᠬᠡ ᠶᠢᠨ ᠦᠨᠡᠨ ᠪᠠᠶᠢᠳᠠᠯ ᠢ ᠬᠠᠮᠠᠭᠠᠯᠠᠵᠤ᠂ ᠲᠡᠦᠬᠡ ᠪᠠᠷ | ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠪᠡᠯ ᠵᠤᠬᠢᠨ᠎ᠠ᠃ ᠡᠨᠡ ᠵᠢᠯ ᠤᠨ 6 ᠰᠠᠷ᠎ᠠ ᠳᠤ᠂ ᠪᠢ ᠶᠡᠷᠦᠩᠬᠡᠶᠢᠯᠡᠭᠴᠢ | ᠫᠦᠲ᠋ᠢᠨ ᠲᠠᠢ ᠸᠢᠳᠢᠣ᠋ ᠪᠠᠷ ᠠᠭᠤᠯᠵᠠᠯᠲᠠ ᠬᠢᠵᠦ ︽ᠳᠤᠮᠳᠠᠳᠤ ᠤᠷᠤᠰ ᠤᠨ ᠨᠠᠶᠢᠷᠰᠠᠭ ᠬᠥᠷᠰᠢ ᠶᠢᠨ ᠨᠥᠬᠦᠷᠰᠡᠭ | ᠬᠠᠮᠲᠤᠷᠠᠯᠴᠠᠭᠠᠨ ᠤ ᠭᠡᠷ᠎ᠡ︾ ᠶᠢᠨ ᠬᠤᠭᠤᠴᠠᠭ᠎ᠠ ᠶᠢ ᠤᠷᠳᠤᠳᠬᠠᠨ᠎ᠠ ᠭᠡᠵᠦ ᠬᠠᠮᠲᠤ ᠪᠠᠷ ᠨᠡᠶᠢᠲᠡᠯᠡᠵᠦ᠂ ᠳᠤᠮᠳᠠᠳᠤ | ᠤᠷᠤᠰ ᠤᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠣᠯᠤᠨ ᠪᠦᠬᠦ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠴᠢᠩᠭᠠᠳᠬᠠᠬᠤ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠢ ᠬᠠᠮᠲᠤ ᠶᠢᠨ ᠰᠢᠨ᠎ᠠ | ᠲᠠᠨᠢᠯᠲᠠ ᠲᠠᠢ ᠪᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠴᠠᠭ᠎ᠠ ᠬᠥᠳᠡᠯᠭᠡᠭᠴᠢ ᠬᠦᠴᠦᠨ ᠢᠶᠠᠷ ᠭᠦᠢᠴᠡᠳ᠂ ᠠᠯᠤᠰ | ᠢᠷᠡᠭᠡᠳᠦᠢ ᠭᠡᠭᠡᠨ ᠰᠠᠷᠠᠭᠤᠯ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠴᠢᠬᠤᠯᠠᠴᠢᠯᠠᠬᠤ ᠳᠠᠭᠠᠨ᠂ ᠣᠳᠣᠬᠠᠨ ᠳᠤ ᠳᠡᠯᠡᠬᠡᠶ ᠶᠢᠨ ᠪᠠᠶᠢᠷᠢᠰᠢᠯ ᠳᠤ ᠭᠦᠨᠵᠡᠭᠡᠶ | ᠬᠤᠪᠢᠰᠤᠯᠲᠠ ᠭᠠᠷᠴᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠣᠭᠲᠠᠭᠤᠨ ᠪᠤᠰᠤ | ᠪᠠᠶᠢᠵᠤ᠂ ᠳᠡᠯᠡᠬᠡᠶ ᠶᠢᠨ ᠠᠵᠤ ᠠᠬᠤᠶ ᠶᠢᠨ ᠰᠡᠷᠬᠦᠯᠳᠠ ᠬᠦᠴᠢᠷᠳᠡᠵᠦ ᠪᠠᠶᠢᠨ᠎ᠠ᠃ ᠵᠡᠭᠦᠨ ᠬᠤᠶᠢᠲᠤ ᠠᠽᠢᠶ᠎ᠠ ᠶᠢᠨ | ᠣᠷᠣᠨ ᠪᠦᠰᠡ ᠶᠢᠨ ᠬᠠᠮᠲᠤᠷᠠᠯᠴᠠᠭ᠎ᠠ ᠳᠤ ᠬᠦᠨᠳᠦ ᠬᠡᠴᠡᠭᠦᠦ ᠥᠷᠢᠰᠥᠯᠳᠦᠭᠡᠨ ᠲᠤᠯᠭᠠᠷᠠᠵᠤ ᠪᠠᠶᠢᠬᠤ ᠮᠥᠷᠲᠡᠭᠡᠨ | ᠪᠠᠰᠠ ᠴᠢᠬᠤᠯᠠ ᠠᠵᠠ ᠲᠣᠬᠢᠶᠠᠯ ᠲᠤᠯᠭᠠᠷᠠᠵᠤ ᠪᠠᠶᠢᠨ᠎ᠠ᠃ ᠡᠯ᠎ᠡ ᠲᠠᠯ᠎ᠠ ᠶᠢᠨ ᠬᠢᠨ ᠭᠠᠵᠠᠷ ᠣᠷᠣᠨ ᠳᠠᠭᠠᠨ | ᠰᠠᠭᠤᠷᠢᠯᠠᠵᠤ᠂ ᠳᠡᠯᠡᠬᠡᠢ ᠳ᠋ᠠᠬᠢᠨ ᠢ ᠪᠠᠷᠠᠯᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠥᠭᠵᠢᠯᠲᠡ ᠶᠢ | ᠬᠠᠮᠲᠤ ᠪᠠᠷ ᠰᠦᠪᠡᠭᠴᠢᠯᠡᠪᠡᠯ ᠵᠣᠬᠢᠨ᠎ᠠ᠃ | ᠪᠢᠳᠡ ᠬᠢᠵᠢᠭ ᠤᠨ ᠪᠠᠶᠢᠳᠠᠯ ᠤᠨ ᠥᠷᠢᠰᠥᠯᠳᠦᠭᠡᠨ ᠢ ᠠᠷᠭᠠᠴᠠᠭᠠᠬᠤ ᠲᠠᠯ᠎ᠠ ᠪᠠᠷ ᠬᠠᠷᠢᠯᠴᠠᠨ ᠬᠠᠪᠰᠤᠷᠤᠯᠴᠠᠵᠤ | ᠂ ᠸᠠᠺᠼᠢᠨ ᠢ ᠰᠤᠳᠤᠯᠤᠨ ᠨᠡᠭᠡᠭᠡᠬᠦ᠂ ᠦᠢᠯᠡᠳᠪᠤᠷᠢᠯᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠯᠡᠬᠡᠶ | ᠨᠡᠶᠢᠭᠡᠮ ᠳᠤ ᠣᠯᠠᠨ ᠨᠡᠶᠢᠲᠡ ᠶᠢᠨ ᠦᠶᠯᠡᠳᠬᠦᠨ ᠢ ᠨᠡᠩ ᠤᠯᠠᠨ ᠬᠠᠩᠭᠠᠵᠤ᠂ ᠸᠠᠺᠼᠢᠨ ᠪᠣᠯᠤᠨ ᠸᠢᠷᠦ᠋ᠰ ᠤᠨ ᠡᠬᠢ | ᠡᠭᠦᠰᠦᠯ ᠢ ᠡᠷᠢᠬᠦ ᠠᠰᠠᠭᠤᠳᠠᠯ ᠢ ᠤᠯᠤᠰ ᠲᠥᠷᠥᠴᠢᠯᠡᠬᠦ ᠶᠢ ᠡᠷᠡᠰ ᠡᠰᠡᠷᠭᠦᠴᠡᠵᠦ᠂ ᠬᠥᠮᠦᠨ ᠲᠥᠷᠥᠯᠬᠢᠲᠡᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠶ᠎ᠠ᠃ | ᠪᠢᠳᠡ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠧᠦ᠋ᠷᠣᠫᠠ ᠠᠽᠢᠶ᠎ᠠ ᠶᠢᠨ ᠠᠵᠤ ᠠᠬᠤᠶ ᠶᠢᠨ | ᠬᠤᠯᠪᠣᠭ᠎ᠠ ᠲᠠᠢ ᠵᠣᠯᠭᠠᠭᠤᠯᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠠᠵᠤ ᠠᠬᠤᠶ ᠶᠢᠨ | ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠵᠦ᠂ ᠪᠥᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ | ᠬᠠᠮᠲᠤ ᠪᠠᠷ ᠠᠷᠭᠠᠴᠠᠭᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠶ᠎ᠠ᠃ | ᠪᠢᠳᠡ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠯ᠎ᠠ ᠪᠠᠷ ᠬᠠᠮᠳᠤᠷᠠᠯ | ᠬᠦᠴᠦᠨ ᠢ ᠪᠦᠷᠢᠯᠳᠦᠭᠦᠯᠵᠦ᠂ ᠶᠠᠷᠢᠯᠴᠠᠭ᠎ᠠ ᠤᠯᠤᠯᠴᠠᠭ᠎ᠠ ᠪᠠᠷ ᠳᠠᠮᠵᠢᠭᠤᠯᠤᠨ ᠵᠥᠷᠢᠯᠳᠦᠭᠡᠨ ᠢᠶᠠᠨ ᠰᠢᠢᠳᠪᠤᠷᠢᠯᠡᠵᠦ᠂ | ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ | ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠤᠢ ᠪᠣᠯᠭᠠᠵᠤ᠂ ᠡᠶ᠎ᠡ ᠵᠣᠬᠢᠴᠠᠩᠭᠤᠢ ᠠᠮᠤᠷ ᠲᠠᠶᠢᠪᠤᠩ | ᠬᠠᠮᠲᠤ ᠶᠢᠨ ᠭᠡᠷ ᠣᠷᠣᠨ ᠢ ᠭᠠᠷ ᠬᠤᠯᠪᠣᠨ ᠪᠦᠳᠦᠭᠡᠨ ᠪᠠᠶᠢᠭᠤᠯᠤᠶ᠎ᠠ ᠬᠡᠪᠡ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ | ᠵᠢᠯ ᠤᠨ ᠤᠢ ᠪᠣᠯᠤᠨ᠎ᠠ᠂ ᠳᠤᠮᠳᠠᠳᠤ ᠤᠯᠤᠰ ᠨᠢᠭᠡᠨᠲᠡ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠪᠡ᠃ ᠳᠤᠮᠳᠠᠳᠤ ᠤᠯᠤᠰ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠵᠢᠩᠬᠢᠨᠢ ᠣᠯᠠᠨ ᠲᠠᠯᠠᠲᠤ ᠦᠵᠡᠯ ᠢ ᠪᠠᠷᠢᠮᠲᠠᠯᠠᠵᠤ᠂ ᠢᠲᠡᠭᠡᠯ ᠢ | ᠡᠷᠬᠢᠮᠯᠡᠨ ᠡᠪ ᠨᠠᠶᠢᠷ ᠢ ᠵᠠᠰᠠᠵᠤ᠂ ᠬᠠᠮᠳᠤᠷᠠᠯᠴᠠᠨ ᠬᠠᠮᠳᠤ ᠪᠠᠷ ᠠᠰᠢᠬ ᠬᠦᠷᠳᠡᠵᠦ᠂ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠳᠤ ᠴᠣᠭᠴᠠ ᠶᠢ ᠪᠠᠶᠢᠭᠤᠯᠬᠤ ᠶᠢ ᠠᠬᠢᠭᠤᠯᠬᠤ ᠬᠠᠷᠠᠯᠲᠠ ᠲᠡᠶᠢᠰᠢ ᠯᠠᠪᠳᠠᠭᠤᠨ ᠢᠶᠠᠷ | ᠤᠷᠤᠭᠰᠢᠯᠠᠨ᠎ᠠ ᠭᠡᠵᠦ ᠵᠢᠭᠠᠵᠤ ᠭᠠᠷᠭᠠᠪᠠ᠃ | ᠵᠢᠷᠭᠤᠳᠤᠭᠠᠷ ᠬᠤᠭᠤᠴᠠᠭᠠᠨ ᠤ ᠳᠣᠷᠣᠨᠠᠳᠠᠬᠢᠨ ᠤ ᠠᠵᠤ ᠠᠬᠤᠢ ᠶᠢᠨ ᠶᠠᠷᠢᠶᠠᠨ ᠤ ᠲᠠᠪᠴᠠᠩ 9 ᠰᠠᠷ᠎ᠠ ᠶᠢᠨ | 2 ᠠᠴᠠ 4 ᠤ ᠡᠳᠦᠷ ᠪᠣᠯᠲᠠᠯ᠎ᠠ ᠤᠷᠤᠰ ᠤᠨ ᠸᠯᠠᠳᠢᠸᠥᠰᠲ᠋ᠤᠺ ᠲᠤ ᠶᠠᠪᠤᠭᠳᠠᠨ᠎ᠠ᠂ ᠶᠠᠷᠢᠶᠠᠨ ᠤ ᠲᠠᠪᠴᠠᠩ ᠨᠢ ︽ | ᠳᠡᠯᠡᠬᠡᠢ ᠶᠢᠨ ᠬᠤᠪᠢᠰᠤᠯᠲᠠ ᠶᠢᠨ ᠠᠬᠤᠢ ᠪᠠᠶᠢᠳᠠᠯ ᠳᠣᠣᠷᠠᠬᠢ ᠠᠯᠤᠰ ᠳᠣᠷᠣᠨᠠᠲᠤ ᠶᠢᠨ ᠰᠢᠨ᠎ᠡ ᠠᠵᠠ ᠲᠣᠬᠢᠶᠠᠯ︾ | ᠢᠶᠠᠷ ᠭᠤᠤᠯ ᠰᠡᠳᠦᠪ ᠢᠶᠠᠨ ᠪᠤᠯᠭᠠᠪᠠ᠃ | | | | |