| ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 2 ᠤᠨ ᠴᠠᠬᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 2 ᠤᠨ ᠤᠷᠤᠢ 2021 ᠣᠨ ᠤ ᠳᠤᠮᠳᠠᠳᠤ ᠤᠯᠤᠰ ᠤᠨ ᠤᠯᠠᠨ ᠤᠯᠤᠰ ᠤᠨ | ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠤ ᠪᠦᠬᠦ ᠪᠥᠮᠪᠥᠷᠴᠡᠭ ᠤᠨ ᠦᠢᠯᠡᠴᠢᠯᠡᠭᠡᠨ ᠤ ᠠᠷᠠᠯᠵᠢᠶᠠᠨ ᠤ | ᠲᠦᠷᠦᠭᠦᠴᠦᠳ ᠤᠨ ᠬᠤᠷᠠᠯ ᠳᠡᠭᠡᠷ᠎ᠡ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠦᠢᠯᠡᠴᠢᠯᠡᠭᠡᠨ ᠤ ᠠᠷᠠᠯᠵᠢᠶ᠎ᠠ ᠪᠣᠯ ᠣᠯᠠᠨ ᠤᠯᠤᠰ ᠤᠨ ᠠᠷᠠᠯᠵᠢᠶᠠᠨ ᠤ ᠴᠢᠬᠤᠯᠠ | ᠪᠦᠷᠢᠯᠳᠦᠬᠦᠨ ᠬᠡᠰᠡᠭ ᠪᠦᠭᠡᠳ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠴᠢᠬᠤᠯᠠ | ᠬᠦᠷᠢᠶ᠎ᠡ ᠮᠥᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠤᠭᠴᠠᠯᠠᠬᠤ ᠳᠤᠮᠳᠠ ᠴᠢᠬᠤᠯᠠ ᠦᠢᠯᠡᠳᠦᠯ ᠲᠠᠢ ᠶᠤᠮ᠃ | ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠨᠡᠭᠡᠭᠡᠯᠲᠡ ᠬᠢᠵᠦ ᠬᠠᠮᠲᠤᠷᠠᠯᠴᠠᠬᠤ᠂ | ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠠᠷᠢᠮᠲᠠᠯᠠᠵᠤ᠂ ᠦᠢᠯᠡᠴᠢᠯᠡᠭᠡᠨ ᠤ ᠠᠷᠠᠯᠵᠢᠶᠠᠨ ᠤ | ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠪᠠ | ᠨᠡᠮᠡᠭᠳᠡᠯ ᠢ ᠬᠠᠮᠲᠤ ᠪᠠᠷ ᠠᠬᠢᠭᠤᠯᠤᠨ᠎ᠠ ᠭᠡᠵᠤ ᠵᠢᠭᠠᠵᠤ ᠭᠠᠷᠭᠠᠪᠠ᠃ | | | | 9 ᠰᠠᠷ᠎ᠠ ᠶᠢᠨ 2 ᠤᠨ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 2021 ᠣᠨ ᠤ ᠳᠤᠮᠳᠠᠳᠤ | ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠤ ᠪᠦᠬᠦ ᠪᠥᠮᠪᠥᠷᠴᠡᠭ ᠤᠨ | ᠦᠢᠯᠡᠴᠢᠯᠡᠭᠡᠨ ᠤ ᠠᠷᠠᠯᠵᠢᠶᠠᠨ ᠤ ᠲᠦᠷᠦᠭᠦᠴᠦᠳ ᠤᠨ ᠬᠤᠷᠠᠯ ᠳᠡᠭᠡᠷ᠎ᠡ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠬᠦᠳᠡᠷᠯᠡᠪᠡ | ᠰᠢ ᠶᠢᠨ ᠫᠢᠩ᠂ ᠳᠤᠮᠳᠠᠳᠤ ᠤᠯᠤᠰ ᠨᠡᠬᠡᠬᠡᠯᠳᠡ ᠬᠢᠬᠦ ᠲᠦᠪᠰᠢᠨ ᠢᠶᠠᠨ ᠳᠡᠭᠡᠭᠰᠢᠯᠡᠭᠦᠯᠵᠦ᠂ ᠪᠦᠬᠦ | ᠤᠯᠤᠰ ᠲᠤ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ | ᠬᠡᠷᠡᠭᠵᠢᠭᠦᠯᠬᠦ ᠶᠢ ᠠᠬᠢᠭᠤᠯᠵᠤ᠂ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠰᠢᠨ᠎ᠡ ᠶᠢ ᠡᠭᠦᠳᠬᠦ | ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠰᠦᠪᠡᠭᠴᠢᠯᠡᠨ ᠪᠠᠶᠢᠭᠤᠯᠤᠨ᠎ᠠ︔ ᠬᠠᠮᠲᠤᠷᠠᠯᠴᠠᠭᠠᠨ ᠤ ᠣᠷᠣᠨ | ᠵᠠᠢ ᠶᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠤᠯᠤᠰ ᠤᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠡᠯᠡᠬᠡᠢ ᠳ᠋ᠠᠬᠢᠨ ᠯᠤᠭ᠎ᠠ | ᠳᠤᠮᠳᠠᠳᠤ ᠤᠯᠤᠰ ᠤᠨ ᠮᠡᠷᠭᠡᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ︔ | ᠦᠢᠯᠡᠴᠢᠯᠡᠭᠡᠨ ᠤ ᠬᠦᠷᠢᠶᠡᠨ ᠤ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠡᠭᠡᠵᠢᠩ ᠵᠡᠷᠭᠡ ᠭᠠᠵᠠᠷ ᠲᠤ | ᠤᠯᠠᠨ ᠤᠯᠤᠰ ᠤᠨ ᠥᠨᠳᠥᠷ ᠲᠦᠪᠰᠢᠨ ᠪᠦᠬᠦᠢ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ ᠲᠦᠷᠢᠮ ᠲᠠᠢ | ᠵᠤᠯᠭᠠᠭᠤᠯᠬᠤ ᠠᠵᠢᠯ ᠢ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠶᠢ ᠲᠡᠮᠵᠢᠵᠤ᠂ ᠲᠣᠭᠠᠴᠢᠯᠠᠭᠰᠠᠨ | ᠠᠷᠠᠯᠵᠢᠶᠠᠨ ᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ︔ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ | ᠡᠭᠦᠳᠦᠨ ᠬᠥᠭᠵᠢᠬᠦ ᠶᠢ ᠦᠷᠭᠦᠯᠵᠢᠯᠡᠨ ᠳᠡᠮᠵᠢᠵᠦ᠂ ᠪᠦᠬᠦ ᠤᠯᠤᠰ ᠤᠨ ᠴᠢᠨᠠᠷᠳᠠᠢ ᠦᠨᠡᠳᠦ ᠲᠡᠮᠳᠡᠭᠳᠤ | ᠠᠷᠠᠯᠵᠢᠶᠠᠯᠠᠬᠤ ᠭᠤᠷᠪᠠᠳᠡᠬᠢ ᠲᠠᠯᠠᠪᠤᠷ ᠭᠠᠵᠠᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠡᠭᠡᠵᠢᠩ ᠤᠨ | ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠢ ᠪᠠᠶᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠳᠤ ᠦᠢᠯᠡᠴᠢᠯᠡᠬᠦ ᠭᠤᠣᠯ ᠵᠢᠭᠰᠠᠭᠠᠯ ᠤᠨ ᠭᠠᠵᠠᠷ ᠢ ᠪᠠᠶᠢᠭᠤᠯᠤᠨ᠎ᠠ ᠭᠡᠵᠤ ᠴᠢᠬᠤᠯᠠᠴᠢᠯᠠᠪᠠ᠃ | ᠰᠢ ᠶᠢᠨ ᠫᠢᠩ᠂ ᠪᠢᠳᠡ ᠭᠠᠷ ᠬᠤᠯᠪᠣᠯᠴᠠᠨ ᠬᠢᠵᠢᠭ ᠲᠠᠢ ᠲᠡᠮᠡᠴᠡᠵᠦ᠂ ᠴᠠᠭ ᠤᠨ ᠪᠡᠷᠬᠡ ᠶᠢ ᠬᠠᠮᠲᠤ ᠪᠠᠷ | ᠳᠤᠭᠤᠯᠵᠤ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠥᠷᠳᠡᠬᠦ ︽ᠠᠯᠲᠠᠨ | ᠲᠦᠯᠬᠢᠭᠦᠷ︾ ᠢᠶᠠᠷ ᠣᠳᠣᠬᠠᠨ ᠤ ᠳᠡᠯᠡᠬᠡᠶ ᠶᠢᠨ ᠠᠵᠤ ᠠᠬᠤᠶ᠂ ᠣᠯᠠᠨ ᠤᠯᠤᠰ ᠤᠨ ᠠᠷᠠᠯᠵᠢᠶ᠎ᠠ ᠪᠣᠯᠤᠨ ᠪᠠᠯᠠ | ᠣᠷᠣᠭᠤᠯᠤᠯᠲᠠ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠳᠠᠯᠠᠵᠤ᠂ ᠨᠠᠩ ᠰᠠᠶᠢᠨ ᠰᠠᠶᠢᠬᠠᠨ | ᠢᠷᠡᠭᠡᠳᠦᠶ ᠶᠢ ᠬᠠᠮᠲᠤ ᠪᠠᠷ ᠴᠣᠭᠴᠠᠯᠠᠰᠤᠭᠠᠢ ᠭᠡᠵᠤ ᠵᠢᠭᠠᠵᠤ ᠭᠠᠷᠭᠠᠵᠠᠢ᠃ | 2021 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ | 9 ᠰᠠᠷ᠎ᠠ ᠶᠢᠨ 2 ᠠᠴᠠ 7 ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠵᠦ᠂ ︽ᠲᠤᠭᠠᠴᠢᠯᠠᠯᠳᠠ ᠪᠠᠷ ᠢᠷᠡᠭᠡᠳᠦᠢ ᠶᠢ | ᠨᠡᠭᠡᠭᠡᠵᠦ᠂ ᠦᠢᠯᠡᠴᠢᠯᠡᠭᠡ ᠪᠠᠷ ᠬᠥᠭᠵᠢᠯᠲᠡ ᠶᠢ ᠠᠬᠢᠭᠤᠯᠤᠶ᠎ᠠ︾ ᠪᠠᠷ ᠭᠤᠣᠯ ᠰᠡᠳᠦᠪ ᠪᠤᠯᠭᠠᠭᠰᠠᠨ ᠪᠠᠶᠢᠨ᠎ᠠ᠃ | | | | |