| ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 3 ᠤ | ᠡᠳᠦᠷ ᠸᠢᠳᠢᠣ᠋ ᠪᠠᠷ ᠳᠣᠯᠣᠳᠤᠭᠠᠷ ᠬᠤᠭᠤᠴᠠᠭᠠᠨ ᠤ ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠶᠡᠭᠡ | ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠦᠭᠡ ᠬᠡᠯᠡᠪᠡ | ᠯᠢ ᠺᠧ ᠴᠢᠶᠠᠩ᠂ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠳᠤ ᠪᠠᠶᠢᠭᠠᠯᠢ ᠲᠠᠢ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠣᠨᠣᠯᠵᠢᠬᠤᠨ ᠪᠤᠢ᠃ ᠤᠢᠢᠷ᠎ᠠ ᠶᠢᠨ ᠵᠢᠯ ᠤᠳ ᠲᠤ᠂ ᠳᠤᠮᠳᠠᠳᠤ ᠤᠯᠤᠰ ᠤᠨ | ᠵᠠᠰᠠᠭ ᠤᠨ ᠣᠷᠳᠣᠨ ᠪᠠᠶᠢᠭᠠᠯᠢ ᠶᠢᠨ ᠬᠠᠮᠠᠭᠠᠯᠠᠯᠲᠠ ᠪᠠ ᠦᠷᠭᠦᠯᠵᠢᠯᠡᠬᠦᠶᠢᠴᠡ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ︽ᠠᠭᠤᠷ | ᠠᠮᠢᠰᠬᠤᠯ ᠤᠨ ᠲᠤᠬᠠᠶ ᠲᠦᠷᠦᠭᠦᠴᠦᠳ ᠤᠨ ᠬᠤᠷᠠᠯ︾ ᠳᠡᠭᠡᠷ᠎ᠡ᠂ ᠬᠥᠮᠦᠨ ᠬᠢᠭᠡᠳ ᠪᠠᠶᠢᠭᠠᠯᠢ ᠶᠢᠨ ᠠᠮᠢ ᠨᠠᠰᠤᠨ ᠤ | ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ ᠳᠤᠷᠠᠳᠤᠨ ᠭᠠᠷᠭᠠᠪᠠ᠃ 14 ᠳ᠋ᠦᠩᠰᠢᠭᠤᠷ ᠬᠥᠮᠦᠨ | ᠠᠮᠠ ᠲᠠᠢ ᠲᠤᠮᠤ ᠤᠯᠤᠰ ᠪᠣᠯᠤᠭᠰᠠᠨ ᠤ ᠬᠤᠪᠢ ᠳᠤ᠂ ᠪᠢᠳᠡ ᠨᠡᠶᠢᠭᠡᠮ ᠵᠢᠷᠤᠮ ᠤᠨ ᠣᠳᠣᠬᠢᠴᠢᠯᠠᠯᠲᠠ ᠶᠢ | ᠪᠡᠶᠡᠯᠡᠭᠦᠯᠬᠦ ᠶᠠᠪᠤᠴᠠ ᠳᠤ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠵᠤ᠂ | ᠠᠮᠢ ᠠᠬᠤᠢ ᠶᠢᠨ ᠪᠣᠯᠪᠠᠰᠤᠨ ᠤ ᠣᠨᠣᠯᠵᠢᠬᠤᠨ ᠢ ᠬᠠᠩᠭᠠᠵᠤ᠂ ᠬᠥᠭᠵᠢᠭᠦᠯᠬᠦ ᠶᠢᠨ ᠳᠤᠮᠳᠠ ᠬᠠᠮᠠᠭᠠᠯᠠᠵᠤ᠂ | ᠬᠠᠮᠠᠭᠠᠯᠠᠬᠤ ᠶᠢᠨ ᠳᠤᠮᠳᠠ ᠬᠥᠭᠵᠢᠭᠦᠯᠦᠨ᠎ᠡ᠃ ᠪᠦᠬᠦ ᠪᠥᠮᠪᠥᠷᠴᠡᠭ ᠤᠨ ᠪᠠᠶᠢᠭᠠᠯᠢ ᠶᠢᠨ ᠣᠷᠴᠢᠨ ᠲᠣᠭᠤᠷᠢᠨ ᠤ | ᠵᠠᠰᠠᠯᠲᠠ ᠶᠢᠨ ᠤᠷᠢᠳᠤ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠤ ᠡᠮᠦᠨ᠎ᠡ᠂ ᠳᠡᠯᠡᠬᠡᠢ ᠨᠡᠶᠢᠭᠡᠮ ᠢᠶᠠᠷ ᠢᠶᠠᠨ | ᠤᠷᠢᠳᠤ ᠡᠮᠦᠨ᠎ᠡ ᠪᠠᠶᠢᠭ᠎ᠠ ᠦᠭᠡᠢ ᠡᠷᠡᠰ ᠵᠣᠷᠢᠭ ᠪᠠ ᠠᠵᠢᠯᠯᠠᠭ᠎ᠠ ᠪᠠᠷ ᠢᠶᠠᠨ ᠬᠥᠮᠦᠨ ᠪᠣᠯᠤᠨ ᠪᠠᠶᠢᠭᠠᠯᠢ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ | ᠠᠬᠢᠭᠤᠯᠬᠤ ᠬᠡᠷᠡᠭᠲᠡᠢ ᠭᠡᠵᠦ ᠢᠯᠡᠳᠬᠡᠵᠡᠢ᠃ | | | | ᠯᠢ ᠺᠧ ᠴᠢᠶᠠᠩ᠂ ᠮᠠᠨ ᠤ ᠠᠮᠢᠳᠤᠷᠠᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠪᠣᠯ ᠠᠮᠢ ᠠᠬᠤᠢ ᠶᠢᠨ | ᠰᠢᠰᠲ᠋ᠧᠮ ᠪᠣᠯᠤᠨ᠎ᠠ᠃ ᠪᠠᠶᠢᠭᠠᠯᠢ ᠶᠢᠨ ᠠᠮᠢ ᠠᠬᠤᠶ ᠶᠢᠨ ᠡᠯ᠎ᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠲᠠᠯᠠᠢ | ᠲᠠᠩᠭᠢᠰ᠂ ᠤᠢ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠵᠡᠷᠭᠡ ᠶᠢᠨ ᠬᠠᠮᠠᠭᠠᠯᠠᠯᠲᠠ ᠶᠢ ᠴᠢᠩᠭᠠᠳᠬᠠᠵᠤ᠂ | ᠠᠮᠢ ᠠᠬᠤᠶ ᠶᠢᠨ ᠰᠢᠰᠲ᠋ᠧᠮ ᠤᠨ ᠠᠮᠢᠵᠢᠷᠠᠯ ᠤᠨ ᠬᠦᠴᠦᠨ ᠢ ᠰᠡᠷᠭᠦᠭᠡᠬᠦ ᠬᠡᠷᠡᠭᠲᠡᠶ᠃ ᠮᠥᠬᠦᠬᠦ ᠰᠢᠬᠠᠭᠰᠠᠨ | ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ᠂ ᠠᠮᠢ ᠠᠬᠤᠶ ᠶᠢᠨ ᠬᠤᠩᠭᠢᠯ ᠢ ᠵᠠᠰᠠᠨ | ᠰᠡᠷᠭᠦᠭᠡᠬᠦ ᠶᠢ ᠴᠢᠩᠭᠠᠳᠬᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠲᠣᠤᠷ | ᠰᠦᠯᠵᠢᠶ᠎ᠡ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ᠂ ᠬᠢᠵᠢᠭ ᠤᠨ ᠪᠠᠶᠢᠳᠠᠯ ᠤᠨ ᠳᠠᠷᠠᠭᠠᠬᠢ ᠠᠵᠤ ᠠᠬᠤᠢ ᠶᠢᠨ ᠰᠡᠷᠭᠦᠯᠲᠡ ᠶᠢ ᠠᠬᠢᠭᠤᠯᠬᠤ ᠪᠣᠯ | ᠬᠥᠮᠦᠨ ᠲᠥᠷᠥᠯᠬᠢᠲᠡᠨ ᠤ ᠬᠥᠭᠵᠢᠯᠲᠡ ᠳᠤ ᠡᠷᠬᠡᠪᠰᠢ ᠱᠠᠭᠠᠷᠳᠠᠭᠳᠠᠬᠤ ᠵᠦᠢᠯ ᠮᠥᠨ᠂ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ ︽ᠪᠠᠶᠢᠭᠠᠯᠢ ᠳᠤ ᠰᠠᠭᠤᠷᠢᠯᠠᠭᠰᠠᠨ | ᠰᠢᠢᠳᠪᠦᠷᠢᠯᠡᠬᠦ ᠲᠥᠰᠦᠯ︾ ᠢ ᠬᠡᠷᠡᠭᠯᠡᠵᠦ᠂ ᠪᠣᠬᠢᠷᠲᠤᠯ ᠦᠭᠡᠢ ᠮᠥᠩᠭᠦᠨ ᠭᠦᠢᠯᠭᠡᠭᠡ ᠶᠢ ᠬᠥᠭᠵᠢᠭᠦᠯᠵᠦ᠂ ᠪᠣᠬᠢᠷᠲᠤᠯ | ᠦᠭᠡᠢ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠦᠨ᠂ ᠣᠷᠴᠢᠯ ᠠᠵᠤ ᠠᠬᠤᠢ ᠶᠢ ᠬᠥᠭᠵᠢᠭᠦᠯᠵᠦ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ | ᠠᠮᠢᠳᠤᠷᠠᠯ ᠤᠨ ᠠᠷᠭ᠎ᠠ ᠬᠡᠯᠪᠡᠷᠢ ᠶᠢ ᠪᠤᠶᠢᠵᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠪᠢᠯᠠᠨ ᠭᠠᠮᠨᠠᠬᠤ ᠬᠡᠷᠡᠭᠯᠡᠭᠡᠨ ᠤ ᠦᠵᠡᠯᠲᠡ ᠶᠢ | ᠰᠠᠨᠠᠭᠠᠴᠢᠯᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠵᠢᠯᠯᠠᠭ᠎ᠠ ᠪᠠᠷ ᠬᠥᠮᠦᠨ ᠲᠥᠷᠥᠯᠬᠢᠲᠡᠨ ᠤ | ᠦᠷᠭᠦᠯᠵᠢᠯᠡᠬᠦᠶᠢᠴᠡ ᠬᠥᠭᠵᠢᠯᠲᠡ ᠳᠤ ᠥᠨᠢᠳᠡ ᠶᠢᠨ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠯᠢ ᠺᠧ ᠴᠢᠶᠠᠩ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠣᠳᠣ ᠪᠠ ᠢᠷᠡᠭᠡᠳᠦᠢ ᠶᠢ | ᠬᠠᠷᠠᠭᠠᠯᠵᠠᠬᠤ ᠶᠢ ᠪᠠᠷᠢᠮᠲᠠᠯᠠᠵᠤ᠂ ᠪᠠᠭᠠᠰᠬᠠᠬᠤ ᠪᠠ ᠵᠣᠬᠢᠴᠠᠬᠤ ᠶᠢ ᠪᠦᠬᠦ ᠲᠠᠯ᠎ᠠ ᠪᠠᠷ ᠠᠬᠢᠭᠤᠯᠵᠤ᠂ ᠡᠨᠧᠷᠭᠢ ᠶᠢ | ᠠᠷᠪᠢᠯᠠᠬᠤ᠂ ᠪᠦᠲᠦᠴᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ ᠬᠦᠯᠡᠮᠵᠢ ᠶᠢᠨ ᠬᠡᠢ ᠶᠢᠨ ᠭᠠᠳᠠᠭᠰᠢᠯᠠᠭᠤᠯᠤᠯᠲᠠ ᠶᠢ | ᠬᠢᠵᠠᠭᠠᠷᠯᠠᠵᠤ᠂ ᠤᠢ ᠰᠢᠭᠤᠢ᠂ ᠳᠠᠯᠠᠢ ᠲᠠᠩᠭᠢᠰ ᠵᠡᠷᠭᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ | ᠠᠪᠬᠤ ᠡᠬᠢ ᠪᠠᠶᠠᠯᠢᠭ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠮᠲᠤ ᠶᠢᠨ ᠬᠥᠭᠵᠢᠯᠲᠡ ᠪᠣᠯᠤᠨ ᠠᠮᠢ ᠠᠬᠤᠢ ᠶᠢᠨ | ᠬᠠᠮᠠᠭᠠᠯᠠᠯᠲᠠ ᠶᠢᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ᠃ ᠤᠯᠠᠨ ᠲᠠᠯᠠᠲᠤ ᠦᠵᠡᠯ ᠢ ᠪᠠᠷᠢᠮᠲᠠᠯᠠᠵᠤ᠂ | ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠬᠤ ᠬᠡᠷᠡᠭᠲᠡᠢ ᠭᠡᠵᠦ | ᠢᠯᠡᠳᠬᠡᠪᠡ᠃ | ᠯᠢ ᠺᠧ ᠴᠢᠶᠠᠩ᠂ ᠪᠦᠬᠦ ᠪᠥᠮᠪᠥᠷᠴᠡᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ | ᠴᠢᠨᠠᠭᠰᠢᠳᠠ ᠲᠡᠭᠦᠯᠳᠡᠷᠵᠢᠭᠦᠯᠬᠦ ᠳᠤ᠂ ᠬᠠᠮᠲᠤᠪᠠᠷ ᠵᠥᠪᠳᠡᠯᠴᠡᠬᠦ ᠬᠠᠮᠲᠤᠪᠠᠷ ᠪᠠᠶᠢᠭᠤᠯᠬᠤ ᠬᠠᠮᠲᠤᠪᠠᠷ ᠡᠳ᠋ᠯᠡᠬᠦ | ᠵᠠᠷᠴᠢᠮ ᠢ ᠪᠠᠷᠢᠮᠲᠠᠯᠠᠵᠤ᠂ ᠡᠷᠬᠡ ᠲᠡᠭᠰᠢ ᠵᠦᠢ ᠵᠣᠬᠢᠰᠲᠠᠢ᠂ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠬᠦᠷᠳᠡᠬᠦ | ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠴᠢᠷᠮᠠᠶᠢᠨ ᠠᠬᠢᠭᠤᠯᠬᠤ | ᠬᠡᠷᠡᠭᠲᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠮᠢ ᠠᠬᠤᠢ ᠶᠢᠨ ᠵᠠᠰᠠᠯᠲᠠ ᠶᠢᠨ ᠲᠦᠷᠢᠮ ᠢ | ᠲᠣᠭᠲᠠᠭᠠᠬᠤ ᠶᠠᠪᠤᠴᠠ ᠳᠤ ᠦᠵᠡᠭᠦᠯᠬᠦ ᠭᠤᠣᠯ ᠠᠷᠭ᠎ᠠ ᠵᠠᠮ ᠤᠨ ᠦᠢᠯᠡᠳᠦᠯ ᠢ ᠪᠠᠷᠢᠮᠲᠠᠯᠠᠵᠤ᠂ ᠡᠯ᠎ᠡ | ᠲᠠᠯ᠎ᠠ ᠶᠢᠨ ᠬᠢᠨ ᠤ ︽ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ︾ ᠶᠢ ᠡᠷᠢᠯᠬᠢᠯᠡᠬᠦ ᠬᠡᠷᠡᠭᠲᠡᠢ᠃ ᠲᠤᠮᠤ | ᠤᠯᠤᠰ ᠤᠳ ᠵᠣᠷᠢᠭ ᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠥᠪ ᠲᠠᠯ᠎ᠠ ᠶᠢᠨ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ᠂ ᠳᠤᠮᠳᠠᠳᠤ ᠤᠯᠤᠰ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠶᠠᠪᠤᠴᠠ ᠳᠤ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠳᠤᠮᠳᠠᠳᠤ ᠤᠯᠤᠰ ᠤᠨ | ᠣᠶ ᠰᠢᠭᠤᠶ ᠶᠢᠨ ᠪᠦᠷᠬᠦᠴᠡ ᠪᠠ ᠬᠠᠳᠠᠭᠠᠯᠠᠭᠳᠠᠴᠠ ᠶᠢᠨ ᠬᠡᠮᠵᠢᠶ᠎ᠡ 30 ᠵᠢᠯ ᠳᠠᠷᠠᠭᠠᠯᠠᠨ ︽ᠬᠤᠣᠰ ᠨᠡᠮᠡᠭᠳᠡᠯ︾ ᠢ | ᠪᠡᠶᠡᠯᠡᠭᠦᠯᠵᠦ᠂ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠤᠨ ᠬᠡᠯᠪᠡᠷᠢ ᠪᠠ ᠭᠤᠣᠯᠳᠠᠯᠭ᠎ᠠ ᠲᠠᠢ ᠬᠡᠭᠡᠷ᠎ᠡ ᠶᠢᠨ | ᠠᠮᠢᠲᠠᠨ ᠤ ᠳᠦᠷᠰᠦ ᠶᠢᠨ ᠰᠦᠷᠦᠭ ᠢ ᠪᠦᠲᠦᠮᠵᠢᠲᠡᠶ ᠬᠠᠮᠠᠭᠠᠯᠠᠭᠰᠠᠨ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ | ᠳᠤᠮᠳᠠᠳᠤ ᠤᠯᠤᠰ ᠤᠨ ᠶᠦᠨᠨᠠᠨ ᠤ ᠵᠠᠭᠠᠨ ᠤ ᠰᠦᠷᠦᠭ ᠤᠨ ᠨᠡᠭᠦᠳᠡᠯ ᠨᠢ ᠬᠥᠮᠦᠰ ᠤᠨ ᠠᠩᠬᠠᠷᠤᠯ ᠢ ᠥᠷᠭᠡᠨ ᠢᠶᠠᠷ | ᠲᠠᠲᠠᠵᠤ ᠪᠠᠶᠢᠨ᠎ᠠ᠂ ᠡᠨᠡ ᠨᠢ ᠪᠢᠳᠡᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠳᠠᠬᠢ | ᠡᠬᠡ ᠪᠠᠶᠢᠭᠠᠯᠢ ᠶᠢ ᠬᠠᠮᠠᠭᠠᠯᠠᠬᠤ ᠶᠢ ᠴᠢᠬᠤᠯᠠᠴᠢᠯᠠᠵᠤ ᠪᠠᠶᠢᠬᠤ ᠶᠢ ᠢᠯᠡᠳᠬᠡᠵᠦ ᠪᠤᠢ᠃ ᠳᠤᠮᠳᠠᠳᠤ ᠤᠯᠤᠰ ᠠᠭᠤᠷ | ᠠᠮᠢᠰᠬᠤᠯ ᠤᠨ ᠬᠤᠪᠢᠷᠠᠯᠲᠠ ᠶᠢᠨ ᠲᠤᠬᠠᠶ ︽ᠫᠠᠷᠢᠰ ᠤᠨ ᠬᠡᠯᠡᠯᠴᠡᠭᠡᠷ︾ ᠢ ᠢᠳᠡᠪᠬᠢᠲᠡᠶ ᠪᠠᠷ ᠨᠠᠶᠢᠳᠠᠪᠤᠷᠢᠵᠢᠭᠤᠯᠵᠤ | ᠪᠠᠶᠢᠨ᠎ᠠ᠃ ᠲᠦᠷᠦᠭᠦᠬᠡᠨ ᠪᠥᠬᠦ ᠳᠡᠯᠡᠬᠡᠶ ᠶᠢᠨ ᠬᠡᠪᠴᠢᠶ᠎ᠡ ᠪᠠᠷ ᠬᠠᠮᠤᠭ ᠤᠨ ᠶᠡᠭᠡ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠳᠤᠮᠳᠠᠳᠤ ᠤᠯᠤᠰ ᠲᠤ ᠵᠢᠩᠬᠢᠨᠢ ᠪᠠᠷ | ᠠᠰᠢᠭᠯᠠᠯᠲᠠ ᠳᠤ ᠣᠷᠣᠪᠠ᠃ ᠳᠤᠮᠳᠠᠳᠤ ᠤᠯᠤᠰ ᠣᠳᠣᠬᠢᠴᠢᠯᠠᠯᠲᠠ ᠶᠢᠨ ᠶᠠᠪᠤᠴᠠ ᠳᠤ ᠡᠬᠡ ᠪᠠᠶᠢᠭᠠᠯᠢ ᠶᠢ | ᠬᠠᠮᠠᠭᠠᠯᠠᠵᠤ᠂ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠳᠤ ᠲᠦᠢᠯ ᠤᠨ ᠬᠠᠲᠠᠭᠤᠵᠢᠯᠲᠠᠶ ᠴᠢᠷᠮᠠᠶᠢᠯᠭ᠎ᠠ | ᠭᠠᠷᠭᠠᠬᠤ ᠴᠢᠬᠤᠯᠠᠲᠠᠶ ᠪᠠᠶᠢᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠡᠯ᠎ᠡ ᠲᠠᠯ᠎ᠠ ᠲᠠᠢ ᠬᠠᠮᠲᠤᠪᠠᠷ ᠴᠢᠷᠮᠠᠶᠢᠵᠤ | ᠪᠠᠶᠢᠭᠠᠳ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠦᠳᠦᠭᠡᠨ ᠪᠠᠶᠢᠭᠤᠯᠤᠨ᠎ᠠ ᠭᠡᠵᠦ | ᠵᠢᠭᠠᠵᠤ ᠭᠠᠷᠭᠠᠪᠠ᠃ | ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠶᠡᠭᠡ ᠬᠤᠷᠠᠯ ᠪᠣᠯ ᠳᠡᠯᠡᠬᠡᠢ ᠶᠢᠨ ᠪᠠᠶᠢᠭᠠᠯᠢ ᠶᠢᠨ | ᠬᠠᠮᠠᠭᠠᠯᠠᠯᠲᠠ ᠶᠢᠨ ᠬᠤᠯᠪᠣᠭ᠎ᠠ ᠶᠢᠨ ᠲᠦᠷᠪᠡᠨ ᠵᠢᠯ ᠳᠤ ᠨᠢᠭᠡ ᠤᠳᠠᠭ᠎ᠠ ᠬᠤᠷᠠᠯᠳᠤᠭᠤᠯᠬᠤ ᠲᠣᠭᠲᠠᠴᠠ ᠶᠢᠨ | ᠴᠢᠨᠠᠷᠲᠠᠢ ᠬᠤᠷᠠᠯ ᠪᠣᠯᠣᠨ᠎ᠠ᠂ ᠪᠦᠬᠦ ᠪᠥᠮᠪᠥᠷᠴᠡᠭ ᠤᠨ ᠣᠷᠴᠢᠨ ᠲᠣᠭᠤᠷᠢᠨ ᠪᠣᠯᠤᠨ ᠬᠥᠭᠵᠢᠯᠲᠡ ᠶᠢᠨ ᠬᠦᠷᠢᠶᠡᠨ ᠳᠤ | ᠴᠢᠬᠤᠯᠠ ᠨᠥᠯᠥᠭᠡ ᠲᠠᠢ ᠶᠤᠮ᠃ ᠲᠤᠰ ᠤᠳᠠᠭ᠎ᠠ ᠶᠢᠨ ᠬᠤᠷᠠᠯ ᠢ ᠹᠷᠠᠨᠼᠢ ᠶᠢᠨ ᠵᠠᠰᠠᠭ ᠤᠨ ᠣᠷᠳᠣᠨ ᠪᠣᠯᠤᠨ | ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠣᠭ᠎ᠠ ᠬᠠᠮᠲᠤᠷᠠᠨ ᠡᠷᠬᠢᠯᠡᠵᠦ᠂ ︽ᠢᠵᠢᠯᠢ ᠪᠠᠶᠢᠭᠠᠯᠢ᠂ | ᠢᠵᠢᠯᠢ ᠢᠷᠡᠭᠡᠳᠦᠢ︾ ᠭᠡᠵᠦ ᠰᠡᠳᠦᠪᠯᠡᠵᠡᠢ᠃ ᠹᠷᠠᠨᠼᠢ ᠶᠢᠨ ᠶᠡᠷᠦᠩᠬᠡᠶᠢᠯᠡᠭᠴᠢ ᠮᠠᠺᠷᠣᠨ᠂ ᠤᠯᠠᠨ ᠤᠯᠤᠰ ᠤᠨ | ᠵᠠᠰᠠᠭ ᠤᠨ ᠭᠠᠵᠠᠷ ᠤᠨ ᠴᠢᠬᠤᠯᠠ ᠲᠤᠰᠢᠶᠠᠯᠲᠠᠨ᠂ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢ | ᠨᠡᠷ ᠬᠤᠷᠠᠯ ᠳᠤ ᠣᠷᠣᠯᠴᠠᠪᠠ᠃ | | | | | | |