| ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 7 ᠤ ᠡᠳᠦᠷ ᠢᠲ᠋ᠠᠯᠢ ᠶᠢᠨ ᠶᠡᠷᠦᠩᠬᠡᠢ ᠰᠠᠶᠢᠳ | ᠳ᠋ᠧᠯᠠᠵᠢ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠳᠤᠮᠳᠠᠳᠤ ᠢᠲ᠋ᠠᠯᠢ ᠶᠢᠨ ᠬᠠᠷᠢᠯᠴᠠᠭ᠎ᠠ ᠭᠦᠨ ᠵᠤᠵᠠᠭᠠᠨ ᠲᠡᠦᠬᠡ ᠶᠢᠨ ᠰᠠᠭᠤᠷᠢ ᠲᠠᠢ ᠶᠤᠮ᠂ | ᠬᠤᠶᠠᠷ ᠤᠯᠤᠰ ᠢᠶᠠᠷ ᠢᠶᠠᠨ ᠬᠠᠮᠲᠤᠷᠠᠯᠴᠠᠭᠠᠨ ᠤ ᠳᠤᠮᠳᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠵᠥ᠂ | ᠰᠣᠶᠣᠯ ᠤᠨ ᠲᠠᠯ᠎ᠠ ᠪᠠᠷ ᠬᠠᠷᠢᠯᠴᠠᠨ ᠪᠠᠭ᠋ᠠᠷᠬᠠᠵᠤ᠂ ᠬᠦᠴᠢᠷᠳᠡᠯᠲᠡᠢ ᠦᠶ᠎ᠡ ᠳᠤ ᠬᠠᠷᠢᠯᠴᠠᠨ ᠬᠠᠪᠰᠤᠷᠤᠯᠴᠠᠵᠠᠢ᠃ | ᠳᠤᠮᠳᠠᠳᠤ ᠤᠯᠤᠰ ᠳᠤᠷᠠᠲᠠᠶ᠎ᠠ ᠢᠲ᠋ᠠᠯᠢ ᠶᠢᠨ ᠬᠢᠨ ᠲᠠᠢ ᠬᠠᠮᠲᠤ ᠪᠠᠷ ᠰᠢᠨ᠎ᠡ ᠴᠠᠭ ᠦᠶ᠎ᠡ ᠶᠢᠨ ᠳᠤᠮᠳᠠᠳᠤ | ᠢᠲ᠋ᠠᠯᠢ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠵᠥᠪ ᠬᠥᠭᠵᠢᠯᠲᠡ ᠶᠢᠨ | ᠴᠢᠭᠯᠡᠯ ᠢ ᠰᠠᠶᠢᠲᠤᠷ ᠡᠵᠡᠮᠳᠡᠵᠦ᠂ ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ᠂ ᠳᠤᠮᠳᠠᠳᠤ ᠢᠲ᠋ᠠᠯᠢ ᠶᠢᠨ | ᠨᠥᠬᠦᠷᠯᠡᠯ ᠢ ᠬᠠᠮᠠᠭᠠᠯᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠳᠠᠯᠢ ᠪᠤᠰᠤ | ᠪᠠᠶᠢᠭᠤᠯᠤᠯ᠂ ᠠᠳᠠᠯᠢ ᠪᠤᠰᠤ ᠰᠣᠶᠣᠯ ᠲᠠᠢ ᠤᠯᠤᠰ ᠤᠨ ᠬᠠᠷᠢᠯᠴᠠᠭ᠎ᠠ ᠪᠠᠨ ᠬᠥᠭᠵᠢᠬᠦᠯᠬᠦ ᠳᠤ ᠦᠯᠢᠭᠡᠷ ᠳᠠᠭᠤᠷᠢᠶᠠᠯ | ᠦᠵᠡᠭᠦᠯᠦᠨ᠎ᠡ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ | ᠬᠠᠮᠲᠤᠷᠠᠯᠴᠠᠭ᠎ᠠ ᠪᠠᠷ ᠵᠢᠯᠣᠭᠤᠳᠤᠮᠵᠢ ᠪᠣᠯᠭᠠᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢᠨ ᠭᠦᠨᠵᠡᠭᠡᠶᠢᠷᠡᠨ | ᠪᠣᠳᠠᠲᠠᠶᠢᠵᠢᠬᠤ ᠶᠢ ᠠᠬᠢᠭᠤᠯᠪᠠᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠢᠷᠡᠬᠦ ᠵᠢᠯ ᠤᠨ ᠳᠤᠮᠳᠠᠳᠤ ᠢᠲ᠋ᠠᠯᠢ ᠶᠢᠨ | ᠰᠣᠶᠣᠯ ᠪᠠ ᠵᠢᠭᠤᠯᠴᠢᠯᠠᠯ ᠤᠨ ᠣᠨ ᠤ ᠠᠵᠢᠯᠯᠠᠭ᠎ᠠ ᠶᠢ ᠬᠠᠮᠲᠤ ᠪᠠᠷ ᠰᠠᠶᠢᠲᠤᠷ ᠡᠷᠬᠢᠯᠡᠵᠦ᠂ ᠢᠯᠠᠩᠭᠤᠶ᠎ᠠ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ 2026 ᠣᠨ ᠤ ᠮᠢᠯᠠᠨ ᠤ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠶᠢ ᠬᠠᠷᠢᠯᠴᠠᠨ ᠡᠷᠡᠰ | ᠳᠡᠮᠵᠢᠵᠦ᠂ ᠡᠭᠦᠨ ᠢᠶᠠᠷ ᠠᠵᠠ ᠲᠣᠬᠢᠶᠠᠯ ᠪᠣᠯᠭᠠᠵᠤ ᠬᠤᠶᠠᠷ ᠤᠯᠤᠰ ᠤᠨ ᠮᠥᠰᠥ ᠴᠠᠰᠤᠨ ᠤ ᠬᠥᠳᠡᠯᠭᠡᠭᠡᠨ ᠪᠠ | ᠠᠵᠤ ᠦᠢᠯᠡᠰ ᠤᠨ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠢᠲ᠋ᠠᠯᠢ ᠶᠢᠨ ᠬᠢᠨ ᠤ ᠳᠤᠮᠳᠠᠳᠤ ᠧᠦ᠋ᠷᠣᠫᠠ ᠶᠢᠨ | ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠶᠢ | ᠬᠦᠰᠡᠵᠦ ᠪᠠᠶᠢᠨ᠎ᠡ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠬᠤᠷᠢᠨ ᠤᠯᠤᠰ ᠤᠨ ᠪᠦᠯᠦᠭᠯᠡᠯ ᠤᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ | ᠬᠤᠪᠢ ᠳᠤ ᠢᠲ᠋ᠠᠯᠢ ᠤᠯᠤᠰ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠲᠤᠷᠠᠯᠴᠠᠭ᠎ᠠ | ᠪᠣᠯᠤᠨ ᠠᠵᠤ ᠠᠬᠤᠢ ᠶᠢᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠭᠰᠠᠨ ᠢ ᠳᠤᠮᠳᠠᠳᠤ ᠤᠯᠤᠰ ᠮᠠᠭᠲᠠᠨ | ᠰᠠᠶᠢᠰᠢᠶᠠᠵᠤ ᠪᠠᠶᠢᠨ᠎ᠡ᠃ ᠣᠳᠣᠬᠠᠨ ᠳᠤ ᠪᠦᠬᠦ ᠲᠡᠯᠡᠭᠡᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠲᠠᠢ ᠲᠡᠮᠡᠴᠡᠬᠦ ᠪᠠ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠵᠠᠩᠭᠢᠯᠠᠭ᠎ᠠ ᠶᠢᠨ ᠬᠤᠭᠤᠴᠠᠭᠠᠨ ᠳᠤ | ᠣᠷᠣᠰᠢᠵᠤ ᠪᠠᠶᠢᠨ᠎ᠠ᠂ ᠬᠤᠷᠢᠨ ᠤᠯᠤᠰ ᠤᠨ ᠪᠦᠯᠦᠭᠯᠡᠯ ᠨᠢ ᠤᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭᠠᠨ ᠤ ᠭᠤᠣᠯ ᠲᠠᠪᠴᠠᠩ ᠪᠣᠯᠤᠭᠰᠠᠨ ᠤ ᠬᠤᠪᠢ ᠳᠤ᠂ ᠵᠢᠩᠬᠢᠨᠢ ᠤᠯᠠᠨ ᠲᠠᠯᠠᠲᠤ ᠦᠵᠡᠯ ᠢ | ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠢᠵᠢᠭ ᠲᠠᠢ ᠲᠡᠮᠡᠴᠡᠬᠦ᠂ | ᠳᠡᠯᠡᠬᠡᠢ ᠶᠢᠨ ᠠᠵᠤ ᠠᠬᠤᠢ ᠶᠢ ᠰᠡᠷᠭᠦᠭᠡᠬᠦ᠂ ᠪᠠᠭᠲᠠᠭᠠᠮᠵᠢᠲᠠᠢ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠵᠡᠷᠭᠡ | ᠲᠠᠯ᠎ᠠ ᠪᠠᠷ ᠨᠡᠩ ᠤᠯᠠᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠪᠦᠬᠦ ᠲᠡᠯᠡᠭᠡᠢ ᠶᠢᠨ ᠵᠠᠰᠠᠯᠲᠠ ᠶᠢᠨ ᠵᠥᠪ | ᠴᠢᠭᠯᠡᠯ ᠢ ᠬᠦᠳᠦᠯᠥᠨ ᠳᠠᠭᠠᠭᠤᠯᠵᠤ᠂ ᠬᠦᠴᠦ ᠪᠠᠨ ᠬᠠᠮᠲᠤᠳᠬᠠᠨ ᠬᠠᠮᠲᠤ ᠶᠢᠨ ᠥᠷᠢᠰᠥᠯᠳᠦᠭᠡᠨ ᠢ ᠠᠷᠭᠠᠴᠠᠭᠠᠪᠠᠯ | ᠵᠣᠬᠢᠨ᠎ᠠ᠃ ᠳᠤᠮᠳᠠᠳᠤ ᠤᠯᠤᠰ ᠢᠲ᠋ᠠᠯᠢ ᠶᠢᠨ ᠬᠢᠨ ᠤ ᠡᠨᠡ ᠲᠠᠯ᠎ᠠ ᠪᠠᠷ ᠦᠢᠯᠡᠳᠦᠯ ᠢᠶᠠᠨ ᠭᠦᠢᠴᠡᠳ | ᠪᠠᠳᠠᠷᠠᠭᠤᠯᠬᠤ ᠶᠢ ᠦᠷᠭᠦᠯᠵᠢᠯᠡᠨ ᠳᠡᠮᠵᠢᠵᠦ᠂ ᠢᠲ᠋ᠠᠯᠢ ᠶᠢᠨ ᠬᠢᠨ ᠤ ᠬᠤᠷᠢᠨ ᠤᠯᠤᠰ ᠤᠨ ᠪᠦᠯᠦᠭᠯᠡᠯ ᠤᠨ ᠷᠣᠮᠠ ᠶᠢᠨ | ᠲᠦᠷᠦᠭᠦᠴᠦᠳ ᠤᠨ ᠬᠤᠷᠠᠯ ᠢ ᠠᠮᠵᠢᠯᠲᠠ ᠲᠠᠢ ᠡᠷᠬᠢᠯᠡᠬᠦ ᠶᠢ ᠳᠡᠮᠵᠢᠨ᠎ᠠ ᠭᠡᠵᠤ ᠴᠢᠬᠤᠯᠠᠴᠢᠯᠠᠪᠠ᠃ | ᠳ᠋ᠧᠯᠠᠵᠢ᠂ ᠢᠲ᠋ᠠᠯᠢ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠰᠠᠶᠢᠨ ᠪᠠᠶᠢᠨ᠎ᠠ᠂ ᠢᠲ᠋ᠠᠯᠢ ᠶᠢᠨ ᠬᠢᠨ | ᠢᠲ᠋ᠠᠯᠢ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠤᠢ᠂ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠡᠯ᠎ᠡ ᠬᠦᠷᠢᠶᠡᠨ ᠤ | ᠬᠠᠮᠲᠤᠷᠠᠯᠴᠠᠭ᠎ᠠ ᠶᠢ ᠴᠢᠩᠭᠠᠳᠬᠠᠵᠤ᠂ ᠢᠲ᠋ᠠᠯᠢ ᠳᠤᠮᠳᠠᠳᠤ ᠶᠢᠨ ᠰᠣᠶᠣᠯ ᠪᠠ ᠵᠢᠭᠤᠯᠴᠢᠯᠠᠯ ᠤᠨ ᠣᠨ ᠤ | ᠠᠵᠢᠯᠯᠠᠭ᠎ᠠ ᠶᠢ ᠬᠠᠮᠲᠤ ᠪᠠᠷ ᠰᠠᠶᠢᠲᠤᠷ ᠡᠷᠬᠢᠯᠡᠬᠦ ᠶᠢ ᠬᠦᠰᠡᠵᠦ ᠪᠠᠶᠢᠨ᠎ᠠ᠃ ᠢᠲ᠋ᠠᠯᠢ ᠶᠢᠨ ᠬᠢᠨ ᠬᠤᠷᠢᠨ ᠤᠯᠤᠰ ᠤᠨ | ᠪᠦᠯᠦᠭᠯᠡᠯ ᠤᠨ ᠲᠡᠷᠢᠭᠦᠯᠡᠭᠴᠢ ᠤᠯᠤᠰ ᠤᠨ ᠠᠵᠢᠯ ᠢᠶᠠᠨ ᠥᠷᠨᠢᠭᠦᠯᠬᠦ ᠳᠤ ᠦᠵᠡᠭᠦᠯᠦᠭᠰᠡᠨ ᠳᠤᠮᠳᠠᠳᠤ ᠤᠯᠤᠰ ᠤᠨ | ᠳᠡᠮᠵᠢᠯᠭᠡ ᠳᠤ ᠲᠠᠯᠠᠷᠬᠠᠵᠤ᠂ ᠳᠤᠮᠳᠠᠳᠤ ᠤᠯᠤᠰ ᠤᠨ ᠪᠦᠬᠦ ᠲᠡᠯᠡᠭᠡᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠳᠤ ᠦᠵᠡᠭᠦᠯᠦᠭᠰᠡᠨ ᠢᠳᠡᠪᠬᠢᠲᠡᠢ ᠴᠢᠷᠮᠠᠶᠢᠯᠭ᠎ᠠ ᠪᠠ ᠬᠤᠪᠢ ᠨᠡᠮᠡᠷᠢ ᠶᠢ ᠮᠠᠭᠲᠠᠨ ᠰᠠᠶᠢᠰᠢᠶᠠᠵᠤ᠂ | ᠠᠹᠭᠠᠨᠢᠰᠲ᠋ᠠᠨ ᠤ ᠠᠰᠠᠭᠤᠳᠠᠯ ᠳᠡᠭᠡᠷᠡᠬᠢ ᠳᠤᠮᠳᠠᠳᠤ ᠤᠯᠤᠰ ᠤᠨ ᠴᠢᠬᠤᠯᠠ ᠨᠥᠯᠥᠭᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠤᠢ᠂ ᠳᠤᠮᠳᠠᠳᠤ ᠤᠯᠤᠰ ᠯᠤᠭ᠎ᠠ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯᠠᠲᠤ ᠪᠤᠷᠤ | ᠲᠦᠯᠦᠪ ᠤᠨ ᠳᠣᠣᠷ᠎ᠠ ᠤᠯᠤᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠬᠤ ᠶᠢ ᠬᠦᠰᠡᠵᠦ ᠪᠠᠶᠢᠨ᠎ᠠ ᠭᠡᠵᠦ | ᠢᠯᠡᠳᠭᠡᠪᠡ᠃ ︵ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 7 ᠤ ᠴᠠᠬᠢᠯᠭᠠᠨ ᠮᠡᠳᠡᠭᠡ︶ | | | | | | |