| ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 7 ᠤ ᠡᠳᠦᠷ ᠲᠠᠵᠢᠺᠰᠲ᠋ᠠᠨ ᠤ ᠶᠡᠷᠦᠩᠬᠡᠶᠢᠯᠡᠭᠴᠢ | ᠯᠠᠾᠧᠮᠧᠩ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ ᠲᠠᠵᠢᠺᠰᠲ᠋ᠠᠨ ᠤ ᠬᠢᠨ ᠤ ᠤᠳᠠᠯ ᠦᠭᠡᠢ ᠲᠤᠰᠠᠭᠠᠷ ᠲᠣᠭᠲᠠᠨᠢᠬᠰᠡᠨ 30 ᠵᠢᠯ ᠤᠨ ᠤᠢ ᠪᠠᠨ | ᠤᠬᠳᠤᠨ ᠠᠪᠬᠤ ᠭᠡᠵᠤ ᠪᠠᠶᠢᠭ᠎ᠠ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ | ᠣᠳᠣᠬᠠᠨ ᠳᠤ ᠳᠤᠮᠳᠠᠳᠤ ᠲᠠᠵᠢᠺᠰᠲ᠋ᠠᠨ ᠤ ᠬᠠᠷᠢᠯᠴᠠᠭ᠎ᠠ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠪᠠᠶᠢᠨ᠎ᠡ | ᠃ ᠬᠤᠶᠠᠷ ᠲᠠᠯ᠎ᠠ ᠪᠠᠷ ᠢᠶᠠᠨ ᠲᠣᠰ ᠲᠣᠰ ᠤᠨ ᠭᠤᠤᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠪᠠ ᠠᠩᠬᠠᠷᠴᠤ | ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠡᠷᠡᠰ ᠳᠡᠮᠵᠢᠵᠦ᠂ ᠥᠨᠳᠥᠷ ᠲᠦᠪᠰᠢᠨ ᠪᠥᠬᠦᠶ | ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠶᠢ ᠢᠯᠡᠷᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠲᠠᠢ ᠲᠡᠮᠡᠴᠡᠬᠦ ᠨᠢᠭᠲᠠ ᠬᠠᠮᠲᠤᠷᠠᠯᠴᠠᠭ᠎ᠠ ᠥᠷᠨᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ | ᠬᠥᠷᠰᠢ ᠵᠡᠷᠭᠡᠯᠡᠳᠡᠭᠡ ᠶᠢᠨ ᠨᠥᠬᠦᠷᠯᠡᠯ ᠢ ᠢᠯᠡᠷᠡᠭᠦᠯᠵᠦ᠂ ᠬᠠᠷᠢᠯᠴᠠᠨ ᠲᠦᠰᠢᠭᠯᠡᠯᠴᠡᠵᠦ ᠪᠣᠯᠬᠤ ᠰᠠᠶᠢᠨ ᠬᠠᠨᠢᠲᠠᠨ | ᠪᠣᠯᠤᠨ᠎ᠠ᠃ ᠢᠷᠡᠬᠦ ᠵᠢᠯ ᠳᠤᠮᠳᠠᠳᠤ ᠲᠠᠵᠢᠺᠰᠲ᠋ᠠᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠨ ᠤᠭᠲᠤᠬᠤ | ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ ᠬᠢᠨ ᠲᠠᠢ ᠬᠠᠮᠲᠤ ᠪᠠᠷ ᠴᠢᠷᠮᠠᠶᠢᠵᠤ᠂ ᠪᠠᠶᠠᠯᠢᠭ | ᠠᠭᠤᠯᠤᠭᠳᠠᠬᠤᠨ ᠪᠦᠬᠦᠢ ᠬᠥᠭᠵᠢᠯᠲᠡ ᠶᠢᠨ ᠬᠠᠮᠲᠤ ᠴᠣᠭᠴᠠ ᠶᠢ ᠪᠠᠶᠢᠭᠤᠯᠵᠤ᠂ ᠡᠪᠳᠡᠷᠡᠰᠢ ᠦᠭᠡᠢ ᠪᠠᠲᠤ ᠪᠠᠬᠢ | ᠠᠮᠤᠷ ᠲᠦᠪᠰᠢᠨ ᠤ ᠬᠠᠮᠲᠤ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ | ᠬᠠᠮᠠᠭᠠᠯᠠᠵᠤ᠂ ᠭᠠᠵᠠᠷ ᠣᠷᠣᠨ ᠤ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ | ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠦᠷᠭᠦᠯᠵᠢᠯᠡᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ | ᠬᠠᠮᠲᠤ ᠪᠠᠷ ᠪᠦᠳᠦᠬᠡᠨ ᠪᠠᠶᠢᠭᠤᠯᠬᠤ ᠪᠠᠷ ᠭᠤᠣᠯ ᠰᠢᠵᠢᠮ ᠪᠣᠯᠭᠠᠵᠤ᠂ ᠠᠵᠤ ᠠᠬᠤᠢ ᠠᠷᠠᠯᠵᠢᠶ᠎ᠠ᠂ ᠬᠤᠯᠪᠣᠯᠳᠤᠨ | ᠨᠡᠪᠲᠡᠷᠡᠯᠴᠡᠬᠦ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠠᠬᠢᠭᠤᠯᠤᠶ᠎ᠠ᠃ | ᠳᠤᠮᠳᠠᠳᠤ ᠶᠢᠨ ᠲᠠᠯ᠎ᠠ ᠳᠤᠮᠳᠠᠳᠤ ᠤᠯᠤᠰ ᠤᠨ ᠠᠵᠤ ᠠᠬᠤᠶᠢᠯᠠᠯ ᠤᠨ ᠲᠠᠵᠢᠺᠰᠲ᠋ᠠᠨ ᠳᠤ ᠬᠦᠷᠴᠦ ᠪᠡᠯᠡ ᠣᠷᠣᠭᠤᠯᠤᠨ | ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠵᠤ᠂ ᠳᠤᠷᠠᠲᠠᠶ᠎ᠠ ᠲᠠᠵᠢᠺᠰᠲ᠋ᠠᠨ ᠤ ᠪᠣᠬᠢᠷᠲᠤᠯ ᠦᠭᠡᠢ ᠴᠢᠨᠠᠷ ᠰᠠᠶᠢᠲᠠᠢ | ᠲᠠᠷᠢᠶᠠᠯᠠᠩ ᠤᠨ ᠪᠦᠲᠦᠭᠡᠭᠳᠡᠬᠦᠨ ᠢ ᠣᠷᠣᠭᠤᠯᠬᠤ ᠬᠡᠪᠴᠢᠶ᠎ᠠ ᠶᠢ ᠥᠷᠭᠡᠳᠬᠡᠨ᠎ᠡ᠃ ᠬᠤᠶᠠᠷ ᠲᠠᠯ᠎ᠠ ᠪᠠᠷ ᠢᠶᠠᠨ | ᠬᠢᠯᠢ ᠶᠢᠨ ᠪᠣᠭᠤᠮᠲᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠳᠤᠮᠳᠠᠳᠤ ᠲᠠᠵᠢᠺᠰᠲ᠋ᠠᠨ ᠤ ᠪᠠᠷᠠᠭᠠᠨ ᠤ ᠲᠡᠭᠡᠭᠡᠪᠦᠷᠢ ᠶᠢᠨ ᠭᠤᠤᠯ ᠵᠠᠮ ᠱᠤᠭᠤᠮ ᠤᠨ | ᠥᠨᠳᠥᠷ ᠪᠦᠲᠦᠮᠵᠢᠲᠡᠢ ᠰᠠᠭᠠᠳ ᠦᠭᠡᠢ ᠨᠡᠪᠲᠡᠷᠡᠬᠦ ᠶᠢ ᠪᠠᠲᠤᠯᠠᠶ᠎ᠠ᠃ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ | ᠬᠢᠵᠢᠭ ᠲᠠᠢ ᠲᠡᠮᠡᠴᠡᠬᠦ ᠶᠢ ᠦᠷᠭᠦᠯᠵᠢᠯᠡᠨ ᠳᠡᠮᠵᠢᠵᠦ᠂ ᠬᠤᠶᠠᠷ ᠤᠯᠤᠰ ᠤᠨ ᠡᠮᠴᠢᠯᠡᠭᠡ ᠠᠨᠠᠭᠠᠬᠤ ᠤᠬᠠᠭᠠᠨ ᠤ | ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠤ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠲᠠᠵᠢᠺᠰᠲ᠋ᠠᠨ ᠤ ᠬᠢᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ | ᠥᠷᠨᠢᠭᠦᠯᠦᠭᠰᠡᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠠᠵᠢᠺᠰᠲ᠋ᠠᠨ ᠤ ᠬᠢᠨ ᠤ ᠲᠡᠷᠢᠭᠦᠯᠡᠭᠴᠢ ᠤᠯᠤᠰ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠬᠦᠴᠦ ᠪᠠᠷ ᠢᠶᠠᠨ ᠳᠡᠮᠵᠢᠵᠦ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ 20 ᠵᠢᠯ ᠤᠨ ᠤᠢ ᠶᠢ ᠳᠤᠷᠠᠰᠬᠠᠬᠤ ᠲᠦᠷᠦᠭᠦᠴᠦᠳ ᠤᠨ | ᠬᠤᠷᠠᠯ ᠢ ᠰᠠᠶᠢᠲᠤᠷ ᠡᠷᠬᠢᠯᠡᠬᠦ ᠶᠢᠨ ᠬᠠᠮᠲᠤ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠦᠷᠢᠯᠳᠦᠬᠦᠨ | ᠤᠯᠤᠰ ᠤᠳ ᠤᠨ ᠪᠦᠯᠬᠦᠮᠳᠡᠯ ᠢᠲᠡᠭᠡᠯᠴᠡᠭᠡ ᠶᠢ ᠨᠡᠮᠡᠭᠳᠡᠭᠦᠯᠵᠦ᠂ ᠠᠮᠤᠷ ᠲᠦᠪᠰᠢᠨ ᠪᠠ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠨ᠎ᠡ | ᠭᠠᠷᠤᠭ᠎ᠠ ᠳᠡᠭᠡᠷ᠎ᠡ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠯᠠᡁᠧᠮᠧᠩ᠂ ᠲᠠᠵᠢᠺᠰᠲ᠋ᠠᠨ ᠳᠤᠮᠳᠠᠳᠤ ᠪᠣᠯ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ | ᠬᠤᠶᠠᠷ ᠤᠯᠤᠰ ᠤᠨ ᠡᠯ᠎ᠡ ᠬᠦᠷᠢᠶᠡᠨ ᠤ ᠬᠠᠷᠢᠯᠴᠠᠭ᠎ᠠ ᠦᠷᠭᠦᠯᠵᠢᠯᠡᠨ ᠲᠣᠭᠲᠠᠭᠤᠨ ᠢᠶᠠᠷ ᠬᠥᠭᠵᠢᠵᠦ ᠪᠠᠶᠢᠨ᠎ᠠ᠃ | ᠠᠭᠤᠤ ᠶᠡᠭᠡ ᠨᠥᠬᠦᠷᠰᠡᠭ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠲᠠᠵᠢᠺᠰᠲ᠋ᠠᠨ ᠤ ᠬᠢᠨ ᠳᠤ | ᠬᠠᠷᠠᠮ ᠦᠭᠡᠢ ᠴᠢᠩ ᠦᠨᠡᠨᠴᠢ ᠬᠠᠪᠰᠤᠷᠤᠯᠭ᠎ᠠ ᠦᠵᠡᠭᠦᠯᠦᠭᠰᠡᠨ ᠳᠤ ᠲᠠᠵᠢᠺᠰᠲ᠋ᠠᠨ ᠤ ᠬᠢᠨ ᠲᠠᠯᠠᠷᠬᠠᠵᠤ ᠪᠠᠶᠢᠨ᠎ᠠ᠂ | ᠢᠯᠠᠩᠭᠤᠶ᠎ᠠ ᠳᠤᠮᠳᠠᠳᠤ ᠤᠯᠤᠰ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠴᠠᠬ ᠲᠤᠬᠠᠢ ᠳᠤᠨᠢ ᠬᠠᠩᠭᠠᠭᠰᠠᠨ | ᠲᠤᠰᠠᠯᠠᠮᠵᠢ ᠨᠢ ᠲᠠᠵᠢᠺᠰᠲ᠋ᠠᠨ ᠤ ᠬᠢᠵᠢᠭ ᠲᠠᠢ ᠲᠡᠮᠡᠴᠡᠬᠦ ᠠᠵᠢᠯ ᠢ ᠬᠦᠴᠦᠲᠡᠢ ᠳᠡᠮᠵᠢᠪᠡ᠃ ᠲᠠᠵᠢᠺᠰᠲ᠋ᠠᠨ ᠤ ᠬᠢᠨ | ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ᠂ ᠠᠵᠤ ᠠᠬᠤᠢ ᠠᠷᠠᠯᠵᠢᠶ᠎ᠠ᠂ ᠠᠮᠤᠷ ᠲᠦᠪᠰᠢᠨ᠂ | ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ | ᠲᠠᠵᠢᠺᠰᠲ᠋ᠠᠨ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠳᠤ ᠰᠢᠨ᠎ᠡ | ᠠᠭᠤᠯᠤᠭᠳᠠᠬᠤᠨ ᠨᠡᠮᠡᠷᠢᠯᠡᠨ᠎ᠡ᠃ ᠳᠤᠮᠳᠠᠳᠤ ᠤᠯᠤᠰ ᠲᠠᠵᠢᠺᠰᠲ᠋ᠠᠨ ᠤ ᠬᠢᠨ ᠤ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠲᠡᠷᠢᠭᠦᠯᠡᠭᠴᠢ ᠤᠯᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠶᠡᠭᠡ ᠪᠠᠷ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠲᠤᠬᠠᠢ ᠦᠷᠭᠦᠯᠵᠢᠯᠡᠨ ᠨᠢᠭᠲᠠ ᠬᠠᠮᠵᠢᠯᠴᠠᠨ᠎ᠠ | ᠭᠡᠵᠦ ᠢᠯᠡᠳᠭᠡᠪᠡ᠃ | ᠬᠤᠶᠠᠷ ᠲᠠᠯ᠎ᠠ ᠪᠠᠷ ᠢᠶᠠᠨ ᠪᠠᠰᠠ ᠠᠹᠭᠠᠨᠢᠰᠲ᠋ᠠᠨ ᠤ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠵᠤ᠂ | ᠰᠦᠷᠳᠡᠭᠦᠯᠦᠯ ᠢ ᠡᠰᠡᠷᠭᠦᠴᠡᠬᠦ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ | ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠲᠤ ᠪᠠᠷ ᠬᠠᠮᠠᠭᠠᠯᠠᠬᠤ ᠶᠢ ᠵᠥᠪᠰᠢᠶᠡᠷᠡᠪᠡ᠃ ︵ᠰᠢᠨᠬᠤᠸᠠ | ᠬᠤᠷᠢᠶᠠᠨ ᠤ ᠪᠡᠭᠡᠵᠢᠩ ᠤᠨ 9 ᠰᠠᠷ᠎ᠠ ᠶᠢᠨ 7 ᠤ ᠴᠠᠬᠢᠯᠭᠠᠨ ᠮᠡᠳᠡᠭᠡ︶ | | | | |