| 9 ᠰᠠᠷ᠎ᠠ ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠦᠷᠭᠦᠯᠵᠢᠯᠡᠬᠦ ᠬᠥᠭᠵᠢᠯᠲᠡ ᠶᠢᠨ | ᠲᠤᠮᠤ ᠳ᠋ᠠᠶᠢᠲ᠋ᠠ ᠶᠢᠨ ᠤᠯᠠᠨ ᠤᠯᠤᠰ ᠤᠨ ᠰᠤᠳᠤᠯᠭᠠᠨ ᠤ ᠲᠥᠪ ᠪᠠᠶᠢᠭᠤᠯᠤᠭᠳᠠᠬᠤ ᠶᠡᠭᠡ ᠬᠤᠷᠠᠯ ᠵᠢᠴᠢ 2021 | ᠣᠨ ᠤ ᠦᠷᠭᠦᠯᠵᠢᠯᠡᠬᠦ ᠬᠥᠭᠵᠢᠯᠲᠡ ᠶᠢᠨ ᠲᠤᠮᠤ ᠳ᠋ᠠᠶᠢᠲ᠋ᠠ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠳᠤ | ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠦᠷᠭᠦᠯᠵᠢᠯᠡᠬᠦ ᠬᠥᠭᠵᠢᠯᠲᠡ ᠶᠢᠨ ᠲᠤᠮᠤ ᠳ᠋ᠠᠶᠢᠲ᠋ᠠ ᠶᠢᠨ ᠤᠯᠠᠨ ᠤᠯᠤᠰ ᠤᠨ ᠰᠤᠳᠤᠯᠭᠠᠨ ᠤ | ᠲᠥᠪ ᠢ ᠪᠠᠶᠢᠭᠤᠯᠬᠤ ᠪᠣᠯ 75 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ | ᠬᠤᠷᠠᠯ ᠳᠡᠭᠡᠷ᠎ᠡ ᠮᠢᠨᠦ ᠨᠡᠶᠢᠲᠡᠯᠡᠭᠰᠡᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ | ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠨᠠᠶᠢᠳᠠᠪᠤᠷᠢᠵᠢᠭᠤᠯᠬᠤ ᠶᠢ ᠳᠡᠮᠵᠢᠬᠦ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ 2030 ᠣᠨ ᠤ ᠵᠥᠪᠯᠡᠬᠦ ᠵᠦᠢᠯ ᠳᠤ ᠡᠯ᠎ᠡ ᠤᠯᠤᠰ ᠤᠨ ᠬᠥᠭᠵᠢᠯᠲᠡ ᠪᠣᠯᠤᠨ ᠤᠯᠠᠨ ᠤᠯᠤᠰ ᠤᠨ | ᠬᠥᠭᠵᠢᠯᠲᠡ ᠬᠠᠮᠲᠤᠷᠠᠯᠴᠠᠭ᠎ᠠ ᠶᠢᠨ ᠲᠣᠳᠣᠷᠬᠠᠢ ᠬᠠᠷᠠᠯᠲᠠ ᠶᠢ ᠳᠤᠷᠠᠳᠤᠭᠰᠠᠨ ᠪᠠᠶᠢᠳᠠᠭ᠃ ᠣᠳᠣᠬᠠᠨ ᠳᠤ᠂ ᠳᠡᠯᠡᠬᠡᠶ | ᠶᠢᠷᠲᠢᠨᠴᠦ ᠶᠠᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠯᠤᠲᠤ ᠶᠡᠭᠡ | ᠲᠠᠭᠠᠷᠢᠯᠲᠠ ᠳᠤ ᠤᠴᠠᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠮᠣ | ᠳ᠋ᠠᠶᠢᠲ᠋ᠠ ᠶᠢᠨ ᠬᠡᠷᠡᠭᠯᠡᠯᠲᠡ ᠨᠢ ᠳᠡᠯᠡᠬᠡᠶ ᠨᠡᠶᠢᠭᠡᠮ ᠢᠶᠠᠷ ᠢᠶᠠᠨ ᠬᠦᠴᠢᠷ ᠪᠡᠷᠬᠡᠰᠢᠶᠡᠯ ᠢ ᠢᠯᠡᠨ ᠳᠠᠪᠠᠭ᠋ᠤ ᠶᠢ ᠠᠬᠢᠭᠤᠯᠵᠤ᠂ | ᠪᠥᠬᠦ ᠲᠡᠯᠡᠭᠡᠢ ᠶᠢᠨ ᠬᠡᠪᠴᠢᠶᠡᠨ ᠳᠤ 2030 ᠣᠨ ᠤ ᠵᠥᠪᠯᠡᠬᠦ ᠵᠦᠢᠯ ᠢ ᠨᠠᠶᠢᠳᠠᠪᠤᠷᠢᠵᠢᠭᠤᠯᠬᠤ ᠳᠤ ᠠᠰᠢᠭᠲᠠᠶ | ᠶᠤᠮ ᠭᠡᠵᠦ ᠵᠢᠭᠠᠵᠦ ᠭᠠᠷᠭᠠᠪᠠ᠃ | ᠰᠢ ᠶᠢᠨ ᠫᠢᠩ ᠡᠯ᠎ᠡ ᠲᠠᠯ᠎ᠠ ᠶᠢᠨ ᠬᠢᠨ ᠦᠷᠭᠦᠯᠵᠢᠯᠡᠬᠦ ᠬᠥᠭᠵᠢᠯᠲᠡ ᠶᠢᠨ ᠲᠤᠮᠤ ᠳ᠋ᠠᠶᠢᠲ᠋ᠠ ᠶᠢᠨ ᠤᠯᠠᠨ | ᠤᠯᠤᠰ ᠤᠨ ᠰᠤᠳᠤᠯᠭᠠᠨ ᠤ ᠲᠥᠪ ᠤᠨ ᠲᠠᠪᠴᠠᠩ ᠪᠣᠯᠤᠨ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠢ ᠭᠦᠢᠴᠡᠳ | ᠠᠰᠢᠠᠠᠯᠠᠵᠦ᠂ ᠲᠤᠮᠤ ᠳ᠋ᠠᠶᠢᠲ᠋ᠠ ᠶᠢᠨ ᠦᠷᠭᠦᠯᠵᠢᠯᠡᠬᠦ ᠬᠥᠭᠵᠢᠯᠲᠡ ᠶᠢ ᠲᠤᠯᠭᠠᠭᠤᠷᠢᠯᠠᠬᠤ ᠠᠷᠭ᠎ᠠ ᠪᠤᠳᠤᠯᠭ᠎ᠠ ᠶᠢ | ᠬᠠᠮᠲᠤ ᠪᠠᠷ ᠰᠦᠪᠡᠭᠴᠢᠯᠡᠵᠦ᠂ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ 2030 ᠣᠨ ᠤ | ᠵᠥᠪᠯᠡᠬᠦ ᠵᠦᠢᠯ ᠢ ᠬᠦᠴᠦ ᠪᠠᠨ ᠬᠠᠮᠲᠤᠳᠬᠠᠨ ᠨᠠᠶᠢᠳᠠᠪᠤᠷᠢᠵᠢᠭᠤᠯᠵᠤ᠂ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠪᠠ᠃ | ᠦᠷᠭᠦᠯᠵᠢᠯᠡᠬᠦ ᠬᠥᠭᠵᠢᠯᠲᠡ ᠶᠢᠨ ᠲᠣᠮᠣ ᠳ᠋ᠠᠶᠢᠲ᠋ᠠ ᠶᠢᠨ ᠣᠯᠠᠨ ᠤᠯᠤᠰ ᠤᠨ ᠰᠤᠳᠤᠯᠭᠠᠨ ᠤ ᠲᠥᠪ | ᠪᠠᠶᠢᠭᠤᠯᠤᠭᠳᠠᠬᠤ ᠶᠡᠭᠡ ᠬᠤᠷᠠᠯ ᠵᠢᠴᠢ 2021ᠣᠨ ᠤ ᠦᠷᠭᠦᠯᠵᠢᠯᠡᠬᠦ ᠬᠥᠭᠵᠢᠯᠲᠡ ᠶᠢᠨ ᠲᠣᠮᠣ ᠳ᠋ᠠᠶᠢᠲ᠋ᠠ ᠶᠢᠨ | ᠣᠯᠠᠨ ᠤᠯᠤᠰ ᠤᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ 6 ᠤ ᠡᠳᠦᠷ ᠪᠡᠭᠡᠵᠢᠩ ᠳᠤ ᠶᠠᠪᠤᠭᠳᠠᠵᠠᠢ᠃ | | | | | |