ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ 9 | ᠳ᠋ᠦ᠋ᠭᠡᠷ ᠰᠠᠷ᠎ᠠ ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 32 ᠳ᠋ᠤᠭᠠᠷ ᠬᠤᠭᠤᠴᠠᠭᠠᠨ ᠤ ᠤᠯᠠᠨ | ᠤᠯᠤᠰ ᠤᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠪᠣᠯ 20 ᠳ᠋ᠤᠭᠠᠷ ᠵᠠᠭᠤᠨ ᠠᠴᠠ | ᠨᠠᠭᠠᠰᠢᠬᠢ ᠬᠥᠭᠵᠢᠯᠲᠡ ᠪᠠᠷ ᠬᠠᠮᠤᠭ ᠤᠨ ᠲᠦᠷᠭᠡᠨ᠂ ᠬᠥᠮᠦᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠳᠤ | ᠨᠥᠯᠥᠭᠡ ᠪᠠᠷ ᠬᠠᠮᠤᠭ ᠤᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠤ ᠨᠢᠭᠡ ᠪᠣᠯᠤᠨ᠎ᠠ᠃ ᠣᠳᠣᠬᠠᠨ ᠤ | ᠳᠡᠯᠡᠬᠡᠶ ᠶᠠᠭ ᠰᠢᠨᠵᠢᠯᠡᠬᠦ ᠤᠬᠠᠭᠠᠨ ᠮᠡᠷᠭᠡᠵᠢᠯ ᠤᠨ ᠭᠦᠨ ᠭᠦᠨᠵᠡᠭᠡᠶ ᠬᠤᠪᠢᠰᠬᠠᠯ ᠪᠠ ᠠᠵᠤ ᠦᠢᠯᠡᠰ ᠤᠨ | ᠬᠤᠪᠢᠰᠤᠯᠲᠠ ᠶᠢ ᠥᠩᠭᠡᠷᠡᠭᠡᠵᠦ᠂ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠷᠢᠳ ᠡᠮᠦᠨ᠎ᠡ | ᠪᠠᠶᠢᠭ᠎ᠠ ᠦᠭᠡᠢ ᠬᠥᠭᠵᠢᠯᠲᠡ ᠶᠢᠨ ᠲᠣᠬᠢᠶᠠᠯ ᠳᠤ ᠲᠤᠯᠭᠠᠷᠠᠵᠤ ᠪᠠᠶᠢᠨ᠎ᠠ᠃ ᠪᠦᠬᠦ ᠪᠥᠮᠪᠥᠷᠴᠡᠭ ᠤᠨ ᠠᠭᠠᠷ ᠤᠨ | ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠥᠷᠨᠢᠭᠦᠯᠬᠦ ᠨᠢ ᠲᠦᠢᠯ ᠤᠨ ᠴᠢᠬᠤᠯᠠ | ᠪᠥᠭᠡᠳ ᠭᠡᠭᠡᠨ ᠰᠠᠷᠠᠭᠤᠯ ᠢᠷᠡᠭᠡᠳᠦᠢ ᠲᠠᠢ ᠶᠤᠮ᠃ ᠲᠤᠰ ᠬᠤᠭᠤᠴᠠᠭᠠᠨ ᠤ ᠶᠡᠭᠡ ᠬᠤᠷᠠᠯ ᠨᠢ ᠪᠦᠬᠦ | ᠪᠥᠮᠪᠥᠷᠴᠡᠭ ᠤᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠬᠤ ᠳᠤ | ᠢᠳᠡᠪᠬᠢᠲᠡᠢ ᠦᠢᠯᠡᠳᠦᠯ ᠦᠵᠡᠭᠦᠯᠵᠦ᠂ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ | ᠦᠢᠯᠡᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | 32 ᠳ᠋ᠤᠭᠠᠷ ᠬᠤᠭᠤᠴᠠᠭᠠᠨ ᠤ ᠣᠯᠠᠨ ᠤᠯᠤᠰ ᠤᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠶᠡᠭᠡ | ᠬᠤᠷᠠᠯ ᠲᠤᠬᠠᠶ ᠶᠢᠨ ᠡᠳᠦᠷ ᠱᠠᠩᠬᠠᠶ ᠳᠤ ᠶᠠᠪᠤᠭᠳᠠᠵᠤ᠂ ᠣᠯᠠᠨ ᠤᠯᠤᠰ ᠤᠨ ᠠᠭᠠᠷ ᠤᠨ ᠠᠶᠠᠯᠠᠯ ᠤᠨ ᠰᠢᠨᠵᠢᠯᠡᠬᠦ | ᠤᠬᠠᠭᠠᠨ ᠤ ᠬᠡᠷᠡᠭ ᠡᠷᠬᠢᠯᠡᠭᠴᠢᠳ ᠤᠨ ᠵᠥᠪᠯᠡᠯ ᠭᠤᠤᠯᠯᠠᠨ ᠡᠷᠭᠢᠯᠡᠵᠦ᠂ ᠳᠤᠮᠳᠠᠳᠤ ᠤᠯᠤᠰ ᠤᠨ ᠠᠭᠠᠷ ᠤᠨ | ᠠᠶᠠᠯᠠᠯ ᠤᠨ ᠡᠷᠳᠡᠮ ᠰᠢᠨᠵᠢᠯᠡᠭᠡᠨ ᠤ ᠨᠡᠶᠢᠭᠡᠮᠯᠢᠭ ᠳᠠᠭᠠᠭᠠᠨ ᠡᠷᠬᠢᠯᠡᠪᠡ᠃ | |