1 ᠳ᠋ᠣᠭᠡᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠡᠵᠡᠨ | ᠬᠤᠷᠤᠭ᠎ᠠ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ | ᠬᠤᠷᠠᠯᠳᠤᠪᠠ᠃ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠢ | ᠰᠣᠨᠣᠰᠤᠭᠰᠠᠨ ᠤ ᠲᠠᠷᠠᠭ᠎ᠠ᠂ ᠭᠡᠰᠢᠭᠦᠳ ᠶᠡᠬᠡᠳᠡ ᠰᠡᠳᠬᠢᠯ ᠬᠥᠳᠡᠯᠪᠡ᠃ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠳᠠᠬᠢ ᠦᠨᠡᠨ ᠪᠣᠳᠠᠲᠠᠢ ᠲᠤᠭ᠎ᠠ ᠪᠠᠷᠢᠮᠲᠠ ᠨᠤᠭᠤᠳ ᠨᠢ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠨᠡᠩ ᠢᠳᠡ ᠬᠦᠴᠦᠨ ᠲᠠᠢ ᠪᠣᠯᠭᠠᠵᠤ᠂ ᠠᠵᠢᠯ ᠤᠨ | ᠴᠢᠭᠯᠡᠯ ᠢ ᠨᠡᠩ ᠲᠣᠳᠣᠷᠬᠠᠢ ᠪᠣᠯᠭᠠᠭᠰᠠᠨ ᠪᠠᠶᠢᠨ᠎ᠠ᠃ | | | | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠢᠶᠣᠣ ᠪᠢᠨ | ᠢᠯᠡᠳᠬᠡᠯ ᠨᠢ ᠬᠤᠶᠢᠰᠢᠳᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠴᠢᠭᠯᠡᠯ ᠢ ᠲᠣᠳᠣᠷᠬᠠᠢ | ᠵᠢᠭᠠᠨ ᠥᠭᠴᠦ᠂ ᠵᠢᠷᠤᠮᠯᠠᠯ ᠬᠠᠩᠭᠠᠪᠠ᠃ ᠰᠢᠨ᠎ᠡ ᠪᠠᠷ ᠰᠣᠩᠭᠤᠭᠳᠠᠭᠰᠠᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠪᠣᠯᠤᠭᠰᠠᠨ ᠤ ᠬᠤᠪᠢ ᠳᠤ᠂ ᠪᠢ ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠬᠥᠭᠵᠢᠯᠲᠡ᠂ | ᠰᠣᠶᠣᠯ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠢ ᠲᠤᠰᠠᠯᠠᠬᠤ ᠨᠡᠶᠢᠲᠡ ᠶᠢᠨ | ᠠᠰᠠᠷᠠᠮᠵᠢ ᠶᠢᠨ ᠦᠢᠯᠡᠰ ᠵᠡᠷᠭᠡ ᠬᠦᠷᠢᠶᠡᠨ ᠤ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ | ᠠᠷᠠᠳ ᠤᠨ ᠰᠠᠨᠠᠭ᠎ᠠ ᠶᠢ ᠴᠤᠭᠯᠠᠭᠤᠯᠤᠨ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠢᠳᠡᠪᠬᠢᠲᠡᠢ ᠪᠠᠷ | ᠠᠷᠭ᠎ᠠ ᠪᠣᠳᠣᠯᠭ᠎ᠠ ᠳᠡᠪᠰᠢᠭᠦᠯᠦᠨ᠎ᠡ᠃ | | | | | | |