1 ᠳ᠋ᠣᠭᠡᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠡᠵᠡᠨ | ᠬᠤᠷᠤᠭ᠎ᠠ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ | ᠬᠤᠷᠠᠯᠳᠤᠪᠠ᠃ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠢ | ᠰᠣᠨᠣᠰᠤᠭᠰᠠᠨ ᠤ ᠲᠠᠷᠠᠭ᠎ᠠ᠂ ᠭᠡᠰᠢᠭᠦᠳ ᠶᠡᠬᠡᠳᠡ ᠰᠡᠳᠬᠢᠯ ᠬᠥᠳᠡᠯᠪᠡ᠃ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠳᠠᠬᠢ ᠦᠨᠡᠨ ᠪᠣᠳᠠᠲᠠᠢ ᠲᠤᠭ᠎ᠠ ᠪᠠᠷᠢᠮᠲᠠ ᠨᠤᠭᠤᠳ ᠨᠢ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠨᠡᠩ ᠢᠳᠡ ᠬᠦᠴᠦᠨ ᠲᠠᠢ ᠪᠣᠯᠭᠠᠵᠤ᠂ ᠠᠵᠢᠯ ᠤᠨ | ᠴᠢᠭᠯᠡᠯ ᠢ ᠨᠡᠩ ᠲᠣᠳᠣᠷᠬᠠᠢ ᠪᠣᠯᠭᠠᠭᠰᠠᠨ ᠪᠠᠶᠢᠨ᠎ᠠ᠃ | | | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠸᠠᠩ ᠱᠢ ᠮᠢᠩ | ᠢᠯᠡᠳᠬᠡᠯ ᠳᠤ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠪᠦᠬᠦ | ᠲᠠᠯ᠎ᠠ ᠪᠠᠷ ᠵᠢᠷᠤᠭᠯᠠᠵᠤ᠂ ᠰᠡᠳᠬᠢᠴᠡ ᠲᠤᠳᠤ ᠬᠠᠷᠠᠯᠲᠠ ᠲᠣᠳᠣᠷᠬᠠᠢ ᠪᠠᠶᠢᠵᠤ᠂ ᠭᠤᠣᠯᠳᠠᠯᠭ᠎ᠠ ᠶᠢ ᠲᠤᠪᠤᠶᠢᠯᠭᠠᠵᠦ᠂ | ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠢᠲᠡᠭᠡᠯ ᠵᠣᠷᠢᠭ ᠢ ᠭᠦᠢᠴᠡᠳ ᠬᠥᠪᠴᠢᠯᠡᠵᠤ᠂ ᠨᠡᠶᠢᠭᠡᠮ ᠤᠨ | ᠪᠠᠲᠤᠯᠠᠪᠤᠷᠢ ᠶᠢᠨ ᠡᠲᠡᠭᠡᠳ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠠᠷᠠᠳ ᠤᠨ ᠠᠮᠢᠳᠤᠷᠠᠯ ᠤᠨ | ᠪᠠᠳᠤᠯᠠᠭ᠎ᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠲᠠᠯ᠎ᠠ ᠪᠠᠷ ᠠᠷᠠᠳ ᠤᠨ ᠰᠠᠨᠠᠭ᠎ᠠ ᠶᠢ ᠭᠦᠢᠴᠡᠳ ᠣᠶᠢᠯᠠᠭᠠᠵᠤ᠂ | ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ | | | | | | |