ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠢᠶᠣᠣ ᠪᠢᠨ
ᠨᠡᠶᠢᠲᠡᠯᠡᠭᠰᠡᠨ ᠴᠠᠭ᠄
2022/1/18
     1 ᠳ᠋ᠣᠭᠡᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠡᠵᠡᠨ ᠬᠤᠷᠤᠭ᠎ᠠ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠬᠤᠷᠠᠯᠳᠤᠪᠠ᠃ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠢ ᠰᠣᠨᠣᠰᠤᠭᠰᠠᠨ ᠤ ᠲᠠᠷᠠᠭ᠎ᠠ᠂ ᠭᠡᠰᠢᠭᠦᠳ ᠶᠡᠬᠡᠳᠡ ᠰᠡᠳᠬᠢᠯ ᠬᠥᠳᠡᠯᠪᠡ᠃ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠳᠠᠬᠢ ᠦᠨᠡᠨ ᠪᠣᠳᠠᠲᠠᠢ ᠲᠤᠭ᠎ᠠ ᠪᠠᠷᠢᠮᠲᠠ ᠨᠤᠭᠤᠳ ᠨᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠨᠡᠩ ᠢᠳᠡ ᠬᠦᠴᠦᠨ ᠲᠠᠢ ᠪᠣᠯᠭᠠᠵᠤ᠂ ᠠᠵᠢᠯ ᠤᠨ ᠴᠢᠭᠯᠡᠯ ᠢ ᠨᠡᠩ ᠲᠣᠳᠣᠷᠬᠠᠢ ᠪᠣᠯᠭᠠᠭᠰᠠᠨ ᠪᠠᠶᠢᠨ᠎ᠠ᠃
ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠢᠶᠣᠣ ᠪᠢᠨ      ᠢᠯᠡᠳᠬᠡᠯ ᠨᠢ ᠬᠤᠶᠢᠰᠢᠳᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠴᠢᠭᠯᠡᠯ ᠢ ᠲᠣᠳᠣᠷᠬᠠᠢ ᠵᠢᠭᠠᠨ ᠥᠭᠴᠦ᠂ ᠵᠢᠷᠤᠮᠯᠠᠯ ᠬᠠᠩᠭᠠᠪᠠ᠃ ᠰᠢᠨ᠎ᠡ ᠪᠠᠷ ᠰᠣᠩᠭᠤᠭᠳᠠᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠢ ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠬᠥᠭᠵᠢᠯᠲᠡ᠂ ᠰᠣᠶᠣᠯ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠦᠢᠯᠡᠰ ᠵᠡᠷᠭᠡ ᠬᠦᠷᠢᠶᠡᠨ ᠤ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠠᠷᠠᠳ ᠤᠨ ᠰᠠᠨᠠᠭ᠎ᠠ ᠶᠢ ᠴᠤᠭᠯᠠᠭᠤᠯᠤᠨ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠢᠳᠡᠪᠬᠢᠲᠡᠢ ᠪᠠᠷ ᠠᠷᠭ᠎ᠠ ᠪᠣᠳᠣᠯᠭ᠎ᠠ ᠳᠡᠪᠰᠢᠭᠦᠯᠦᠨ᠎ᠡ᠃
ᠢᠷᠡᠯᠲᠡ᠄ ᠲᠤᠰ ᠰᠦᠯᠵᠢᠶ᠎ᠡ