ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠸᠠᠩ ᠱᠢ ᠮᠢᠩ
ᠨᠡᠶᠢᠲᠡᠯᠡᠭᠰᠡᠨ ᠴᠠᠭ᠄
2022/1/18
     1 ᠳ᠋ᠣᠭᠡᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠡᠵᠡᠨ ᠬᠤᠷᠤᠭ᠎ᠠ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠬᠤᠷᠠᠯᠳᠤᠪᠠ᠃ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠢ ᠰᠣᠨᠣᠰᠤᠭᠰᠠᠨ ᠤ ᠲᠠᠷᠠᠭ᠎ᠠ᠂ ᠭᠡᠰᠢᠭᠦᠳ ᠶᠡᠬᠡᠳᠡ ᠰᠡᠳᠬᠢᠯ ᠬᠥᠳᠡᠯᠪᠡ᠃ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠳᠠᠬᠢ ᠦᠨᠡᠨ ᠪᠣᠳᠠᠲᠠᠢ ᠲᠤᠭ᠎ᠠ ᠪᠠᠷᠢᠮᠲᠠ ᠨᠤᠭᠤᠳ ᠨᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠨᠡᠩ ᠢᠳᠡ ᠬᠦᠴᠦᠨ ᠲᠠᠢ ᠪᠣᠯᠭᠠᠵᠤ᠂ ᠠᠵᠢᠯ ᠤᠨ ᠴᠢᠭᠯᠡᠯ ᠢ ᠨᠡᠩ ᠲᠣᠳᠣᠷᠬᠠᠢ ᠪᠣᠯᠭᠠᠭᠰᠠᠨ ᠪᠠᠶᠢᠨ᠎ᠠ᠃
ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠸᠠᠩ ᠱᠢ ᠮᠢᠩ      ᠢᠯᠡᠳᠬᠡᠯ ᠳᠤ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠪᠦᠬᠦ ᠲᠠᠯ᠎ᠠ ᠪᠠᠷ ᠵᠢᠷᠤᠭᠯᠠᠵᠤ᠂ ᠰᠡᠳᠬᠢᠴᠡ ᠲᠤᠳᠤ ᠬᠠᠷᠠᠯᠲᠠ ᠲᠣᠳᠣᠷᠬᠠᠢ ᠪᠠᠶᠢᠵᠤ᠂ ᠭᠤᠣᠯᠳᠠᠯᠭ᠎ᠠ ᠶᠢ ᠲᠤᠪᠤᠶᠢᠯᠭᠠᠵᠦ᠂ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠢᠲᠡᠭᠡᠯ ᠵᠣᠷᠢᠭ ᠢ ᠭᠦᠢᠴᠡᠳ ᠬᠥᠪᠴᠢᠯᠡᠵᠤ᠂ ᠨᠡᠶᠢᠭᠡᠮ ᠤᠨ ᠪᠠᠲᠤᠯᠠᠪᠤᠷᠢ ᠶᠢᠨ ᠡᠲᠡᠭᠡᠳ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠲᠠᠯ᠎ᠠ ᠪᠠᠷ ᠠᠷᠠᠳ ᠤᠨ ᠰᠠᠨᠠᠭ᠎ᠠ ᠶᠢ ᠭᠦᠢᠴᠡᠳ ᠣᠶᠢᠯᠠᠭᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃
ᠢᠷᠡᠯᠲᠡ᠄ ᠲᠤᠰ ᠰᠦᠯᠵᠢᠶ᠎ᠡ