| 1 ᠰᠠᠷ᠎ᠠ ᠶᠢᠨ 6 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠡᠵᠡᠨ ᠬᠤᠷᠤᠭ᠎ᠠ ᠬᠤᠰᠢᠭᠤᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠠᠯᠲᠠᠨᠰᠢᠷᠡᠭᠡ ᠪᠠᠯᠭᠠᠰᠤᠨ ᠳᠤ ᠶᠠᠪᠤᠭᠳᠠᠪᠠ | | | | ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 159 ᠬᠥᠮᠦᠨ᠂ ᠪᠣᠳᠠᠲᠠᠢ | ᠣᠷᠣᠯᠴᠠᠭᠰᠠᠨ ᠭᠡᠰᠢᠭᠦᠨ 151 ᠬᠥᠮᠦᠨ ᠪᠠᠶᠢᠵᠤ᠂ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠱᠦᠵᠢ᠂ | ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠬᠤᠸᠠ | ᠷᠦᠢ ᠹᠧᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠬᠤᠤ ᠶᠦᠩ ᠶᠣᠣ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠡᠤ ᠶᠦᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠳᠡᠳ᠋ ᠱᠦᠵᠢ᠂ | ᠡᠷᠬᠢᠯᠡᠭᠴᠢ ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠸᠠᠩ ᠶᠠᠨ ᠵᠢᠶᠦ᠋ᠨ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠨᠡᠷ᠎ᠡ ᠳᠤᠷᠠᠳᠤᠭᠰᠠᠨ ᠵᠢᠱᠢᠭᠳᠡᠭᠴᠢ | ᠲᠢᠶᠠᠨ ᠹᠧᠨ ᠴᠢᠩ᠂ ᠳᠥᠷᠪᠡᠨ ᠶᠡᠭᠡ ᠤᠳᠤᠷᠢᠳᠬᠤ ᠪᠠᠭ ᠤᠨ ᠪᠤᠰᠤᠳ ᠪᠣᠳᠠᠲᠠᠶ ᠲᠤᠰᠢᠶᠠᠯ ᠲᠠᠢ ᠰᠢᠶᠠᠨ ᠤ | ᠱᠠᠲᠤᠨ ᠤ ᠤᠳᠤᠷᠢᠳᠤᠯᠭ᠎ᠠ ᠵᠢᠴᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠭᠤᠤᠯ ᠤᠳᠤᠷᠢᠳᠤᠯᠭ᠎ᠠ | ᠲᠡᠷᠢᠭᠦᠯᠡᠭᠴᠢᠳ ᠤᠨ ᠲᠠᠶᠢᠰᠠᠨ ᠳᠤ ᠰᠠᠭᠤᠪᠠ᠃ | ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠰᠣᠯᠢᠬᠤ ᠠᠵᠢᠯ ᠤᠨ ᠲᠠᠪᠤᠳᠤᠭᠠᠷ ᠱᠠᠯᠠᠪᠳᠠᠭᠤᠯᠤᠨ | ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ᠂ ᠬᠤᠳᠠ ᠶᠢᠨ ᠨᠠᠮ ᠤᠨ ᠬᠤᠷᠢᠶ᠎ᠠ ᠠᠴᠠ ᠲᠤᠮᠢᠯᠠᠭᠰᠠᠨ | ᠬᠤᠭᠤᠴᠠᠭ᠎ᠠ ᠰᠣᠯᠢᠬᠤ ᠠᠵᠢᠯ ᠤᠨ ᠨᠢᠭᠡᠳᠦᠭᠡᠷ ᠵᠢᠭᠠᠨ ᠵᠢᠯᠤᠭᠤᠳᠴᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ | ᠤᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠭᠤᠤ ᠶᠦᠩ ᠯᠢᠶᠠᠩ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ | | | | | | ᠦᠳᠡ ᠶᠢᠨ ᠡᠮᠦᠨᠡᠬᠢ 9 ᠴᠠᠭ ᠲᠤ᠂ ᠤᠯᠤᠰ ᠲᠥᠷᠥ ᠶᠢᠨ ᠵᠥᠪᠯᠡᠯᠭᠡᠨ ᠤ ᠡᠵᠡᠨ ᠬᠤᠷᠤᠭ᠎ᠠ ᠬᠤᠰᠢᠭᠤᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠰᠦᠷ ᠵᠢᠪᠬᠤᠯᠠᠩᠲᠤ ᠤᠯᠤᠰ ᠤᠨ | ᠰᠦᠯᠳᠡ ᠳᠠᠭᠤᠤ ᠶᠢᠨ ᠳᠤᠮᠳᠠ ᠡᠬᠢᠯᠡᠪᠡ᠃ | | | | ᠵᠠᠩ ᠽᠢ ᠵᠧᠨ ᠤᠯᠤᠰ ᠲᠥᠷᠥ ᠶᠢᠨ ᠵᠥᠪᠯᠡᠯᠭᠡᠨ ᠤ ᠡᠵᠡᠨ ᠬᠤᠷᠤᠭ᠎ᠠ ᠬᠤᠰᠢᠭᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠬᠡᠯ ᠬᠢᠪᠠ᠃ | | | | | | | | | ᠢᠯᠡᠳᠬᠡᠯ ᠳᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ | ᠬᠤᠷᠢᠶᠠᠨ ᠤ ᠠᠵᠢᠯ ᠢ ᠡᠷᠭᠢᠴᠡᠭᠦᠯᠪᠡ᠃ ᠥᠩᠭᠡᠷᠡᠭᠰᠡᠨ ᠳᠥᠷᠪᠡᠨ ᠵᠢᠯ ᠪᠣᠯ᠂ ᠮᠠᠨ ᠤ ᠬᠤᠰᠢᠭᠤᠨ ᠤ | ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠵᠦ᠂ ᠬᠥᠭᠵᠢᠯᠲᠡ ᠶᠢᠨ ᠬᠦᠴᠦᠨ ᠲᠠᠰᠤᠷᠠᠯᠲᠠ ᠥᠬᠡᠶ | ᠬᠤᠷᠠᠮᠳᠤᠵᠤ᠂ ᠬᠥᠭᠵᠢᠯᠲᠡ ᠶᠢᠨ ᠢᠷᠡᠭᠡᠳᠦᠶ ᠲᠠᠰᠤᠷᠠᠯᠲᠠ ᠥᠬᠡᠶ ᠥᠷᠭᠡᠵᠢᠭᠰᠡᠨ ᠳᠥᠷᠪᠡᠨ ᠵᠢᠯ᠂ ᠮᠥᠨᠴᠦ ᠮᠠᠨ ᠤ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠵᠠᠯᠭᠠᠮᠵᠢᠯᠠᠯ ᠤᠨ ᠳᠤᠮᠳᠠ ᠬᠥᠭᠵᠢᠵᠦ᠂ ᠬᠦᠭᠵᠢᠯᠳᠡ | ᠶᠢᠨ ᠳᠤᠮᠳᠠ ᠰᠢᠨ᠎ᠡ ᠶᠢ ᠡᠭᠦᠳᠴᠦ᠂ ᠰᠢᠨ᠎ᠡ ᠶᠢ ᠡᠭᠦᠳᠬᠦ ᠳᠤᠮᠳᠠ ᠤᠷᠤᠭᠰᠢᠯᠠᠭᠰᠠᠨ ᠳᠥᠷᠪᠡᠨ ᠵᠢᠯ ᠪᠣᠯᠤᠨ᠎ᠠ᠃ | ᠳᠥᠷᠪᠡᠨ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ᠂ ᠤᠯᠤᠰ ᠲᠥᠷᠥ ᠶᠢᠨ ᠵᠥᠪᠯᠡᠯᠭᠡ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ | ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠪᠠᠨ ᠯᠠᠪᠳᠠᠭᠤᠨ ᠪᠠᠲᠤᠲᠠᠶ | ᠬᠦᠢᠴᠡᠳᠬᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠢᠳᠡᠪᠬᠢᠲᠡᠶ ᠬᠤᠪᠢ ᠨᠡᠮᠡᠷᠢ ᠦᠵᠡᠭᠦᠯᠪᠡ᠃ | ᠮᠡᠳᠡᠭᠦᠯᠦᠯᠲᠡ ᠳᠤ᠂ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠠᠴᠠ ᠨᠠᠰᠢ᠂ | ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ | ᠵᠤᠭᠰᠤᠴᠠ ᠬᠦᠴᠦᠨ ᠢᠶᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠭᠯᠡᠯ ᠨᠡᠩ ᠡᠷᠡᠰ | ᠪᠠᠲᠤ ᠪᠣᠯᠪᠠ᠃ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠴᠢᠬᠤᠯᠠ ᠤᠯᠤᠰ | ᠲᠦᠷᠦ ᠶᠢᠨ ᠡᠭᠦᠷᠭᠡ ᠪᠣᠯᠭᠠᠵᠤ᠂ ᠤᠨᠤᠯ ᠢᠶᠠᠷ ᠵᠡᠪᠰᠡᠭᠯᠡᠬᠦ ᠶᠢ ᠴᠢᠬᠤᠯᠠᠴᠢᠯᠠᠨ᠂ ᠦᠵᠡᠯ ᠰᠠᠨᠠᠭᠠᠨ ᠤ ᠲᠠᠯ᠎ᠠ ᠪᠠᠷ | ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠭᠯᠡᠯ ᠢᠶᠠᠨ ᠪᠠᠲᠤ | ᠡᠵᠡᠮᠳᠡᠨ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠲᠦᠷᠢᠮ ᠤᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠨᠠᠮ ᠤᠨ ᠤᠳᠤᠷᠢᠳᠤᠯᠭ᠎ᠠ ᠶᠢ | ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠦᠬᠦ ᠶᠠᠪᠤᠴᠠ | ᠡᠯ᠎ᠡ ᠲᠠᠯ᠎ᠠ ᠳᠤ ᠲᠤᠭᠤᠰᠢᠯᠠᠭᠤᠯᠤᠨ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠢᠮᠠᠭᠲᠠ ᠵᠥᠪ ᠤᠯᠤᠰ | ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠪᠠ᠃ | ᠭᠤᠤᠯᠳᠠᠯᠭ᠎ᠠ ᠶᠢᠨ ᠲᠣᠭᠤᠷᠢᠨ ᠳᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠤᠯᠤᠰ | ᠲᠦᠷᠦ ᠶᠢᠨ ᠵᠥᠪᠯᠡᠯᠭᠡᠨ ᠢ ᠨᠡᠩ ᠴᠢᠨᠠᠷ ᠰᠠᠶᠢᠲᠠᠢ ᠪᠣᠯᠭᠠᠪᠠ᠃ ᠵᠦᠪᠯᠡᠯᠬᠡ ᠠᠷᠠᠳᠴᠢᠯᠠᠯ ᠤᠨ ᠴᠢᠬᠤᠯᠠ ᠠᠷᠭ᠎ᠠ ᠵᠠᠮ | ᠪᠠ ᠲᠤᠰᠬᠠᠶ ᠵᠦᠪᠯᠡᠯᠬᠡᠨ ᠤ ᠪᠠᠶᠢᠭᠤᠯᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠵᠦᠪᠯᠡᠯᠬᠡᠨ ᠤ ᠬᠡᠯᠪᠡᠷᠢ | ᠪᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠵᠦᠪᠯᠡᠯᠬᠡᠨ ᠤ ᠲᠦᠷᠢᠮ ᠢ ᠲᠡᠭᠦᠯᠳᠡᠷᠵᠢᠭᠦᠯᠵᠦ᠂ ᠵᠦᠪᠯᠡᠯᠬᠡᠨ ᠤ | ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠬᠡᠯᠪᠡᠷᠢ᠂ ᠣᠯᠠᠨ ᠲᠠᠰ ᠳᠠᠪᠬᠤᠷᠭ᠎ᠠ᠂ ᠣᠯᠠᠨ ᠠᠷᠭ᠎ᠠ | ᠵᠠᠮ ᠢᠶᠠᠷ ᠵᠥᠪᠯᠡᠯᠭᠡ ᠬᠢᠵᠦ ᠲᠥᠷᠥ ᠶᠢᠨ ᠶᠠᠪᠤᠳᠠᠯ ᠢ ᠵᠥᠪᠯᠡᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠥᠬᠦ | ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠨᠠᠯ ᠰᠠᠨᠠᠭᠤᠯᠭ᠎ᠠ᠂ ᠪᠣᠳᠠᠲᠠᠶ | ᠠᠷᠭ᠎ᠠ ᠪᠣᠳᠣᠯᠭ᠎ᠠ ᠭᠠᠷᠭᠠᠬᠤ ᠪᠠᠷ ᠴᠢᠷᠮᠠᠶᠢᠪᠠ᠃ | ᠭᠤᠣᠯᠳᠠᠯᠭ᠎ᠠ ᠶᠢ ᠴᠢᠩᠭ᠎ᠠ ᠠᠳᠬᠤᠵᠤ᠂ ᠬᠠᠷᠠᠯᠲᠠ ᠲᠠᠢ ᠪᠠᠷ ᠬᠦᠴᠦᠯᠡᠵᠤ᠂ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠨᠡᠩ ᠬᠦᠴᠦᠲᠡᠢ ᠪᠣᠯᠭᠠᠬᠤ ᠶᠢ ᠪᠠᠷᠢᠮᠲᠠᠯᠠᠪᠠ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ | ᠪᠠ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ | ᠲᠠᠯᠪᠢᠬᠤ ᠬᠡᠪ ᠵᠠᠭᠪᠤᠷ ᠢᠶᠠᠨ ᠲᠠᠰᠤᠷᠠᠯᠲᠠ ᠥᠬᠡᠶ ᠰᠢᠨᠡᠴᠢᠯᠡᠵᠦ᠂ ᠬᠢᠨᠠᠯᠲᠠ ᠲᠠᠯᠪᠢᠬᠤ ᠪᠣᠳᠠᠲᠤ ᠦᠷ᠎ᠡ | ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠠᠶᠢᠴᠠᠭᠠᠨ ᠦᠵᠡᠵᠦ ᠬᠢᠨᠠᠯᠲᠠ ᠲᠠᠯᠪᠢᠬᠤ ᠬᠦᠴᠦᠯᠡᠴᠡ ᠪᠠᠨ ᠤᠯᠠᠮ | ᠨᠢᠭᠡ ᠠᠯᠬᠤᠮ ᠦᠷᠬᠡᠳᠭᠡᠵᠦ᠂ ᠬᠤᠷᠠᠯ ᠠᠴᠠ ᠬᠢᠨᠠᠯᠲᠠ ᠲᠠᠯᠪᠢᠬᠤ ᠥᠷᠭᠡᠴᠡ ᠪᠠᠨ ᠤᠯᠠᠮ ᠨᠢᠭᠡ ᠠᠯᠬᠤᠮ | ᠥᠷᠭᠡᠳᠬᠡᠨ᠂ ᠰᠠᠨᠠᠯ ᠳᠤᠷᠠᠳᠤᠯᠭ᠎ᠠ ᠳᠤ ᠬᠢᠨᠠᠯᠲᠠ ᠲᠠᠯᠪᠢᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ | ᠂ ᠵᠦᠪᠯᠡᠯᠬᠡ ᠮᠠᠶ᠋ᠢᠭ ᠤᠨ ᠬᠢᠨᠠᠯᠲᠠ ᠲᠠᠯᠪᠢᠬᠤ ᠣᠨᠴᠠᠯᠢᠭ ᠪᠠ ᠳᠠᠪᠠᠭᠤᠯᠢᠭ ᠢᠶᠠᠨ ᠬᠦᠢᠴᠡᠳ ᠪᠠᠳᠠᠷᠠᠭᠤᠯᠪᠡ᠃ | ᠶᠡᠭᠡ ᠲᠠᠯ᠎ᠠ ᠳᠤ ᠦᠢᠯᠡᠴᠢᠯᠡᠵᠤ᠂ ᠰᠠᠨᠠᠭᠤᠯᠭ᠎ᠠ ᠲᠤᠷᠠᠳᠴᠤ ᠵᠠᠰᠠᠭ ᠲᠤ ᠲᠤᠰᠠᠯᠠᠵᠤ᠂ ᠵᠠᠰᠠᠭ ᠤᠨ | ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠶᠢ ᠨᠡᠩ ᠪᠦᠲᠦᠮᠵᠢᠲᠡᠢ ᠪᠣᠯᠭᠠᠬᠤ ᠶᠢ ᠪᠠᠷᠢᠮᠲᠠᠯᠠᠪᠠ᠃ | ︽ᠨᠠᠮ ᠵᠠᠰᠠᠭ ᠤᠨ ᠬᠡᠷᠡᠭᠴᠡᠭᠡ᠂ ᠤᠯᠠᠨ ᠲᠦᠮᠡᠨ ᠤ ᠬᠦᠰᠡᠯ ᠡᠷᠡᠮᠡᠯᠵᠡᠯ᠂ ᠤᠯᠤᠰ ᠲᠦᠷᠦ ᠶᠢᠨ ᠵᠥᠪᠯᠡᠯᠭᠡᠨ ᠤ | ᠴᠢᠳᠠᠪᠤᠷᠢ︾ ᠶᠢᠨ ᠠᠰᠠᠭᠤᠳᠠᠯ ᠢᠶᠠᠷ ᠬᠦᠴᠦᠯᠡᠬᠦ ᠴᠡᠭ ᠪᠣᠯᠭᠠᠵᠤ᠂ ᠭᠤᠤᠯᠳᠠᠯᠭᠠᠳᠤ ᠠᠵᠢᠯ ᠲᠠᠢ ᠨᠢᠭᠲᠠ | ᠤᠶᠠᠯᠳᠤᠭᠤᠯᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠶᠢᠨ ᠶᠡᠭᠡ ᠲᠠᠯ᠎ᠠ ᠳᠤ | ᠪᠦᠬᠦ ᠬᠦᠴᠦᠨ ᠢᠶᠠᠷ ᠢᠶᠠᠨ ᠦᠢᠯᠡᠴᠢᠯᠡᠨ᠂ ᠤᠯᠤᠰ ᠲᠦᠷᠦ ᠶᠢᠨ ᠵᠥᠪᠯᠡᠯᠭᠡᠨ ᠤ ᠴᠢᠳᠠᠪᠤᠷᠢᠲᠠᠨ ᠴᠤᠭᠯᠠᠷᠠᠭᠰᠠᠨ᠂ | ᠤᠶᠤᠨ ᠤᠬᠠᠭᠠᠨ ᠬᠤᠷᠠᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠢᠳᠡᠪᠬᠢᠲᠡᠢ ᠪᠠᠷ ᠠᠷᠭ᠎ᠠ ᠤᠬᠠᠭᠠᠨ | ᠭᠠᠷᠭᠠᠨ ᠬᠦᠴᠦᠨ ᠴᠢᠳᠠᠯ ᠢᠶᠠᠨ ᠡᠷᠭᠦᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠪᠣᠳᠠᠲᠠᠢ | ᠠᠵᠢᠯᠯᠠᠪᠠ᠃ | ᠪᠦᠯᠬᠦᠮᠳᠡᠯ ᠠᠷᠠᠳᠴᠢᠯᠠᠯ ᠢ ᠪᠠᠷᠢᠮᠲᠠᠯᠠᠵᠤ᠂ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠬᠡᠵᠦ᠂ ᠬᠦᠴᠦ ᠪᠠᠨ ᠲᠦᠪᠯᠡᠷᠡᠬᠦᠯᠦᠨ ᠵᠢᠳᠬᠦᠯ ᠴᠢᠷᠮᠠᠶᠢᠯᠭ᠎ᠠ ᠭᠠᠷᠭᠠᠪᠠ᠃ ᠢᠮᠠᠭᠲᠠ ᠠᠷᠠᠳ ᠤᠯᠠᠨ ᠤ | ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠷᠠᠯᠲᠠ ᠪᠠᠨ | ᠪᠣᠯᠭᠠᠵᠤ᠂ ᠠᠷᠠᠳ ᠤᠨ ᠪᠠᠶᠢᠳᠠᠯ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠠᠩᠬᠠᠷᠴᠤ᠂ ᠡᠯ᠎ᠡ | ᠲᠠᠯ᠎ᠠ ᠶᠢᠨ ᠬᠠᠷᠢᠴᠠᠭ᠎ᠠ ᠶᠢ ᠢᠳᠡᠪᠬᠢᠲᠡᠢ ᠵᠣᠬᠢᠴᠠᠭᠤᠯᠵᠤ᠂ ᠰᠣᠯᠢᠯᠴᠠᠭ᠎ᠠ ᠬᠠᠷᠢᠯᠴᠠᠭ᠎ᠠ ᠪᠠᠨ ᠬᠦᠨᠵᠡᠬᠡᠶᠢᠷᠡᠬᠦᠯᠵᠦ᠂ | ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠰᠤᠷᠠᠯᠳᠠ ᠦᠭᠡᠢ ᠨᠡᠮᠡᠭᠳᠡᠵᠦ᠂ ᠰᠣᠶᠣᠯ ᠲᠡᠦᠬᠡ ᠶᠢᠨ ᠤᠬᠠᠭᠤᠯᠭ᠎ᠠ | ᠯᠠᠪᠳᠠᠭᠤᠨ ᠪᠠᠲᠤᠲᠠᠢ ᠥᠷᠨᠢᠵᠦ᠂ ᠥᠭᠡᠷᠡᠴᠢᠯᠡᠯᠲᠡ ᠬᠥᠭᠵᠢᠯᠲᠡ ᠶᠢᠨ ᠵᠢᠩᠬᠢᠨᠢ ᠡᠨᠧᠷᠬᠢ ᠶᠢ ᠲᠠᠰᠤᠷᠠᠯᠳᠠ ᠦᠭᠡᠢ | ᠨᠢᠭᠲᠠᠷᠠᠭᠤᠯᠪᠠ᠃ | ᠦᠨᠳᠦᠰᠦ ᠪᠠᠨ ᠪᠠᠬᠢᠵᠢᠭᠦᠯᠦᠨ ᠰᠠᠭᠤᠷᠢ ᠪᠠᠨ ᠴᠢᠩᠭᠠᠳᠬᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠨᠠᠩ ᠴᠢᠩᠭᠠᠳᠬᠠᠪᠠ᠃ ︽ᠤᠯᠤᠰ ᠲᠦᠷᠦ ᠶᠢᠨ | ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠲᠦᠷᠦ ᠶᠢᠨ ᠬᠡᠷᠡᠭ ᠢ ᠵᠥᠪᠯᠡᠬᠦ ᠳᠡᠭᠡᠨ ᠴᠢᠳᠠᠮᠠᠭᠠᠢ | ᠪᠠᠶᠢᠬᠤ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ︾ | ᠱᠠᠭᠠᠷᠳᠠᠯᠭ᠎ᠠ ᠶᠣᠰᠣᠭᠠᠷ᠂ ᠬᠠᠮᠢᠶᠠᠷᠬᠤ ᠦᠢᠯᠡᠴᠢᠯᠡᠬᠦ ᠶᠢ ᠵᠡᠷᠭᠡ ᠪᠠᠷ ᠴᠢᠬᠤᠯᠠᠴᠢᠯᠠᠬᠤ᠂ ᠭᠡᠰᠢᠭᠦᠳ ᠤᠨ ᠪᠡᠶᠡᠴᠢ | ᠴᠣᠭᠴᠠ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠶᠢ ᠪᠠᠷᠢᠮᠲᠠᠯᠠᠵᠤ᠂ ᠨᠡᠪᠳᠡᠷᠡᠯᠴᠡᠭᠡ ᠬᠠᠷᠢᠯᠴᠠᠭ᠎ᠠ ᠶᠢ | ᠴᠢᠬᠤᠯᠠᠴᠢᠯᠠᠵᠤ᠂ ᠲᠤᠰᠬᠠᠢ ᠬᠡᠰᠢᠬᠦᠳ ᠤᠨ ᠰᠠᠭᠤᠷᠢ ᠦᠢᠯᠡᠳᠦᠯ ᠢ ᠲᠠᠰᠤᠷᠠᠯᠳᠠ ᠦᠭᠡᠢ ᠪᠠᠲᠤᠳᠬᠠᠨ᠂ ᠠᠵᠢᠯ ᠤᠨ | ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠶᠢᠭᠤᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠦᠢᠯᠡᠳᠦᠯ ᠢᠶᠠᠨ ᠢᠯᠡᠳᠲᠡ ᠴᠢᠩᠭᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠳᠠ ᠦᠭᠡᠢ | ᠠᠬᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠪᠠᠨ ᠳᠡᠭᠡᠭᠰᠢᠯᠡᠭᠦᠯᠪᠡ᠃ | ᠢᠯᠡᠳᠬᠡᠯ ᠳᠤ ᠴᠢᠬᠤᠯᠠᠴᠢᠯᠠᠬᠤ ᠳᠠᠭᠠᠨ᠂ ᠬᠤᠶᠢᠰᠢᠳᠠ ᠶᠢᠨ ᠲᠠᠪᠤᠨ ᠵᠢᠯ ᠪᠣᠯ ᠮᠠᠨ ᠤ ᠬᠤᠰᠢᠭᠤ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠭᠰᠠᠨ ᠰᠠᠭᠤᠷᠢᠨ ᠳᠡᠭᠡᠷ᠎ᠡ᠂ ᠢᠯᠠᠯᠲᠠ ᠶᠢᠨ ᠡᠷᠴᠢᠨ ᠳᠡᠭᠡᠷ᠎ᠡ ᠪᠠᠨ | ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢ | ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ᠂ ᠮᠠᠨ ᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ | ᠰᠢᠨ᠎ᠡ ᠴᠠᠭ ᠦᠶ᠎ᠡ ᠳᠤ ᠰᠠᠭᠤᠷᠢᠯᠠᠵᠤ᠂ ᠰᠢᠨ᠎ᠡ ᠬᠠᠭᠤᠳᠠᠰᠤ ᠶᠢ ᠪᠢᠴᠢᠭᠯᠡᠬᠦ ᠴᠢᠬᠤᠯᠠ ᠴᠠᠭ ᠬᠤᠭᠤᠴᠠᠭ᠎ᠠ ᠪᠣᠯᠤᠨ᠎ᠠ᠃ | ᠰᠢᠨ᠎ᠡ ᠨᠢᠭᠡ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠤᠰᠢᠭᠤᠨ ᠤ ᠠᠷᠪᠠᠨ ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠤᠷᠠᠳᠤᠭᠰᠠᠨ ︽ᠲᠠᠪᠤᠨ ᠤᠷᠢᠳᠠᠪᠠᠷ︾ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠦᠯᠬᠦᠮᠳᠡᠯ ᠪᠠ | ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠴᠢᠩᠭ᠎ᠠ ᠠᠳᠬᠤᠵᠤ᠂ ᠠᠷᠠᠳᠴᠢᠯᠠᠯ ᠢ ᠪᠠᠳᠠᠷᠠᠭᠤᠯᠬᠤ ᠪᠠ | ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠨ᠂ ᠰᠠᠨᠠᠭᠤᠯᠭ᠎ᠠ ᠲᠤᠷᠠᠳᠴᠤ | ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠤᠰ ᠴᠢᠭᠯᠡᠯ ᠢᠶᠠᠷ ᠬᠦᠴᠦᠯᠡᠬᠦ᠂ ᠤᠯᠤᠰ | ᠲᠥᠷᠥ ᠶᠢᠨ ᠵᠥᠪᠯᠡᠯᠭᠡ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ | ᠲᠦᠷᠦ ᠶᠢᠨ ᠶᠠᠪᠤᠳᠠᠯ ᠢ ᠵᠥᠪᠯᠡᠬᠦ ᠡᠷᠬᠡ ᠲᠤᠰᠢᠶᠠᠯ ᠢᠶᠠᠨ ᠪᠦᠲᠦᠮᠵᠢᠲᠡᠶ ᠬᠦᠢᠴᠡᠳᠬᠡᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠣᠳᠣᠬᠢᠴᠢᠯᠠᠭᠰᠠᠨ ᠡᠵᠡᠨ ᠬᠤᠷᠤᠭ᠎ᠠ ᠶᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ ᠣᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢᠶᠠᠨ ᠡᠷᠭᠦᠨ᠎ᠡ᠃ | | ᠢᠯᠡᠳᠬᠡᠯ ᠳᠤ ᠱᠠᠭᠠᠷᠳᠠᠬᠤ ᠳᠠᠭᠠᠨ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠪᠠᠨ | ᠴᠢᠩᠭᠠᠳᠬᠠᠵᠤ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢᠨ ᠳᠡᠭᠡᠷ᠎ᠡ ᠰᠢᠨ᠎ᠡ ᠬᠤᠪᠢ ᠨᠡᠮᠡᠷᠢ | ᠦᠵᠡᠬᠦᠯᠬᠦ ᠬᠡᠷᠡᠭᠳᠠᠢ᠃ ᠭᠤᠤᠯᠳᠠᠯᠭ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ᠤᠯᠤᠰ | ᠲᠥᠷᠥ ᠶᠢᠨ ᠵᠥᠪᠯᠡᠯᠭᠡ ᠬᠢᠬᠦ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠭᠦᠨᠵᠡᠭᠡᠶ ᠠᠬᠢᠭᠤᠯᠵᠤ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠵᠠᠰᠠᠭ ᠤᠨ ᠶᠠᠪᠤᠳᠠᠯ ᠳᠤ ᠣᠷᠣᠯᠴᠠᠨ | ᠲᠥᠷᠥ ᠶᠢᠨ ᠶᠠᠪᠤᠳᠠᠯ ᠢ ᠵᠥᠪᠯᠡᠵᠦ᠂ ᠥᠭᠡᠷᠡᠴᠢᠯᠡᠯᠲᠡ ᠬᠥᠭᠵᠢᠯᠲᠡ ᠳᠤ ᠬᠦᠴᠦᠨ ᠨᠡᠮᠡᠷᠢᠯᠡᠬᠦ ᠶᠡᠭᠡ ᠲᠠᠯ᠎ᠠ ᠳᠤ | ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠡ᠃ ᠪᠦᠯᠬᠦᠮᠳᠡᠯ ᠢ ᠴᠢᠬᠤᠯᠠᠴᠢᠯᠠᠨ ᠠᠷᠠᠳᠴᠢᠯᠠᠯ ᠢ ᠪᠠᠳᠠᠷᠠᠭᠤᠯᠵᠤ᠂ | ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠦᠴᠦᠨ ᠴᠢᠳᠠᠯ ᠢᠶᠠᠨ ᠨᠢᠭᠲᠠᠷᠠᠭᠤᠯᠬᠤ ᠲᠠᠯ᠎ᠠ ᠪᠠᠷ ᠰᠢᠨ᠎ᠡ ᠪᠠᠶᠢᠳᠠᠯ ᠢ | ᠡᠬᠦᠳᠬᠦ ᠬᠡᠷᠡᠭᠳᠠᠢ᠃ ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠴᠦ ᠪᠣᠳᠠᠲᠤ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ | ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ ᠬᠡᠪᠡ᠃ | | | | ᠬᠤᠷᠠᠯ ᠳᠡᠭᠡᠷ᠎ᠡ᠂ ᠰᠢᠶᠧ ᠯᠢ ᠶᠤᠸᠠᠨ ᠤᠯᠤᠰ ᠲᠥᠷᠥ ᠶᠢᠨ ᠵᠥᠪᠯᠡᠯᠭᠡᠨ ᠤ ᠡᠵᠡᠨ ᠬᠤᠷᠤᠭ᠎ᠠ ᠬᠤᠰᠢᠭᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠰᠠᠨᠠᠯ | ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠪᠠ᠃ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠠᠩ ᡁᠢ ᠵᠢᠶᠦ᠋ᠨ᠂ ᠮᠢᠶᠣᠣ ᠯᠦ᠂ ᠯᠢ ᠨᠢᠩ᠂ ᠸᠠᠩ ᠶᠦᠩ | ᠵᠢᠶᠦ᠋ᠨ᠂ ᠵᠠᠩ ᠰᠢᠨ ᠫᠢᠩ᠂ ᠰᠠᠶᠢᠨ᠎ᠠ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ | | | | ᠵᠠᠩ ᡁᠢ ᠵᠢᠶᠦ᠋ᠨ ︽︿ᠠᠵᠤ ᠦᠢᠯᠡᠳᠪᠦᠷᠢ ᠪᠠᠷ ᠲᠠᠷᠢᠶᠠᠯᠠᠩ ᠢ ᠲᠡᠳᠬᠦᠬᠦ﹀ ᠪᠠᠷ ᠲᠠᠷᠢᠶᠠᠯᠠᠩ ᠮᠠᠯ ᠠᠵᠤ | ᠠᠬᠤᠢ ᠶᠢᠨ ᠬᠦᠴᠦᠷᠬᠡᠭ ᠬᠤᠰᠢᠭᠤ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠰᠤᠭᠠᠢ︾ ᠭᠡᠬᠦ ᠭᠠᠷᠴᠠᠭ ᠢᠶᠠᠷ | ᠶᠠᠷᠢᠶ᠎ᠠ ᠲᠠᠯᠪᠢᠪᠠ᠃ | | | | ᠮᠢᠶᠣᠣ ᠯᠦ ︽ᠰᠢᠨ᠎ᠡ ᠴᠠᠭ ᠦᠶ᠎ᠡ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠮ ᠤᠨ | ᠭᠡᠰᠢᠭᠦᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠶᠠᠷᠢᠶ᠎ᠠ | ᠲᠠᠯᠪᠢᠪᠠ᠃ | | | | ᠯᠢ ᠨᠢᠩ ︽︿ᠲᠤᠤᠷ᠎ᠠ ᠨᠡᠬᠦᠷᠡᠰᠦᠳᠦ᠋ᠷᠦᠭᠴᠢᠳᠦ﹀ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ | ︿ᠬᠤᠤᠰ ᠨᠡᠬᠦᠷᠡᠰᠦᠳᠦ᠋ᠷᠦᠭᠴᠢᠳᠦ﹀ ᠬᠠᠷᠠᠯᠲᠠ ᠶᠢ ᠪᠠᠷᠢᠮᠵᠢᠶᠠᠨ ᠳᠤ ᠬᠦᠷᠭᠡᠵᠦ ᠦᠷ᠎ᠡ ᠪᠦᠲᠦᠮᠵᠢ ᠭᠠᠷᠭᠠᠬᠤ ᠶᠢ | ᠯᠠᠪᠳᠠᠭᠤᠨ ᠢᠶᠠᠷ ᠠᠬᠢᠭᠤᠯᠤᠶ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ | | | | ᠸᠠᠩ ᠶᠦᠩ ᠵᠢᠶᠦ᠋ᠨ ︽ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠪᠠᠷ ᠮᠠᠯᠴᠢᠨ | ᠲᠠᠷᠢᠶᠠᠴᠢᠨ ᠤ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠶᠠ︾ ᠭᠡᠬᠦ ᠰᠡᠳᠦᠪ ᠢᠶᠠᠷ ᠶᠠᠷᠢᠶ᠎ᠠ | ᠲᠠᠯᠪᠢᠪᠠ᠃ | | | | ᠵᠠᠩ ᠰᠢᠨ ᠫᠢᠩ ︽ᠨᠡᠭᠦᠷᠡᠰᠦᠨ ᠤ ᠠᠵᠤ ᠠᠬᠤᠶᠢᠯᠠᠯ ᠤᠨ ᠠᠵᠢᠯᠴᠢᠨ ᠤᠷᠢᠵᠤ ᠴᠢᠳᠠᠪᠤᠷᠢᠲᠠᠨ ᠤᠷᠢᠬᠤ | ᠬᠦᠴᠢᠷ ᠠᠰᠠᠭᠤᠳᠠᠯ ᠢ ᠰᠢᠢᠳᠪᠦᠷᠢᠯᠡᠵᠦ ᠨᠡᠭᠦᠷᠡᠰᠦᠨ ᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠶ᠎ᠠ︾ ᠭᠡᠬᠦ ᠭᠠᠷᠴᠠᠭ ᠢᠶᠠᠷ ᠶᠠᠷᠢᠶ᠎ᠠ ᠲᠠᠯᠪᠢᠪᠠ᠃ | | | | ᠰᠠᠶᠢᠨ᠎ᠠ ︽ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠥᠯᠢᠭᠡᠷ ᠢ ᠰᠠᠶᠢᠬᠠᠨ ᠶᠠᠷᠢᠵᠤ ᠡᠵᠡᠨ ᠬᠤᠷᠤᠭ᠎ᠠ | ᠪᠠᠨ ᠮᠠᠭᠳᠠᠨ ᠳᠠᠭᠤᠯᠠᠶ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠼᠦᠢ ᠶᠦᠩ ᠫᠢᠩ ᠠᠵᠢᠯᠲᠠᠨ ᠤ ᠶᠠᠪᠤᠳᠠᠯ ᠤᠨ ᠲᠣᠳᠣᠷᠬᠠᠶᠢᠯᠠᠯᠲᠠ ᠬᠢᠪᠠ᠃ | ᠪᠤᠰᠤᠳ ᠪᠠᠶᠢᠭᠤᠯᠭ᠎ᠠ ᠳᠠᠭᠠᠨ ᠪᠠᠶᠢᠭ᠎ᠠ ᠳᠡᠳ᠋ ᠰᠢᠶᠠᠨ ᠤ ᠱᠠᠲᠤᠨ ᠠᠴᠠ ᠳᠡᠭᠡᠭᠰᠢᠬᠢ ᠤᠳᠤᠷᠢᠳᠤᠯᠭ᠎ᠠ᠂ | ᠬᠠᠷᠢᠶ᠎ᠠ ᠲᠣᠭᠤᠷᠢᠭ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠤᠯ ᠤᠳᠤᠷᠢᠳᠤᠯᠭ᠎ᠠ᠂ | ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠨ ᠲᠥᠯᠥᠭᠡᠯᠡᠭᠴᠢ ᠤᠷᠢᠯᠭ᠎ᠠ ᠪᠠᠷ ᠬᠤᠷᠠᠯ ᠳᠤ ᠣᠷᠣᠯᠴᠠᠪᠠ᠃ | ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠨᠠᠮ ᠤᠨ ᠳᠤᠭᠤᠶᠢᠯᠠᠩ ᠤᠨ ᠪᠦᠷᠢᠯᠳᠦᠬᠦᠨ᠂ ᠠᠯᠪᠠᠨ | ᠬᠡᠷ ᠤᠨ ᠡᠷᠬᠢᠯᠡᠭᠴᠢ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ | ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠬᠠᠮᠢᠶ᠎ᠠ ᠪᠥᠬᠦᠶ ᠤᠳᠤᠷᠢᠳᠤᠯᠭ᠎ᠠ᠂ ᠡᠯ᠎ᠡ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠪᠣᠯᠤᠨ ᠱᠦᠶ ᠠᠨ ᠰᠢᠨ᠎ᠡ ᠬᠤᠲᠠ ᠶᠢᠨ ᠨᠠᠮ ᠤᠨ ᠠᠵᠢᠯ ᠤᠨ ᠬᠤᠷᠢᠶᠠᠨ ᠤ ᠱᠦᠵᠢ᠂ | ᠬᠤᠰᠢᠭᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠨᠢᠬᠡᠴᠢ ᠶᠢᠨ ᠬᠠᠷᠢᠭᠤᠴᠠᠯᠭᠠᠲᠠᠨ᠂ ᠬᠤᠰᠢᠭᠤᠨ ᠤ ᠬᠠᠷᠢᠶ᠎ᠠ ᠡᠯ᠎ᠡ ᠠᠵᠢᠯ ᠦᠢᠯᠡᠰ ᠤᠨ | ᠨᠢᠬᠡᠴᠢ᠂ ᠬᠦᠷᠢᠶᠡᠯᠡᠩ ᠲᠣᠭᠤᠷᠢᠭ ᠤᠨ ᠭᠤᠤᠯ ᠤᠳᠤᠷᠢᠳᠤᠯᠭ᠎ᠠ᠂ ᠬᠤᠰᠢᠭᠤᠨ ᠤ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ | ᠮᠥᠩᠭᠦᠨ ᠬᠦᠢᠯᠬᠡᠬᠡᠨ ᠤ ᠰᠢᠰᠲ᠋ᠧᠮ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | | | | | | | |