| 1 ᠰᠠᠷ᠎ᠠ ᠶᠢᠨ 7 ᠤ ᠦᠳᠡ ᠶᠢᠨ ᠡᠮᠦᠨ᠎ᠡ᠂ ᠡᠵᠡᠨ ᠬᠤᠷᠤᠭ᠎ᠠ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠯᠲᠠᠨᠰᠢᠷᠡᠭᠡ | ᠪᠠᠯᠭᠠᠰᠤᠨ ᠳᠤ ᠬᠤᠷᠠᠯᠳᠤᠪᠠ᠃ | | | | ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ ᠤᠷᠤᠯᠴᠠᠬᠤ ᠶᠤᠰᠤᠳᠠᠢ ᠲᠦᠯᠦᠬᠡᠯᠡᠭᠴᠢ 174 ᠬᠦᠮᠦᠨ᠂ ᠲᠤᠰ ᠤᠳᠠᠭᠠᠨ ᠤ ᠪᠦᠬᠦᠳᠡ | ᠬᠤᠷᠠᠯ ᠳᠤ ᠤᠷᠤᠯᠴᠠᠭᠰᠠᠨ ᠲᠦᠯᠦᠬᠡᠯᠡᠭᠴᠢ 172 ᠬᠦᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ | ᠲᠤᠭ᠎ᠠ ᠳᠤ ᠨᠡᠶᠢᠴᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠬᠤᠸᠠ ᠷᠦᠢ ᠹᠧᠩ ᠬᠤᠷᠠᠯ ᠳᠤ ᠣᠷᠣᠯᠴᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠸᠠᠩ ᠶᠠᠨ ᠵᠢᠶᠦ᠋ᠨ ᠬᠤᠷᠠᠯ ᠢ | ᠡᠷᠬᠢᠯᠡᠪᠡ᠃ ᠶᠡᠭᠡ ᠬᠤᠷᠠᠯ ᠤᠨ ᠬᠦᠢᠴᠡᠳᠬᠡᠭᠴᠢ ᠲᠡᠷᠢᠭᠦᠯᠡᠭᠴᠢ ᠬᠤᠤ ᠶᠦᠩ ᠶᠣᠣ᠂ ᠦ᠋ ᠶᠦᠨ᠂ ᠲᠢᠶᠠᠨ ᠹᠧᠨ | ᠴᠢᠩ᠂ ᠾᠧ ᠰᠢᠶᠠᠩ ᠭᠦᠸᠧ᠂ ᠭᠤᠤ ᠰᠢᠶᠤᠤ ᠬᠤᠩ᠂ ᠱᠢ ᠸᠧᠨ ᠶᠢᠩ᠂ ᠶᠠᠩ ᠲᠡᠯᠡᠶ᠂ ᠸᠠᠩ ᠶᠦᠨ ᠹᠧᠩ᠂ | ᠭᠤᠤ ᠵᠥᠩ ᠴᠠᠩ᠂ ᠸᠠᠩ ᠰᠡᠴᠡᠨ᠂ ᠴᠢ ᠰᠢ ᠬᠠᠶ ᠵᠢᠴᠢ ᠪᠤᠰᠤᠳ ᠲᠡᠷᠢᠭᠦᠯᠡᠭᠴᠢᠳ ᠤᠨ ᠪᠦᠯᠬᠦᠮ ᠤᠨ | ᠪᠦᠷᠢᠯᠳᠦᠬᠦᠨ ᠪᠠ ᠠᠷᠠᠳ ᠤᠨ ᠰᠢᠭᠦᠬᠦ ᠬᠤᠷᠢᠶᠠᠨ ᠤ ᠣᠷᠣᠯᠠᠭᠴᠢ ᠬᠤᠷᠢᠶᠠᠨ ᠳᠠᠷᠤᠭ᠎ᠠ᠂ ᠠᠷᠠᠳ ᠤᠨ ᠪᠠᠶᠢᠴᠠᠭᠠᠬᠤ | ᠬᠤᠷᠢᠶᠠᠨ ᠤ ᠣᠷᠣᠯᠠᠭᠴᠢ ᠪᠠᠶᠢᠴᠠᠭᠠᠬᠤ ᠳᠠᠷᠤᠭ᠎ᠠ ᠲᠡᠷᠢᠭᠦᠯᠡᠭᠴᠢᠳ ᠤᠨ ᠲᠠᠶᠢᠰᠠᠨ ᠳᠤ ᠰᠠᠭᠤᠪᠠ᠃ | ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠰᠣᠯᠢᠬᠤ ᠠᠵᠢᠯ ᠤᠨ ᠲᠠᠪᠤᠳᠤᠭᠠᠷ ᠱᠠᠭᠠᠷᠳᠠᠨ ᠪᠠᠶᠢᠴᠠᠭᠠᠵᠤ | ᠵᠢᠭᠠᠨ ᠵᠢᠯᠣᠭᠤᠳᠬᠤ ᠳᠤᠭᠤᠶᠢᠯᠠᠩ᠂ ᠬᠤᠳᠠ ᠶᠢᠨ ᠨᠠᠮ ᠤᠨ ᠬᠤᠷᠢᠶ᠎ᠠ ᠠᠴᠠ ᠲᠤᠮᠢᠯᠠᠭᠰᠠᠨ ᠬᠤᠭᠤᠴᠠᠭ᠎ᠠ ᠰᠣᠯᠢᠬᠤ | ᠠᠵᠢᠯ ᠤᠨ ᠨᠢᠭᠡᠳᠦᠭᠡᠷ ᠵᠢᠭᠠᠨ ᠵᠢᠯᠤᠭᠤᠳᠴᠤ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠦᠬᠦᠢ | ᠤᠳᠤᠷᠢᠳᠤᠯᠭ᠎ᠠ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | | | | | | ᠦᠳᠡ ᠶᠢᠨ ᠡᠮᠦᠨ᠎ᠡ 9 ᠴᠠᠭ ᠲᠤ᠂ ᠸᠠᠩ ᠶᠠᠨ ᠵᠢᠶᠦ᠋ᠨ᠄ ᠡᠵᠡᠨ ᠬᠤᠷᠤᠭ᠎ᠠ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ | ᠡᠬᠢᠯᠡᠭᠰᠡᠨ ᠢ ᠵᠠᠷᠯᠠᠪᠠ᠃ | | | | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ | ᠡᠤ ᠶᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ ᠨᠢ ᠨᠡᠶᠢᠳᠡ ᠲᠦᠷᠪᠡᠨ ᠬᠡᠰᠡᠭ ᠢᠶᠠᠷ ᠪᠦᠷᠢᠯᠳᠦᠵᠤ᠄ ᠲᠤᠰ | ᠬᠤᠭᠤᠴᠠᠭᠠᠨ ᠤ ᠵᠠᠰᠠᠭ ᠤᠨ ᠣᠷᠳᠣᠨ ᠵᠢᠴᠢ 2021 ᠣᠨ ᠤ ᠠᠵᠢᠯ ᠤᠨ ᠡᠷᠭᠢᠴᠡᠭᠦᠯᠦᠯ︔ ᠬᠤᠶᠢᠰᠢᠳᠠ ᠶᠢᠨ | ᠲᠠᠪᠤᠨ ᠵᠢᠯ ᠤᠨ ᠠᠵᠢᠯ ᠤᠨ ᠰᠡᠳᠬᠢᠴᠡ ᠪᠠ ᠬᠠᠷᠠᠯᠲᠠ︔ 2022 ᠣᠨ ᠤ ᠠᠵᠢᠯ ᠤᠨ ᠲᠣᠬᠢᠷᠠᠭᠤᠯᠤᠯᠲᠠ︔ | ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ | | | | ᠦ᠋ ᠶᠦᠨ ᠶᠠᠷᠢᠬᠤ ᠳᠠᠭᠠᠨ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠨᠠᠰᠢ᠂ ᠬᠠᠳᠠᠭᠤ ᠴᠢᠩᠭ᠎ᠠ ᠨᠠᠷᠢᠨ | ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ᠂ ᠪᠡᠷᠬᠡ ᠬᠠᠲᠠᠭᠤᠵᠢᠯᠲᠠᠶ ᠬᠦᠨᠳᠦ ᠶᠡᠭᠡ ᠥᠭᠡᠷᠡᠴᠢᠯᠡᠯᠲᠡ ᠬᠥᠭᠵᠢᠯᠲᠡ | ᠶᠢᠨ ᠡᠭᠦᠷᠭᠡ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ | ᠳᠠᠭᠠᠷᠢᠯᠲᠠ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠵᠢᠯᠣᠭᠤᠳᠣᠯᠭ᠎ᠠ ᠳᠣᠤᠷ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ | ᠲᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠲᠦᠷᠦᠯ ᠤᠨ ᠰᠢᠶᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠲᠡᠬᠦᠰ | ᠠᠮᠵᠢᠯᠲᠠ ᠲᠠᠢ ᠪᠡᠶᠡᠯᠡᠬᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠤᠷᠤᠭᠰᠢᠲᠠᠶ | ᠡᠬᠢᠯᠡᠬᠦᠯᠦᠨ᠂ ᠡᠵᠡᠨ ᠬᠤᠷᠤᠭ᠎ᠠ ᠶᠢᠨ ᠨᠡᠶᠢᠭᠡᠮ ᠵᠢᠷᠤᠮ ᠤᠨ ᠤᠳᠤᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ | ᠰᠢᠨ᠎ᠡ ᠠᠶᠠᠨ ᠵᠠᠮ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | ᠦ᠋ ᠶᠦᠨ ᠵᠢᠭᠠᠬᠤ ᠳᠠᠭᠠᠨ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ | ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ ᠦᠨᠡᠨ ᠪᠣᠳᠠᠲᠠᠶ ᠪᠠᠷ ᠠᠵᠢᠯᠯᠠᠵᠤ᠂ ᠦᠶᠯᠡ ᠠᠵᠢᠯᠯᠠᠭ᠎ᠠ ᠪᠠᠨ | ᠳᠡᠭᠡᠳᠦᠯᠡᠨ᠂ ᠰᠢᠨ᠎ᠡ ᠠᠵᠠ ᠲᠣᠬᠢᠶᠠᠯ ᠢ ᠠᠳᠬᠤᠵᠤ᠂ ᠰᠢᠨ᠎ᠡ ᠥᠷᠢᠰᠥᠯᠳᠦᠭᠡᠨ ᠢ ᠠᠷᠭᠠᠴᠠᠭᠠᠨ᠂ ᠰᠡᠳᠬᠢᠯ ᠢᠶᠠᠨ | ᠨᠢᠭᠡᠳᠬᠡᠵᠤ ᠬᠦᠴᠦ ᠪᠠᠨ ᠬᠠᠮᠲᠤᠳᠬᠠᠨ ᠲᠥᠷᠥᠯ ᠵᠦᠶᠯ ᠢ ᠠᠳᠬᠤᠵᠤ᠂ ᠨᠢᠬᠡ ᠰᠡᠳᠬᠢᠯ ᠨᠢᠬᠡ ᠵᠣᠷᠢᠭ ᠢᠶᠠᠷ | ᠬᠦᠭᠵᠢᠯᠳᠡ ᠶᠢ ᠰᠦᠪᠡᠭᠴᠢᠯᠡᠵᠦ᠂ ᠲᠡᠭᠦᠰ ᠠᠮᠵᠢᠯᠲᠠ ᠲᠠᠢ ᠪᠠᠷ ᠪᠥᠬᠦ ᠵᠢᠯ ᠤᠨ ᠡᠯ᠎ᠡ ᠲᠦᠷᠦᠯ ᠤᠨ ᠬᠠᠷᠠᠯᠲᠠ | ᠡᠭᠦᠷᠭᠡ ᠪᠠᠨ ᠪᠡᠶᠡᠯᠡᠭᠦᠯᠪᠡ᠃ ᠭᠤᠤᠯ ᠠᠵᠢᠯ ᠤᠨ ᠢᠯᠡᠷᠡᠯ ᠨᠢ᠄ ᠨᠡᠮᠡᠭᠳᠡᠯ ᠢᠶᠠᠨ ᠲᠤᠭᠳᠠᠪᠤᠷᠢᠵᠢᠭᠤᠯᠬᠤ ᠶᠢ | ᠳᠣᠪᠤᠶᠢᠯᠭᠠᠵᠤ᠂ ᠪᠦᠬᠦᠯᠢ ᠴᠣᠭᠴᠠ ᠶᠢᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠰᠠᠶᠢᠵᠢᠷᠠᠪᠠ︔ | ᠪᠦᠲᠦᠴᠡ ᠪᠠᠨ ᠲᠣᠬᠢᠷᠠᠭᠤᠯᠬᠤ ᠶᠢ ᠳᠣᠪᠤᠶᠢᠯᠭᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ | ᠯᠠᠪᠳᠠᠭᠤᠨ ᠪᠠᠲᠤᠲᠠᠶ ᠠᠯᠬᠤᠮ ᠢ ᠡᠬᠢᠯᠡᠬᠦᠯᠪᠡ︔ ᠣᠷᠴᠢᠨ ᠲᠣᠭᠤᠷᠢᠨ ᠢᠶᠠᠨ ᠰᠢᠯᠢᠳᠡᠭᠵᠢᠬᠦᠯᠬᠦ ᠶᠢ ᠳᠣᠪᠤᠶᠢᠯᠭᠠᠵᠤ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠦᠳᠡᠯᠬᠡᠭᠴᠢ ᠬᠦᠴᠦᠨ ᠲᠠᠰᠤᠷᠠᠯᠲᠠ ᠥᠬᠡᠶ ᠴᠢᠩᠭᠠᠷᠠᠪᠠ︔ | ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠬᠤ ᠶᠢ ᠳᠣᠪᠤᠶᠢᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠦᠷᠭᠦᠯᠵᠢᠯᠡᠨ ᠰᠠᠶᠢᠵᠢᠷᠠᠪᠠ︔ ᠠᠭᠤᠰᠤᠯᠴᠠᠯ ᠢᠶᠠᠨ ᠠᠬᠢᠭᠤᠯᠬᠤ ᠶᠢ ᠳᠣᠪᠤᠶᠢᠯᠭᠠᠵᠤ᠂ ᠬᠤᠲᠠ ᠬᠥᠳᠡᠭᠡ ᠶᠢᠨ | ᠬᠥᠭᠵᠢᠯᠲᠡ ᠶᠢᠨ ᠬᠢᠷᠢ ᠲᠦᠪᠰᠢᠨ ᠳᠤ ᠬᠦᠴᠦᠨ ᠴᠢᠳᠠᠪᠤᠷᠢ ᠣᠯᠭᠤᠵᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ︔ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠳᠣᠪᠤᠶᠢᠯᠭᠠᠵᠤ᠂ ᠠᠷᠠᠳ ᠤᠨ ᠠᠮᠢᠳᠤᠷᠠᠯ ᠢ ᠨᠠᠩ ᠵᠣᠯ | ᠵᠢᠷᠭᠠᠯ ᠲᠠᠢ ᠰᠠᠶᠢᠨ ᠰᠠᠶᠢᠬᠠᠨ ᠪᠣᠯᠭᠠᠪᠠ︔ ᠵᠠᠰᠠᠯᠳᠠ ᠪᠠᠨ ᠴᠢᠩᠭᠠᠳᠬᠠᠬᠤ ᠶᠢ ᠲᠤᠪᠤᠶᠢᠯᠭᠠᠵᠤ᠂ ᠨᠡᠶᠢᠭᠡᠮ ᠤᠨ ᠶᠡᠭᠡ | ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠪᠠ︔ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ | ᠳᠣᠪᠤᠶᠢᠯᠭᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ | ︔ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠶᠠᠷ ᠢ | ᠬᠦᠷᠢᠶᠡᠯᠡᠵᠦ ᠬᠠᠷᠠᠭᠠᠯᠵᠠᠨ ᠠᠰᠠᠷᠠᠬᠤ᠂ ᠡᠮᠡᠭᠲᠡᠶᠢᠴᠦᠳ ᠬᠡᠦᠬᠡᠳ᠂ ᠠᠮᠤ ᠪᠤᠳᠠᠭ᠎ᠠ ᠬᠠᠩᠭᠠᠨ ᠪᠣᠷᠣᠯᠠᠭᠤᠯᠬᠤ᠂ | ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠴᠠᠭ | ᠠᠭᠤᠷ᠂ ᠲᠤᠭ᠎ᠠ ᠪᠦᠷᠢᠳᠬᠡᠯ᠂ ᠲᠠᠩᠰᠠ ᠡᠪᠬᠡᠮᠡᠯ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠵᠡᠮᠳᠡᠭᠴᠦᠳ ᠤᠨ ᠬᠤᠯᠪᠤᠭᠠᠳᠤ ᠬᠤᠷᠠᠯ᠂ ᠤᠯᠠᠭᠠᠨ ᠵᠠᠭᠠᠯᠮᠠᠶᠢᠲᠠᠨ ᠵᠡᠷᠭᠡ ᠡᠯ᠎ᠡ ᠵᠦᠢᠯ ᠤᠨ ᠠᠵᠢᠯ ᠴᠥᠮ ᠰᠢᠨ᠎ᠡ | ᠦᠷ᠎ᠡ ᠪᠦᠲᠦᠮᠵᠢ ᠤᠯᠪᠠ ᠭᠡᠵᠠᠢ᠃ | ᠦ᠋ ᠶᠦᠨ ᠶᠠᠷᠢᠬᠤ ᠳᠠᠭᠠᠨ᠂ ᠬᠤᠶᠢᠰᠢᠳᠠ ᠶᠢᠨ ᠲᠠᠪᠤᠨ ᠵᠢᠯ ᠪᠣᠯ ᠪᠢᠳᠠ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠬᠦᠭᠵᠢᠬᠦᠯᠬᠦ ᠴᠢᠬᠤᠯᠠ ᠬᠤᠭᠤᠴᠠᠭ᠎ᠠ ᠪᠣᠯᠤᠨ᠎ᠠ᠃ ᠪᠢᠳᠡ ᠬᠥᠭᠵᠢᠯᠲᠡ ᠶᠢᠨ ᠶᠡᠷᠦᠩᠬᠡᠢ ᠪᠠᠶᠢᠳᠠᠯ ᠢ | ᠴᠢᠩᠭ᠎ᠠ ᠠᠳᠬᠤᠵᠤ᠂ ᠲᠤᠬᠢᠶᠠᠯ ᠢ ᠠᠳᠬᠤᠵᠤ᠂ ᠲᠤᠯᠤᠭᠠᠶᠢᠯᠠᠭᠴᠢ ᠠᠵᠤ ᠠᠬᠤᠶᠢᠯᠠᠯ ᠤᠨ ᠬᠦᠳᠦᠯᠥᠨ | ᠳᠠᠭᠠᠭᠤᠯᠬᠤ ᠪᠠᠷ ᠳᠠᠮᠵᠢᠨ᠂ ᠡᠨᠧᠷᠭᠢ ᠶᠢᠨ ᠦᠢᠯᠡᠳᠪᠦᠷᠢᠯᠡᠯ᠂ ᠲᠤᠨᠤᠭ ᠲᠦᠬᠦᠬᠡᠷᠦᠮᠵᠢ ᠦᠢᠯᠡᠳᠬᠦ᠂ ᠬᠡᠷᠡᠭᠯᠡᠭᠡᠨ ᠤ | ᠵᠢᠱᠢᠶ᠎ᠡ ᠦᠵᠡᠭᠦᠯᠬᠦ ᠰᠢᠨ᠎ᠡ ᠡᠨᠧᠷᠭᠢ ᠶᠢᠨ ᠠᠵᠤ ᠦᠢᠯᠡᠰ ᠤᠨ ᠰᠦᠷᠦᠭᠵᠢᠯ ᠢ ᠲᠦᠷᠭᠡᠨ ᠪᠠᠶᠢᠭᠤᠯᠵᠤ᠂ ᠰᠢᠨ᠎ᠡ | ᠡᠨᠧᠷᠭᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠤᠷᠢᠳ ᠢᠶᠠᠷ ᠡᠵᠡᠯᠡᠨ᠎ᠡ᠃ ᠬᠤᠶᠢᠰᠢᠳᠠ ᠶᠢᠨ ᠲᠠᠪᠤᠨ ᠵᠢᠯ | ᠪᠤᠯ ᠪᠢᠳᠠ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠬᠦᠨᠵᠡᠬᠡᠶᠢᠷᠡᠬᠦᠯᠬᠦ ᠵᠠᠩᠭᠢᠯᠠᠭ᠎ᠠ ᠶᠢᠨ ᠲᠤᠬᠢᠶᠠᠯ ᠤᠨ | ᠬᠤᠭᠤᠴᠠᠭ᠎ᠠ ᠪᠤᠯᠤᠨ᠎ᠠ᠃ ᠪᠢᠳᠡ ᠨᠡᠭᠦᠷᠡᠰᠦᠨ ᠤ ᠠᠵᠤ ᠦᠢᠯᠡᠰ ᠤᠨ ︽ᠰᠠᠭᠤᠷᠢ ᠴᠢᠯᠠᠭᠤ︾ ᠶᠢᠨ ᠦᠢᠯᠡᠳᠦᠯ ᠢᠶᠠᠨ | ᠰᠠᠶᠢᠲᠤᠷ ᠪᠠᠳᠠᠷᠠᠭᠤᠯᠬᠤ ᠪᠠᠷ ᠪᠠᠷᠠᠬᠤ ᠦᠬᠡᠢ᠂ ᠡᠨᠧᠷᠭᠢ ᠶᠢᠨ ᠪᠦᠲᠦᠴᠡ ᠳᠤ ᠯᠠᠪᠳᠠᠭᠤᠨ ᠢᠶᠠᠷ ᠲᠣᠬᠢᠷᠠᠭᠤᠯᠤᠯᠲᠠ | ᠬᠢᠵᠦ᠂ ᠪᠠᠰᠠ ᠬᠦᠬᠡᠬᠤᠳᠠ ᠪᠤᠭᠤᠳᠤ ᠤᠷᠳᠤᠰ ᠲᠡᠮᠡᠬᠡᠳᠦ ᠶᠢᠨ ᠰᠢᠨ᠎ᠡ ᠨᠢᠬᠡ ᠡᠬᠡᠯᠵᠢ ᠶᠢᠨ ᠰᠢᠨᠵᠢᠯᠡᠭᠡ ᠮᠡᠷᠬᠡᠵᠢᠯ | ᠢᠶᠠᠷ ᠬᠦᠳᠦᠯᠦᠨ ᠲᠠᠶᠢᠴᠢᠯᠠᠬᠤ᠂ ᠪᠤᠬᠢᠷᠳᠤᠯ ᠦᠬᠡᠢ ᠪᠠᠷ ᠬᠡᠯᠪᠡᠷᠢ ᠪᠠᠨ ᠬᠤᠪᠢᠷᠠᠭᠤᠯᠬᠤ ᠦᠷᠨᠢᠯᠳᠡ ᠶᠢ ᠲᠠᠭᠠᠵᠤ᠂ | ︽ᠲᠦᠷᠪᠡᠨ ᠤᠯᠠᠨ ᠲᠦᠷᠪᠡᠨ ᠴᠦᠬᠡᠨ︾ ᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠪᠦᠬᠦ ᠬᠦᠴᠦ ᠪᠠᠷ ᠣᠯᠠᠨ | ᠡᠨᠧᠷᠭᠢ ᠪᠠᠷ ᠬᠠᠷᠢᠯᠴᠠᠨ ᠨᠥᠬᠦᠪᠥᠷᠢᠯᠡᠬᠦ᠂ ᠣᠯᠠᠨ ᠠᠵᠢᠯ ᠲᠥᠷᠥᠯ ᠢ ᠵᠡᠷᠭᠡ ᠪᠠᠷ ᠠᠬᠢᠭᠤᠯᠬᠤ᠂ ᠣᠯᠠᠨ ᠴᠡᠭ ᠲᠤ | ᠲᠤᠯᠭᠠᠭᠤᠷᠢᠯᠠᠬᠤ᠂ ᠣᠯᠠᠨ ᠡᠰᠢᠵᠢᠬᠦᠯᠦᠨ ᠬᠥᠭᠵᠢᠭᠦᠯᠬᠦ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ | ᠪᠠᠶᠢᠭᠤᠯᠵᠤ᠂ ᠡᠷᠡᠰ ᠭᠤᠶᠢᠪᠢᠰᠢ ᠥᠬᠡᠶ ᠪᠠᠷ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ᠃ | ᠬᠤᠶᠢᠰᠢᠳᠠ ᠶᠢᠨ ᠲᠠᠪᠤᠨ ᠵᠢᠯ ᠪᠤᠯ ᠪᠢᠳᠠ ᠬᠠᠮᠲᠤ ᠪᠠᠷ | ᠴᠢᠨᠡᠭᠡᠯᠢᠭᠵᠢᠬᠦ ᠶᠢ ᠦᠢᠯᠡᠳᠦᠯᠬᠡᠵᠢᠬᠦᠯᠬᠦ ᠰᠢᠵᠢᠷ ᠠᠯᠳᠠᠨ ᠬᠤᠭᠤᠴᠠᠭ᠎ᠠ ᠪᠣᠯᠤᠨ᠎ᠠ᠃ ᠪᠢᠳᠡ ᠪᠥᠬᠦ ᠠᠷᠠᠳ ᠲᠦᠮᠡᠨ ᠤ | ᠬᠠᠮᠲᠤ ᠪᠠᠷ ᠴᠢᠨᠡᠬᠡᠯᠢᠭᠵᠢᠬᠦ ᠶᠢ ᠠᠬᠢᠭᠤᠯᠬᠤ ᠶᠢ ᠨᠠᠩ ᠴᠢᠬᠤᠯᠠ ᠪᠠᠶᠢᠷᠢᠨ ᠳᠤ ᠲᠠᠯᠪᠢᠵᠤ᠂ ᠬᠥᠭᠵᠢᠯᠲᠡ ᠲᠡᠩᠴᠡᠭᠦᠷᠢ | ᠥᠬᠡᠶ ᠬᠦᠢᠴᠡᠳ ᠪᠤᠰᠤ ᠠᠰᠠᠭᠤᠳᠠᠯ ᠢ ᠲᠦᠷᠬᠡᠳᠬᠡᠨ ᠰᠢᠢᠳᠪᠦᠷᠢᠯᠡᠵᠦ᠂ ᠬᠤᠲᠠ ᠬᠥᠳᠡᠭᠡ ᠶᠢᠨ ᠵᠥᠷᠢᠶ᠎ᠡ᠂ | ᠣᠷᠣᠯᠭ᠎ᠠ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ | ᠦᠷ᠎ᠡ ᠪᠦᠲᠦᠭᠡᠯ ᠢ ᠴᠢᠷᠮᠠᠶᠢᠨ ᠪᠣᠶ ᠪᠣᠯᠭᠠᠵᠤ᠂ ᠬᠠᠮᠲᠤ ᠪᠠᠷ ᠴᠢᠨᠡᠬᠡᠯᠢᠭᠵᠢᠬᠦ ᠶᠢ ᠪᠡᠶᠡᠯᠡᠭᠦᠯᠬᠦ ᠳᠤ ︽ᠡᠵᠡᠨ | ᠬᠤᠷᠤᠭ᠎ᠠ︾ ᠶᠢᠨ ᠲᠤᠷᠰᠢᠯᠭ᠎ᠠ ᠬᠠᠩᠭᠠᠨ᠎ᠠ ᠭᠡᠪᠡ᠃ | ᠡᠤ ᠶᠦᠨ ᠢᠯᠡᠳᠬᠡᠯ ᠳᠡᠭᠡᠨ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ | ᠶᠡᠷᠦᠩᠬᠡᠶ ᠰᠡᠳᠬᠢᠴᠡ ᠶᠢ ᠲᠤᠷᠠᠳᠴᠤ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ | ᠲᠦᠯᠦᠪᠵᠢᠬᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠪᠦᠷᠢᠨ | ᠪᠦᠲᠦᠨ᠂ ᠵᠦᠪ ᠣᠨᠣᠪᠴᠢᠲᠠᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ | ᠠᠭᠤᠰᠤᠯᠴᠠᠵᠤ᠂ ᠯᠠᠪᠳᠠᠭᠤᠨ ᠢ ᠪᠠᠷᠢᠮᠲᠠᠯᠠᠨ᠂ ᠲᠣᠭᠲᠠᠭᠤᠨ ᠤ ᠲᠤᠮᠳᠠ ᠤᠷᠤᠭᠰᠢᠯᠠᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠨ᠂ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠳᠠᠯᠠᠵᠤ᠂ ᠡᠬᠢ | ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠲᠡᠷᠢᠬᠦᠯᠡᠨ | ᠵᠠᠮᠨᠠᠵᠤ᠂ ᠣᠳᠣᠬᠢᠴᠢᠯᠠᠭᠰᠠᠨ ᠡᠵᠡᠨ ᠬᠤᠷᠤᠭ᠎ᠠ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠵᠦ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢ ᠶᠢᠨ ᠬᠥᠭᠵᠢᠯᠲᠡ ᠶᠢᠨ ᠰᠢᠨ᠎ᠡ ᠠᠶᠠᠨ ᠵᠠᠮ ᠢ | ᠡᠬᠢᠯᠡᠬᠦᠯᠦᠨ᠎ᠡ︕ | ᠦ᠋ ᠶᠦᠨ ᠵᠢᠭᠠᠬᠤ ᠳᠠᠭᠠᠨ᠂ ᠡᠨᠡ ᠬᠦ ᠶᠡᠷᠦᠩᠬᠡᠶ ᠰᠡᠳᠬᠢᠴᠡ ᠶᠢᠨ ᠲᠣᠭᠤᠷᠢᠨ ᠳᠤ᠂ ᠭᠤᠤᠯ ᠲᠡᠮᠡᠴᠡᠬᠦ | ᠬᠠᠷᠠᠯᠲᠠ ᠪᠣᠯ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠥᠨ ᠳᠠᠭᠠᠭᠤᠯᠬᠤ ᠣᠷᠣᠨ ᠢ ᠤᠷᠢᠳ ᠢᠶᠠᠷ ᠪᠥᠲᠥᠭᠡᠨ | ᠪᠠᠶᠢᠭᠤᠯᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠵᠢᠱᠢᠶ᠎ᠡ ᠦᠵᠡᠭᠦᠯᠬᠦ ᠣᠷᠣᠨ ᠢ ᠤᠷᠢᠳ ᠢᠶᠠᠷ | ᠪᠥᠲᠥᠭᠡᠨ ᠪᠠᠶᠢᠭᠤᠯᠵᠤ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠭᠰᠡᠨ ᠥᠯᠢᠭᠡᠷ ᠳᠠᠭᠤᠷᠢᠶᠠᠯ ᠣᠷᠣᠨ ᠢ | ᠤᠷᠢᠳ ᠢᠶᠠᠷ ᠪᠥᠲᠥᠭᠡᠨ ᠪᠠᠶᠢᠭᠤᠯᠵᠤ᠂ ᠬᠠᠮᠲᠤ ᠪᠠᠷ ᠴᠢᠨᠡᠬᠡᠯᠢᠭᠵᠢᠭᠰᠡᠨ ᠵᠢᠱᠢᠶᠡᠴᠢ ᠣᠷᠣᠨ ᠢ ᠤᠷᠢᠳ ᠢᠶᠠᠷ | ᠪᠥᠲᠥᠭᠡᠨ ᠪᠠᠶᠢᠭᠤᠯᠤᠨ᠎ᠠ ᠭᠡᠪᠡ᠃ | ᠦ᠋ ᠶᠦᠨ ᠴᠢᠬᠤᠯᠠᠴᠢᠯᠠᠬᠤ ᠳᠠᠭᠠᠨ᠂ 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ | ᠬᠤᠷᠠᠯᠳᠤᠭᠤᠯᠬᠤ ᠵᠢᠯ ᠪᠣᠯᠤᠨ᠎ᠠ᠂ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠨᠢ ᠣᠨᠴᠠᠭᠠᠢ ᠴᠢᠬᠤᠯᠠ ᠠᠴᠢ | ᠬᠤᠯᠪᠣᠭᠳᠠᠯ ᠲᠠᠢ ᠶᠤᠮ᠃ ᠪᠠᠷᠢᠮᠵᠢᠶᠠᠯᠠᠨ ᠬᠠᠷᠭᠤᠭᠤᠯᠵᠤ᠂ ᠬᠡᠪ ᠳᠠᠭᠤᠷᠢᠶᠠᠯ ᠢ ᠳᠡᠭᠡᠭᠰᠢᠯᠡᠭᠦᠯᠦᠨ᠂ ᠲᠣᠭᠲᠠᠭᠤᠨ | ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ᠂ ᠲᠣᠭᠲᠠᠭᠤᠨ ᠤ ᠳᠤᠮᠳᠠ ᠶᠠᠰᠤ | ᠴᠢᠨᠠᠷ ᠢ ᠳᠡᠭᠡᠭᠰᠢᠯᠡᠭᠦᠯᠦᠨ᠂ ᠭᠤᠤᠯᠳᠠᠯᠭ᠎ᠠ ᠶᠢ ᠳᠣᠪᠤᠶᠢᠯᠭᠠᠨ ᠣᠨᠢᠨ ᠳᠡᠭᠡᠷ᠎ᠡ ᠨᠢ ᠬᠦᠴᠦᠯᠡᠵᠦ᠂ ᠪᠥᠬᠦ ᠵᠢᠯ ᠤᠨ | ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠶ ᠭᠡᠪᠡ᠃ | ᠦ᠋ ᠶᠦᠨ ᠢᠯᠡᠳᠬᠡᠯ ᠳᠡᠭᠡᠨ 2022 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ | ᠵᠢᠱᠢᠭᠰᠡᠨ ᠬᠠᠷᠠᠯᠲᠠ ᠶᠢ ᠳᠤᠷᠠᠳᠪᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% | ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 40% ᠠᠴᠠ ᠲᠡᠭᠡᠭᠰᠢ ᠬᠦᠷᠬᠡᠵᠦ | ᠂ 150 ᠳ᠋ᠦᠩᠰᠢᠭᠤᠷ ᠲᠦᠭᠦᠷᠢᠭ ᠲᠤ ᠬᠦᠷᠬᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠬᠤᠲᠠ ᠶᠢᠨ ᠱᠠᠲᠤᠨ ᠠᠴᠠ | ᠪᠠᠭᠤᠯᠭᠠᠭᠰᠠᠨ ᠡᠨᠧᠷᠭᠢ ᠶᠢ ᠠᠷᠪᠢᠯᠠᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ | ᠡᠭᠦᠷᠭᠡ ᠶᠢ ᠪᠡᠶᠡᠯᠡᠭᠦᠯᠦᠨ᠎ᠡ ᠭᠡᠪᠡ᠃ | ᠦ᠋ ᠶᠦᠨ ᠵᠢᠭᠠᠬᠤ ᠳᠠᠭᠠᠨ᠂ 2022 ᠣᠨ ᠳᠤ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠬᠢᠨ᠎ᠡ᠄ | ᠬᠡᠯᠪᠡᠷᠢ ᠪᠠᠨ ᠬᠤᠪᠢᠷᠠᠭᠤᠯᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠪᠣᠬᠢᠷᠲᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠳᠦ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ | ᠡᠮᠦᠨ᠎ᠡ ᠨᠢ ᠬᠤᠰᠢᠭᠤᠷᠠᠵᠤ᠂ ᠵᠢᠱᠢᠶ᠎ᠡ ᠦᠵᠡᠭᠦᠯᠦᠨ᠎ᠡ︔ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ | ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠬᠦ ᠲᠠᠯ᠎ᠠ ᠪᠠᠷ ᠡᠮᠦᠨ᠎ᠡ ᠨᠢ ᠬᠤᠰᠢᠭᠤᠷᠠᠵᠤ | ᠂ ᠵᠢᠱᠢᠶ᠎ᠡ ᠦᠵᠡᠭᠦᠯᠦᠨ᠎ᠡ︔ | ᠬᠠᠮᠠᠭᠠᠯᠠᠯᠳᠠ ᠵᠠᠰᠠᠯᠳᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠮᠠᠷᠠᠲᠤ ᠬᠢᠯᠢ ᠶᠢᠨ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠵᠢᠱᠢᠶ᠎ᠡ | ᠦᠵᠡᠭᠦᠯᠦᠨ᠎ᠡ︔ | ᠶᠠᠰᠤ ᠴᠢᠨᠠᠷ ᠢᠶᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢᠨ ᠤᠷᠤᠰᠢᠨ | ᠰᠠᠭᠤᠷᠢᠰᠢᠬᠤ ᠳᠤ ᠲᠣᠬᠢᠷᠠᠮᠵᠢᠲᠠᠶ ᠴᠡᠴᠡᠷᠯᠢᠭ ᠤᠨ ᠬᠤᠲᠠ ᠶᠢ ᠪᠠᠶᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ | ᠵᠢᠱᠢᠶ᠎ᠡ ᠦᠵᠡᠭᠦᠯᠦᠨ᠎ᠡ︔ | ᠦᠵᠡᠰᠬᠦᠯᠡᠩᠲᠦ ᠰᠠᠶᠢᠬᠠᠨ ᠴᠢᠨᠡᠬᠡᠯᠢᠭᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ | ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠠᠯ᠎ᠠ ᠪᠠᠷ ᠡᠮᠦᠨ᠎ᠡ ᠨᠢ | ᠬᠤᠰᠢᠭᠤᠷᠠᠵᠤ᠂ ᠵᠢᠱᠢᠶ᠎ᠡ ᠦᠵᠡᠭᠦᠯᠦᠨ᠎ᠡ︔ | ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ | ᠪᠡᠶᠡᠯᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠵᠢᠱᠢᠶ᠎ᠡ ᠦᠵᠡᠭᠦᠯᠦᠨ᠎ᠡ | ᠃ | ᠦ᠋ ᠶᠦᠨ ᠪᠠᠰᠠ ᠤᠯᠤᠰ ᠲᠥᠷᠥ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠬᠤ᠂ ᠴᠢᠩᠭ᠎ᠠ ᠠᠳᠬᠤᠨ ᠪᠣᠳᠠᠲᠠᠶ ᠠᠵᠢᠯᠯᠠᠵᠤ | ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠲᠥᠪ ᠭᠤᠤᠯᠴᠢ ᠠᠷᠢᠭᠤᠨ ᠴᠢᠬᠡᠴᠢ ᠳᠦᠷᠢ ᠲᠥᠷᠬᠦ ᠶᠢ ᠪᠠᠲᠤᠯᠠᠬᠤ | ᠵᠡᠷᠭᠡ ᠲᠠᠯ᠎ᠠ ᠪᠠᠷ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠪᠠᠶᠢᠭᠤᠯᠤᠨ᠎ᠠ ᠭᠡᠵᠦ ᠳᠤᠷᠠᠳᠪᠠ᠃ | ᠡᠤ ᠶᠦᠨ ᠬᠠᠮᠤᠭ ᠰᠡᠭᠦᠯ ᠳᠤ ᠶᠠᠷᠢᠬᠤ ᠳᠠᠭᠠᠨ᠂ ᠰᠢᠨ᠎ᠡ ᠠᠶᠠᠨ ᠵᠠᠮ ᠳᠤ᠂ ᠪᠢᠳᠡ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠡᠭᠦᠷᠢᠳᠡ ᠥᠯᠥ ᠴᠠᠯᠠᠭᠠᠶᠢᠷᠠᠬᠤ | ᠣᠶᠤᠨ ᠰᠠᠨᠠᠭᠠᠨ ᠤ ᠳᠦᠷᠰᠦ ᠪᠠᠶᠢᠳᠠᠯ ᠪᠠ ᠴᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠣᠪᠣᠷ ᠪᠠᠶᠢᠳᠠᠯ ᠢᠶᠠᠷ᠂ | ᠪᠣᠳᠠᠲᠠᠶ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠵᠤ᠂ ᠰᠠᠶᠢᠨ ᠥᠯᠢᠭᠡᠷ ᠳᠠᠭᠤᠷᠢᠶᠠᠯ ᠪᠣᠯᠵᠣ᠂ ᠡᠬᠢ ᠪᠠᠶᠠᠯᠢᠭ ᠤᠨ | ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠲᠦᠷᠦᠭᠦᠯᠡᠨ ᠰᠠᠶᠢᠲᠤᠷ | ᠵᠠᠮᠨᠠᠵᠤ᠂ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠨ᠎ᠠ ᠬᠡᠪᠡ︕ | | | | | | | | | ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ︽ᠡᠵᠡᠨ ᠬᠤᠷᠤᠭ᠎ᠠ ᠬᠤᠰᠢᠭᠤᠨ ᠤ | 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ | ᠬᠦᠢᠴᠡᠳᠬᠡᠯ ᠪᠠᠶᠢᠳᠠᠯ ᠬᠢᠬᠡᠳ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ︾᠂ ︽ᠡᠵᠡᠨ ᠬᠤᠷᠤᠭ᠎ᠠ ᠬᠤᠰᠢᠭᠤᠨ ᠤ | 2021 ᠣᠨ ᠤ ᠲᠥᠰᠦᠪ ᠤᠨ ᠬᠦᠢᠴᠡᠳᠬᠡᠯ ᠤᠨ ᠪᠠᠶᠢᠳᠠᠯ ᠪᠠ 2022 ᠣᠨ ᠤ ᠲᠥᠰᠦᠪ ︵ᠲᠥᠰᠦᠯ︶ ᠤᠨ | ᠮᠡᠳᠡᠭᠦᠯᠦᠯᠲᠡ︾ ᠶᠢ ᠬᠢᠨᠠᠨ ᠪᠠᠶᠢᠴᠠᠭᠠᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠭᠤᠤ ᠰᠢᠶᠤᠤ ᠬᠤᠩ ︽ | ᠡᠵᠡᠨ ᠬᠤᠷᠤᠭ᠎ᠠ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶︾ ᠶᠢᠨ ᠲᠤᠬᠠᠶ | ᠲᠣᠳᠣᠷᠬᠠᠶᠢᠯᠠᠯᠲᠠ ᠬᠢᠪᠠ᠃ | ᠶᠡᠭᠡ ᠬᠤᠷᠠᠯ ᠠᠴᠠ ᠡᠵᠡᠨ ᠬᠤᠷᠤᠭ᠎ᠠ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠶ ᠵᠥᠪᠯᠡᠯ ᠪᠠᠶᠢᠭᠤᠯᠬᠤ ᠲᠤᠬᠠᠶ ᠲᠣᠭᠲᠠᠭᠠᠯ ᠪᠣᠯᠤᠨ ᠡᠵᠡᠨ | ᠬᠤᠷᠤᠭ᠎ᠠ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠤᠰᠬᠠᠶ ᠵᠥᠪᠯᠡᠯ ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠭᠡᠰᠢᠭᠦᠨ ᠤ | ᠵᠢᠱᠢᠭᠳᠡᠭᠴᠢ ᠶᠢ ᠪᠠᠲᠤᠯᠠᠬᠤ ᠠᠷᠭ᠎ᠠ ᠵᠢᠴᠢ ᠡᠵᠡᠨ ᠬᠤᠷᠤᠭ᠎ᠠ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠳᠣᠲᠣᠭᠠᠳᠤ ᠶᠠᠪᠤᠳᠠᠯ ᠬᠠᠤᠯᠢ | ᠴᠠᠭᠠᠵᠠ ᠶᠢᠨ ᠵᠥᠪᠯᠡᠯ ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠭᠡᠰᠢᠭᠦᠨ ᠤ ᠨᠡᠷᠡᠰ ᠪᠣᠯᠤᠨ | ᠡᠵᠡᠨ ᠬᠤᠷᠤᠭ᠎ᠠ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ | ᠭᠡᠰᠢᠭᠦᠨ ᠤ ᠨᠡᠷᠡᠰ ᠢ ᠪᠠᠲᠤᠯᠠᠪᠠ᠃ | ᠬᠠᠤᠯᠢ ᠳᠤ ᠲᠣᠭᠲᠠᠭᠠᠭᠰᠠᠨ ᠰᠤᠯᠠ ᠣᠷᠣᠯᠴᠠᠭᠰᠠᠳ᠂ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ | ᠳᠣᠯᠣᠳᠤᠭᠠᠷ ᠬᠤᠷᠠᠯ ᠠᠴᠠ ᠲᠣᠭᠲᠠᠭᠠᠭᠰᠠᠨ ᠰᠤᠯᠠ ᠣᠷᠣᠯᠴᠠᠭᠰᠠᠳ ᠪᠠ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠣᠷᠣᠯᠴᠠᠭᠰᠠᠨ ᠪᠥᠬᠦ ᠭᠡᠰᠢᠭᠦᠳ | ᠬᠤᠷᠠᠯ ᠳᠤ ᠰᠤᠯᠠ ᠣᠷᠣᠯᠴᠠᠪᠠ᠃ | | | | | | | |