| ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠣᠶᠤᠨᠴᠢ ᠦᠵᠡᠮᠵᠢᠲᠦ ᠣᠷᠣᠨ ᠤ ᠲᠤᠰᠬᠠᠢ | ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠬᠤᠷᠠᠯ ᠳᠡᠭᠡᠷ᠎ᠡ ᠴᠢᠩᠭᠢᠰ ᠬᠠᠭᠠᠨ ᠤ ᠣᠩᠭᠤᠨ ᠤ | ᠵᠢᠭᠤᠯᠴᠢᠯᠠᠯ ᠤᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠦᠪᠯᠡᠯ ᠤᠨ | ᠡᠷᠬᠢᠯᠡᠭᠴᠢ ᠵᠠᠩ ᠶᠢᠩ ᠶᠢᠩ ᠬᠤᠷᠠᠯ ᠢ ᠡᠷᠬᠢᠯᠡᠵᠦ᠂ ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠬᠤ ᠪᠠᠭ ᠤᠨ ᠬᠢᠨ | ᠪᠣᠯᠤᠨ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠡ᠃ | ᠬᠤᠷᠠᠯ ᠠᠴᠠ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠤ ᠣᠶᠤᠨᠴᠢ ᠦᠵᠡᠮᠵᠢᠲᠦ | ᠣᠷᠣᠨ ᠢ ᠪᠦᠲᠦᠭᠡᠨ ᠪᠠᠶᠢᠭᠤᠯᠬᠤ ᠲᠥᠰᠦᠯ ᠤᠨ ᠲᠤᠬᠠᠢ ᠬᠤᠯᠪᠣᠭᠳᠠᠯ ᠪᠦᠬᠦᠢ ᠺᠣᠮᠫᠠᠨᠢ ᠶᠢᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠨ ᠬᠥᠮᠦᠰ ᠬᠢᠨᠠᠮᠠᠭᠠᠢ ᠶᠠᠷᠢᠯᠴᠠᠭᠰᠠᠨ ᠪᠥᠭᠡᠳ ᠰᠠᠨᠠᠯ | ᠰᠠᠨᠠᠭᠤᠯᠭ᠎ᠠ ᠪᠠᠨ ᠳᠤᠷᠠᠳᠪᠡ᠃ | ᠵᠠᠩ ᠶᠢᠩ ᠶᠢᠩ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠬᠤᠷᠠᠯ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠪᠥᠭᠡᠳ ᠮᠠᠰᠢ ᠴᠢᠬᠤᠯᠠ᠂ ᠡᠨᠡ ᠨᠢ ᠵᠢᠭᠤᠯᠴᠢᠯᠠᠯ ᠤᠨ ᠣᠷᠣᠨ ᠤ ᠣᠶᠤᠨᠴᠢ ᠦᠵᠡᠮᠵᠢᠲᠦ | ᠣᠷᠣᠨ ᠵᠦᠭ ᠰᠢᠯᠵᠢᠯᠲᠡ ᠬᠢᠬᠦ ᠠᠩᠬᠠᠨ ᠤ ᠠᠯᠬᠤᠮ ᠢᠶᠠᠨ ᠠᠯᠬᠤᠬᠤ ᠪᠠᠶᠢᠳᠠᠯ ᠤᠨ ᠳᠣᠣᠷ᠎ᠠ ᠠᠰᠠᠭᠤᠳᠠᠯ ᠢᠶᠠᠷ | ᠤᠳᠤᠷᠢᠳᠤᠮᠵᠢ ᠪᠣᠯᠭᠠᠵᠤ᠂ ᠬᠠᠷᠠᠯᠲᠠ ᠪᠠᠨ ᠲᠣᠳᠣᠷᠬᠠᠶᠢᠯᠠᠬᠤ ᠵᠠᠩᠭᠢᠯᠠᠭ᠎ᠠ ᠶᠢᠨ ᠬᠤᠷᠠᠯ ᠪᠣᠯᠤᠨ᠎ᠠ᠃ ᠬᠤᠷᠠᠯ ᠠᠴᠠ | ᠱᠠᠭᠠᠷᠳᠠᠭᠰᠠᠨ ᠨᠢ᠂ ᠨᠢᠭᠡ ᠳᠤ ᠪᠦᠲᠦᠭᠡᠨ ᠪᠠᠶᠢᠭᠤᠯᠬᠤ ᠲᠥᠰᠦᠯ ᠢ ᠦᠷᠭᠦᠯᠵᠢᠯᠡᠨ ᠲᠡᠭᠦᠯᠳᠡᠷᠵᠢᠭᠦᠯᠵᠦ᠂ ᠵᠢᠷᠤᠭ | ᠲᠥᠯᠥᠪᠯᠡᠭᠡ ᠶᠢ ᠠᠯᠢ ᠲᠦᠷᠭᠡᠨ ᠢᠶᠠᠷ ᠲᠣᠭᠲᠠᠭᠠᠵᠤ᠂ ᠣᠶᠤᠨᠴᠢ ᠦᠵᠡᠮᠵᠢᠲᠦ ᠣᠷᠣᠨ ᠤ ᠲᠥᠷᠥᠯ ᠵᠦᠢᠯ ᠤᠨ | ᠠᠬᠢᠴᠠ ᠶᠢ ᠲᠦᠷᠭᠡᠳᠬᠡᠬᠦ ᠬᠡᠷᠡᠭᠲᠡᠢ᠃ ᠬᠤᠶᠠᠷ ᠲᠤ ᠴᠠᠭ ᠶᠢ ᠠᠮᠵᠢᠨ᠂ ᠳᠡᠭᠡᠷ᠎ᠡ ᠳᠣᠣᠷ᠎ᠠ ᠱᠠᠲᠤ ᠪᠠᠷ ᠢᠶᠠᠨ | ᠬᠤᠯᠪᠣᠭᠠᠯᠠᠨ ᠬᠥᠳᠡᠯᠦᠯᠴᠡᠵᠦ᠂ ᠵᠢᠱᠢᠭᠰᠡᠨ ᠴᠠᠭ ᠢ ᠴᠢᠩᠭ᠎ᠠ ᠵᠢᠷᠤᠮᠯᠠᠨ ᠡᠯ᠎ᠡ ᠲᠠᠯ᠎ᠠ ᠶᠢᠨ ᠠᠵᠢᠯ ᠢᠶᠠᠨ ᠪᠡᠶᠡᠯᠡᠭᠦᠯᠬᠦ | ᠬᠡᠷᠡᠭᠲᠡᠢ᠃ ᠭᠤᠷᠪᠠ ᠳᠤ ᠠᠵᠢᠯ ᠤᠨ ᠬᠠᠷᠢᠭᠤᠴᠠᠯᠭ᠎ᠠ᠂ ᠬᠠᠷᠢᠯᠴᠠᠨ ᠬᠠᠮᠵᠢᠯᠴᠠᠬᠤ ᠶᠢ ᠴᠢᠩᠭᠠᠳᠬᠠᠨ ᠱᠠᠯᠠᠪᠳᠠᠨ | ᠠᠵᠢᠯᠯᠠᠵᠤ᠂ ᠣᠶᠤᠨᠴᠢ ᠦᠵᠡᠮᠵᠢᠲᠦ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠠᠶᠢᠲᠤᠷ | ᠠᠳᠬᠤᠨ᠂ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠤ ᠣᠶᠤᠨᠴᠢ ᠦᠵᠡᠮᠵᠢᠲᠦ ᠣᠷᠣᠨ ᠤ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠥᠨᠳᠥᠷ ᠦᠷ᠎ᠡ ᠪᠦᠲᠦᠮᠵᠢᠲᠡᠢ ᠨᠠᠶᠢᠳᠠᠪᠤᠷᠢᠵᠢᠭᠳᠠᠬᠤ ᠶᠢ | ᠪᠠᠲᠤᠯᠠᠬᠤ ᠬᠡᠷᠡᠭᠲᠡᠢ ᠭᠡᠪᠡ᠃ | | | | | | | | | | | | |