| ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ | ᠱᠦᠵᠢ ᠬᠤᠸᠠ ᠷᠦᠢ ᠹᠧᠩ ᠡᠵᠡᠨ ᠬᠤᠷᠤᠭ᠎ᠠ ᠪᠠᠯᠭᠠᠰᠤᠨ ᠤ ᠣᠷᠳᠣᠰ ᠬᠤᠲᠠ ᠶᠢᠨ ᠢᠦᠶ ᠰᠢᠩ ᠶᠤᠸᠠᠨ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠬᠦ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ ᠬᠦᠷᠴᠦ ᠸᠠᠭᠢᠶ᠋ᠢᠤ᠋ ᠦᠬᠡᠷ ᠲᠡᠵᠢᠭᠡᠨ ᠦᠷᠡᠵᠢᠭᠦᠯᠬᠦ ᠲᠥᠷᠥᠯ ᠵᠤᠶᠢᠯ ᠢ ᠪᠠᠶᠢᠴᠠᠭᠠᠨ | ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠤᠤ | ᠸᠧᠢ᠂ ᠬᠤᠰᠢᠭᠤ ᠳᠡᠳ᠋ ᠳᠠᠷᠤᠭ᠎ᠠ ᠯᠢᠦ ᠰᠢᠶᠣᠤ ᠳ᠋ᠦᠩ ᠵᠢᠴᠢ ᠬᠠᠮᠢᠶ᠎ᠠ ᠪᠦᠬᠦᠢ ᠪᠠᠯᠭᠠᠰᠤ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠬᠤᠸᠠ ᠷᠦᠢ ᠹᠧᠩ ᠲᠥᠷᠥᠯ ᠵᠤᠶᠢᠯ ᠤᠨ | ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠨ᠂ ᠦᠬᠡᠷ ᠲᠡᠵᠢᠭᠡᠨ ᠦᠷᠡᠵᠢᠭᠦᠯᠬᠦ ᠲᠥᠷᠥᠯ ᠵᠤᠶᠢᠯ ᠤᠨ ᠲᠦᠢᠮᠣ | ᠪᠠᠶᠢᠳᠠᠯ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠲᠡᠵᠢᠭᠡᠨ ᠠᠷᠠᠴᠢᠯᠠᠬᠤ ᠬᠠᠮᠢᠶᠠᠷᠤᠯᠲᠠ᠂ | ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠵᠢᠴᠢ ᠮᠠᠯᠴᠢᠨ ᠲᠠᠷᠢᠶᠠᠴᠢᠨ ᠤ ᠠᠰᠢᠭ ᠲᠤᠰᠠ ᠯᠤᠭ᠎ᠠ ᠶᠢᠨ ᠬᠤᠯᠪᠣᠭ᠎ᠠ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠬᠤ ᠳᠤ ᠪᠠᠨ᠂ ᠸᠠᠭᠢᠶ᠋ᠢᠤ᠋ ᠦᠬᠡᠷ ᠲᠡᠵᠢᠭᠡᠨ ᠦᠷᠡᠵᠢᠭᠦᠯᠬᠦ | ᠲᠥᠷᠥᠯ ᠵᠤᠶᠢᠯ ᠪᠣᠯ ᠥᠷᠭᠡᠨ ᠠᠭᠤᠳᠠᠮ ᠵᠠᠬ᠎ᠠ ᠳᠡᠯᠭᠡᠭᠦᠷ ᠤᠨ ᠣᠷᠣᠨ ᠵᠠᠶ ᠲᠠᠢ ︽ᠪᠤᠶᠢᠵᠢᠯᠲᠠ ᠶᠢᠨ ᠬᠡᠯᠪᠡᠷᠢ︾ | ᠶᠢᠨ ᠲᠥᠷᠥᠯ ᠵᠤᠶᠢᠯ ᠪᠠᠶᠢᠵᠤ᠂ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ | ᠲᠠᠷᠢᠶᠠᠯᠠᠩ ᠮᠠᠯ ᠠᠵᠤ ᠠᠬᠤᠶ ᠶᠢᠨ ᠳᠠᠭᠠᠭᠤᠯᠤᠭᠴᠢ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ | ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ | ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠤᠳ ᠰᠢᠨᠵᠢᠯᠡᠬᠦ ᠤᠬᠠᠭᠠᠨᠴᠢᠯᠠᠭᠰᠠᠨ᠂ ᠣᠳᠣᠬᠢᠴᠢᠯᠠᠭᠰᠠᠨ ᠠᠷᠠᠴᠢᠯᠠᠨ | ᠲᠡᠵᠢᠭᠡᠬᠦ ᠬᠠᠮᠢᠶᠠᠷᠤᠯᠲᠠ ᠶᠢᠨ ᠮᠡᠷᠭᠡᠵᠢᠯ ᠢ ᠬᠡᠷᠡᠭᠯᠡᠨ᠂ ᠰᠠᠶᠢᠨ ᠡᠬᠦᠯᠳᠡᠷ ᠤᠨ ᠸᠠᠭᠢᠶ᠋ᠢᠤ᠋ ᠦᠬᠡᠷ ᠤᠨ ᠦᠷᠡᠵᠢᠯ᠂ | ᠡᠭᠦᠯᠳᠡᠷ ᠰᠣᠩᠭᠤᠨ ᠪᠤᠶᠢᠵᠢᠭᠤᠯᠬᠤ᠂ ᠳᠡᠭᠡᠳᠦ ᠲᠠᠰ ᠤᠨ ᠪᠣᠷᠳᠣᠵᠤ ᠲᠠᠷᠭᠤᠯᠠᠭᠤᠯᠬᠤ ᠵᠡᠷᠭᠡ ᠪᠦᠬᠦ ᠶᠠᠪᠤᠴᠠ ᠶᠢᠨ | ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠥᠭᠵᠢᠯᠲᠡ ᠶᠢᠨ ᠬᠠᠷᠠᠯᠲᠠ ᠪᠠᠨ ᠲᠣᠳᠣᠷᠬᠠᠶᠢᠯᠠᠨ᠂ ᠲᠡᠵᠢᠭᠡᠨ | ᠦᠷᠡᠵᠢᠭᠦᠯᠬᠦ᠂ ᠨᠢᠲᠤᠯᠬᠤ᠂ ᠨᠠᠷᠢᠯᠢᠭ ᠡᠳ᠋ᠰᠢᠭᠦᠯᠬᠦ᠂ ᠪᠣᠷᠣᠯᠠᠭᠤᠯᠬᠤ ᠵᠡᠷᠭᠡ ᠠᠵᠤ ᠤᠶᠢᠯᠡᠰ ᠤᠨ ᠬᠡᠯᠬᠢᠶ᠎ᠡ ᠶᠢ | ᠲᠠᠰᠤᠷᠠᠯᠲᠠ ᠥᠬᠡᠶ ᠤᠷᠲᠤᠳᠬᠠᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠤᠶᠢᠯᠡᠰ ᠤᠨ ᠬᠥᠭᠵᠢᠨ ᠮᠠᠨᠳᠤᠬᠤ ᠶᠢ ᠳᠠᠶᠢᠴᠢᠯᠠᠬᠤ ᠬᠡᠷᠡᠭᠲᠡᠶ | ᠃ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠲᠠᠢ ᠨᠢᠭᠲᠠ ᠬᠡᠯᠪᠡᠷᠢ ᠶᠢᠨ ᠠᠰᠢᠭ ᠲᠤᠰᠠ ᠶᠢᠨ ᠬᠤᠯᠪᠣᠭᠠᠨ ᠤ | ᠲᠣᠭᠲᠠᠴᠠ ᠶᠢ ᠪᠠᠶᠢᠭᠤᠯᠵᠤ᠂ ᠲᠡᠵᠢᠭᠡᠨ ᠦᠷᠡᠵᠢᠭᠦᠯᠬᠦ ᠲᠠᠷᠢᠶᠠᠴᠢᠨ ᠡᠷᠦᠬᠡ ᠳᠤ ᠲᠠᠷᠠᠭᠠᠴᠢ ᠶᠢᠨ ᠤᠶᠢᠯᠡᠴᠢᠯᠡᠭᠡ ᠪᠠ | ᠵᠢᠯᠣᠭᠤᠳᠣᠯᠭ᠎ᠠ ᠶᠢ ᠰᠠᠶᠢᠲᠤᠷ ᠬᠢᠵᠦ᠂ ᠠᠵᠤ ᠤᠶᠢᠯᠡᠰ ᠤᠨ ᠬᠥᠭᠵᠢᠯᠲᠡ ᠶᠢᠨ ᠠᠰᠢᠭ ᠲᠤᠰᠠ ᠶᠢ ᠨᠠᠩ ᠣᠯᠠᠨ | ᠮᠠᠯᠴᠢᠨ ᠲᠠᠷᠢᠶᠠᠴᠢᠨ ᠳᠤ ᠬᠦᠷᠲᠡᠭᠡᠬᠦ ᠬᠡᠷᠡᠭᠲᠡᠶ ᠭᠡᠪᠠ᠃ | | | | | | | | | | |