ᠲᠤᠩᠭᠠᠯᠠᠭ ᠨᠡᠶᠢᠭᠡᠮ ᠲᠣᠭᠤᠷᠢᠭ ᠳᠠᠪᠲᠠᠯᠭ᠎ᠠ ᠶᠢᠨ ᠦᠷᠦᠭᠡ ᠪᠠᠶᠢᠭᠤᠯᠵᠦ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾᠎ ᠢ ᠨᠡᠪᠳᠡᠷᠡᠬᠦᠯᠪᠡ
ᠨᠡᠶᠢᠲᠡᠯᠡᠭᠰᠡᠨ ᠴᠠᠭ᠄
2022/10/10
     ᠤᠶᠢᠷ᠎ᠠ ᠳᠤ᠂ ᠠᠯᠳᠠᠨᠰᠢᠷᠡᠭᠡ ᠪᠠᠯᠭᠠᠰᠤ ᠶᠢᠨ ᠲᠤᠩᠭᠠᠯᠠᠭ ᠨᠡᠶᠢᠭᠡᠮ ᠲᠣᠭᠤᠷᠢᠭ ᠲᠠᠭᠠᠯᠠᠮᠵᠢᠲᠠᠢ᠂ ᠳᠥᠭᠦᠮ ᠳᠥᠲᠡ ᠣᠶᠤᠨᠴᠢᠯᠠᠭᠰᠠᠨ ᠰᠤᠷᠤᠯᠴᠠᠯᠭ᠎ᠠ ᠶᠢᠨ ᠲᠤᠬᠢᠳᠠᠢ ᠭᠠᠵᠠᠷ ᠪᠤᠯᠬᠤ ︽ᠤᠭ ᠰᠠᠨᠠᠭ᠎ᠠ︾ ᠳᠠᠪᠲᠠᠯᠭ᠎ᠠ ᠶᠢᠨ  ᠦᠷᠦᠭᠡ ᠶᠢ ᠪᠠᠶᠢᠭᠤᠯᠵᠤ᠂ ᠭᠡᠷ ᠤᠨ ᠡᠭᠦᠳᠡᠨ ᠳᠤ ᠨᠣᠮ ᠤᠩᠰᠢᠵᠤ ᠰᠤᠷᠤᠯᠴᠠᠬᠤ ᠭᠠᠵᠠᠷ ᠲᠠᠢ ᠪᠤᠯᠭᠠᠨ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠪᠡ᠃      ︽ᠤᠭ ᠰᠠᠨᠠᠭ᠎ᠠ︾ ᠳᠠᠪᠲᠠᠯᠭ᠎ᠠ ᠶᠢᠨ ᠦᠷᠦᠭᠡ ᠳᠤ ᠤᠷᠤᠬᠤ ᠲᠠᠢ ᠵᠡᠷᠬᠡ ᠨᠣᠮ ᠤᠨ ᠦᠨᠦᠷ ᠬᠠᠩᠬᠤᠯᠵᠤ᠂ ᠬᠠᠷᠠᠭ᠎ᠠ ᠳᠦᠭᠦᠷᠡᠩ ᠡᠯ᠎ᠡ ᠲᠦᠷᠦᠯ ᠤᠨ ᠨᠣᠮ ᠰᠤᠳᠤᠷ ᠢ ᠨᠣᠮ ᠤᠨ ᠲᠠᠯᠪᠢᠭᠤᠷ ᠳᠡᠭᠡᠷ᠎ᠡ ᠲᠡᠷᠢ ᠲᠡᠭᠰᠢ  ᠲᠠᠯᠪᠢᠨ᠂ ᠰᠠᠭᠤᠭᠠᠯᠢ ᠠᠷᠠᠳ ᠲᠠᠭᠠᠯᠠᠮᠵᠢᠳᠠᠶᠢᠬᠠᠨ ᠨᠣᠮ ᠤᠩᠰᠢᠵᠦ ᠰᠠᠭᠤᠨ᠎ᠠ᠃ ᠡᠭᠦᠨ ᠤ ᠬᠠᠮᠲᠤ᠂ ᠬᠠᠮᠤᠭ ᠤᠨ ᠰᠠᠶᠢᠨ ᠤᠩᠰᠢᠯᠭ᠎ᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠬᠡᠷ ᠳᠣᠲᠣᠷᠠᠬᠢ ᠴᠢᠳᠠᠮᠵᠢ ᠶᠢ ᠪᠠᠶᠠᠯᠢᠭᠵᠢᠭᠤᠯᠬᠤ ᠶᠢᠨ ᠲᠥᠯᠥᠭᠡ᠂ ᠳᠠᠪᠲᠠᠯᠭ᠎ᠠ ᠶᠢᠨ ᠥᠷᠥᠭᠡ ᠨᠢ ᠨᠡᠪᠴᠢᠮᠡᠯ ᠰᠤᠷᠤᠯᠴᠠᠬᠤ ᠲᠣᠭᠤᠷᠢᠭ᠂ ᠰᠡᠯᠡᠭᠦᠴᠡᠨ ᠤᠩᠰᠢᠬᠤ ᠲᠣᠭᠤᠷᠢᠭ ᠢ ᠲᠣᠬᠢᠷᠠᠭᠤᠯᠤᠭᠰᠠᠨ ᠰᠠᠭᠤᠷᠢᠨ ᠳᠡᠭᠡᠷ᠎ᠡ ᠪᠠᠰᠠ ᠤᠷᠠᠨ ᠪᠢᠴᠢᠯᠭᠡ ᠤᠷᠠᠨ ᠵᠢᠷᠤᠭ ᠤᠨ ᠰᠣᠶᠣᠯ ᠤᠨ ᠥᠷᠥᠭᠡ᠂ ᠬᠡᠯᠡ ᠶᠠᠷᠢᠶᠠᠨ ᠤ ᠪᠤᠯᠪᠠᠰᠤᠷᠠᠯ ᠤᠨ ᠥᠷᠥᠭᠡ᠂ ᠠᠮᠠᠷᠠᠬᠤ ᠥᠷᠥᠭᠡ᠂ ᠬᠤᠭᠤᠯᠠᠨ ᠲᠢᠩᠬᠢᠮ ᠵᠡᠷᠭᠡ ᠴᠢᠳᠠᠮᠵᠢᠲᠤ ᠲᠤᠭᠤᠷᠢᠭ ᠢ ᠲᠣᠬᠢᠷᠠᠭᠤᠯᠤᠭᠰᠠᠨ ᠪᠠᠶᠢᠨ᠎ᠠ᠃      ᠲᠤᠩᠭᠠᠯᠠᠭ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠧᠩ ᠬᠤᠶ ᠰᠤᠷᠪᠤᠯᠵᠢᠯᠠᠭᠴᠢ ᠳᠤ᠄ ︽ᠣᠶᠢᠷ᠎ᠠ ᠳᠤ ᠪᠢ ᠶᠠᠭ ᠰᠢᠯᠭᠠᠯᠳᠠᠨ ᠳᠤ ᠤᠷᠤᠯᠴᠠᠬᠤ ᠪᠠᠷ ᠡᠳᠦᠷ ᠪᠦᠷᠢ ᠳᠠᠪᠲᠠᠯᠭ᠎ᠠ ᠶᠢᠨ ᠦᠷᠦᠭᠡ ᠳᠤ ᠢᠷᠡᠵᠦ ᠰᠤᠷᠤᠯᠴᠠᠵᠤ ᠪᠠᠶᠢᠨ᠎ᠠ᠂ ᠠᠳᠡ ᠮᠠᠨ ᠤ ᠬᠡᠷ ᠠᠴᠠ ᠣᠶᠢᠷᠠᠬᠠᠨ ᠪᠥᠭᠡᠳ ᠨᠠᠮ ᠵᠢᠮ᠂  ᠶᠡᠭᠡ ᠰᠠᠶᠢᠬᠠᠨ ᠪᠠᠶᠢᠨ᠎ᠠ︾ ᠭᠡᠪᠡ᠃     ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠲᠤᠩᠭᠠᠯᠠᠭ ᠨᠡᠶᠢᠭᠡᠮ ᠲᠣᠭᠤᠷᠢᠭ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠠᠷᠭ᠎ᠠ ᠬᠡᠮᠵᠢᠶ᠎ᠡ ᠠᠪᠴᠤ ᠣᠯᠠᠨ ᠢᠶᠠᠷ ᠢᠶᠠᠨ ᠬᠦᠴᠦᠯᠡᠵᠦ᠂  ᠦᠢᠯᠡᠴᠢᠯᠡᠭᠡᠨ ᠤ ᠠᠷᠭ᠎ᠠ ᠮᠠᠶ᠋ᠢᠭ᠂ ᠠᠷᠭ᠎ᠠ ᠪᠠᠷᠢᠯ ᠤᠨ ᠲᠠᠯ᠎ᠠ ᠪᠠᠷ ᠢᠳᠡᠪᠬᠢᠲᠡᠶ ᠪᠠᠷ ᠰᠢᠨ᠎ᠡ ᠶᠢ ᠡᠭᠦᠳᠴᠦ᠂ ᠲᠥᠷᠥᠯ ᠵᠦᠢᠯ ᠢᠶᠠᠷ ᠪᠠᠶᠠᠯᠢᠭ ᠨᠡᠶᠢᠭᠡᠮ ᠲᠣᠭᠤᠷᠢᠭ ᠤᠨ ᠠᠵᠢᠯᠯᠠᠭ᠎ᠠ ᠶᠢ ᠥᠷᠨᠢᠭᠦᠯᠦᠨ᠂ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠲᠦᠮᠡᠨ ᠤ ᠬᠦᠷᠳᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨ ᠬᠦ ᠨᠡᠮᠡᠭᠳᠡᠭᠦᠯᠪᠡ᠃ ᠰᠢᠨ᠎ᠡ ᠪᠠᠷ ᠪᠠᠶᠢᠭᠤᠯᠤᠭᠰᠠᠨ ᠳᠠᠪᠲᠠᠯᠭ᠎ᠠ ᠶᠢᠨ ᠦᠷᠦᠭᠡ ᠶᠢᠨ ᠶᠡᠷᠦᠩᠬᠡᠶ ᠪᠠᠷᠢᠯᠭ᠎ᠠ ᠶᠢᠨ ᠲᠠᠯᠠᠪᠠᠶ 110 ᠲᠡᠭᠰᠢ ᠳᠥᠷᠪᠡᠯᠵᠢᠨ ᠮᠧᠲᠷ ᠪᠠᠶᠢᠵᠤ᠂ 25 ᠲᠦᠮᠡᠨ ᠲᠥᠭᠦᠷᠢᠭ ᠤᠨ ᠪᠠᠯᠠ ᠤᠷᠤᠭᠤᠯᠤᠨ᠂ 5000 ᠭᠠᠷᠤᠶ ᠳᠡᠪᠲᠡᠷ ᠨᠣᠮ ᠬᠠᠳᠠᠭᠠᠯᠠᠵᠤ ᠪᠣᠶ᠃ ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠠᠴᠠ ᠦᠷᠭᠦᠯᠵᠢᠯᠡᠨ ᠰᠠᠭᠤᠭᠠᠯᠢ ᠠᠷᠠᠳ ᠤᠨ ᠵᠣᠯ ᠵᠢᠷᠭᠠᠯ ᠢᠶᠠᠷ ᠠᠵᠢᠯ ᠤᠨ ᠵᠣᠷᠢᠯᠲᠠ ᠲᠤᠰᠤᠯᠲᠠ ᠪᠠᠨ ᠪᠣᠯᠭᠠᠵᠤ᠂ ᠡᠯ᠎ᠡ ᠵᠤᠶᠢᠯ ᠤᠨ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠠᠩ ᠰᠠᠶᠢᠲᠤᠷ  ᠦᠢᠯᠡᠴᠢᠯᠡᠬᠦ ᠪᠠᠷ ᠪᠠᠶᠢᠨ᠎ᠠ᠃                          
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号